︽ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠤᠨ ᠪᠠᠷᠢᠮᠵᠢᠶ᠎ᠠ︾᠎ ᠶᠢ ᠳᠠᠷᠤᠮᠠᠯᠯᠠᠨ ᠲᠠᠷᠬᠠᠭᠠᠬᠤ ᠲᠤᠬᠠᠶ ᠦᠬᠠᠢ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/2/15
ᠴᠡᠭᠡᠯ ᠠᠭᠤᠯᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄    ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠵᠢᠷᠤᠮᠵᠢᠭᠤᠯᠵᠤ᠂ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠪᠠ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ﹀᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ ᠬᠠᠶᠢᠷᠤᠪ ᠤᠨ ᠲᠣᠬᠤᠶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠭᠠᠷᠴᠠᠭ ᠤᠨ ᠪᠠᠷᠢᠮᠵᠢᠶ᠎ᠠ ᠶᠢ ᠲᠣᠭᠲᠠᠭᠠᠵᠤ᠂ ᠡᠯ᠎ᠡ ᠨᠢᠭᠡᠴᠡ ᠯᠠᠪᠯᠠᠯᠲᠠ ᠪᠣᠯᠭᠠᠨ ᠬᠡᠷᠡᠭᠵᠢᠭᠦᠯᠦᠭᠡᠷᠡᠢ᠃    ᠨᠢᠭᠡ᠂ ᠪᠦᠬᠦ  ᠲᠤᠭᠤᠷᠢᠭ ᠤᠨ ᠬᠤᠯᠪᠣᠭᠳᠠᠯ ᠪᠦᠬᠦᠢ ᠣᠯᠠᠨ ᠨᠡᠶᠢᠲᠡ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ    ︵ᠨᠢᠭᠡ︶ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠨᠠᠰᠤᠵᠢᠯ ᠤᠨ ᠠᠰᠠᠷᠠᠮᠵᠢ᠂ ᠣᠷᠣᠰᠢᠭᠤᠯᠭ᠎ᠠ ᠶᠢᠨ ᠬᠠᠮᠢᠶᠠᠷᠤᠯᠲᠠ᠂ ᠬᠥᠳᠡᠯᠮᠦᠷᠢ ᠠᠵᠢᠯ ᠣᠯᠭᠤᠯᠲᠠ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ ᠬᠢ ᠴᠢᠬᠤᠯᠠ ᠶᠡᠭᠡ ᠤᠯᠠᠨ ᠨᠡᠶᠢᠲᠡ ᠶᠢᠨ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠠ︔    ︵ᠬᠤᠶᠠᠷ︶ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠵᠡᠷᠭᠡ ᠡᠮᠴᠢᠯᠡᠭᠡ ᠡᠷᠡᠭᠦᠯ ᠬᠠᠮᠠᠭᠠᠯᠠᠯ ᠤᠨ ᠲᠠᠯ᠎ᠠ ᠪᠠᠷ ᠬᠢ ᠴᠢᠬᠤᠯᠠ ᠶᠡᠭᠡ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ    ︵ᠭᠤᠷᠪᠠ︶ ᠰᠤᠷᠭᠠᠨ ᠬᠥᠮᠥᠵᠢᠯ ᠤᠨ ᠪᠠᠢᠭᠤᠯᠤᠯ ᠤᠨ ᠥᠭᠡᠷᠡᠴᠢᠯᠡᠯᠲᠡ᠂ ᠰᠤᠷᠤᠭᠴᠢ ᠡᠯᠰᠡᠬᠦ ᠳᠦᠷᠢᠮ ᠵᠡᠷᠭᠡ ᠰᠤᠷᠭᠠᠨ ᠬᠥᠮᠥᠵᠢᠯ ᠤᠨ ᠲᠠᠯ᠎ᠠ ᠪᠠᠷ ᠬᠢ ᠴᠢᠬᠤᠯᠠ ᠶᠡᠭᠡ ᠣᠯᠠᠨ ᠨᠡᠢᠲᠡ ᠶᠢᠨ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ    ︵ᠲᠦᠷᠪᠡ︶ ᠰᠣᠶᠣᠯ ᠵᠢᠭᠤᠯᠴᠢᠯᠠᠯ ᠤᠨ ᠪᠠᠶᠢᠭᠤᠯᠤᠯ ᠤᠨ ᠥᠭᠡᠷᠡᠴᠢᠯᠡᠯᠲᠡ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠶᠢᠨ ᠴᠢᠬᠤᠯᠠ ᠶᠡᠭᠡ ᠤᠯᠠᠨ ᠨᠡᠶᠢᠲᠡ ᠶᠢᠨ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠠ︔    ︵ᠲᠠᠪᠤ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢᠨ ᠲᠠᠯ᠎ᠠ ᠪᠠᠷ ᠬᠢ ᠴᠢᠬᠤᠯᠠ ᠶᠡᠭᠡ ᠤᠯᠠᠨ ᠨᠡᠶᠢᠲᠡ ᠶᠢᠨ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ︔    ︵ᠵᠢᠷᠭᠤᠭ᠎ᠠ︶ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ᠂ ᠡᠮ ᠤᠨ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠠᠯ᠎ᠠ ᠪᠠᠷ ᠬᠢ ᠴᠢᠬᠤᠯᠠ ᠶᠡᠭᠡ ᠤᠯᠠᠨ ᠨᠡᠶᠢᠲᠡ ᠶᠢᠨ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ︔    ︵ᠳᠤᠯᠤᠭ᠎ᠠ︶ ᠠᠮᠤᠷ ᠢ ᠬᠠᠮᠠᠭᠠᠯᠠᠬᠤ ᠬᠠᠮᠢᠶᠠᠷᠤᠯᠲᠠ᠂ ᠵᠠᠮ ᠬᠠᠷᠢᠯᠴᠠᠭᠠᠨ ᠤ ᠡᠮᠬᠢ ᠵᠢᠷᠤᠮ ᠤᠨ ᠬᠠᠮᠢᠶᠠᠷᠤᠯᠲᠠ᠂ ᠰᠦᠯᠵᠢᠶᠡᠨ ᠤ ᠠᠮᠤᠷ ᠲᠦᠪᠰᠢᠨ᠂ ᠡᠷᠦᠬᠡ ᠠᠮᠠ ᠶᠢᠨ ᠬᠠᠷᠢᠶ᠎ᠠ ᠶᠢᠨ ᠳᠦᠷᠢᠮ ᠵᠡᠷᠭᠡ ᠣᠯᠠᠨ ᠨᠡᠶᠢᠲᠡ ᠶᠢᠨ ᠠᠮᠤᠷ ᠲᠦᠪᠰᠢᠨ ᠤ ᠲᠠᠯ᠎ᠠ ᠪᠠᠷ ᠬᠢ ᠴᠢᠬᠤᠯᠠ ᠶᠡᠭᠡ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ    ︵ᠨᠠᠢᠮᠠ︶ ᠠᠶᠤᠯᠭᠦᠢ ᠦᠢᠯᠡᠳᠪᠦᠷᠢᠯᠡᠯ ᠤᠨ ᠲᠠᠯ᠎ᠠ ᠪᠠᠷ ᠬᠢ ᠴᠢᠬᠤᠯᠠ ᠶᠡᠭᠡ ᠤᠯᠠᠨ ᠨᠡᠶᠢᠲᠡ ᠶᠢᠨ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ︔    ︵ᠶᠢᠰᠦ︶ ᠵᠠᠮ ᠬᠠᠷᠢᠯᠴᠠᠭᠠᠨ ᠤ ᠲᠣᠣᠷ ᠤᠨ ᠪᠦᠲᠦᠭᠡᠨ ᠪᠠᠶᠢᠭᠤᠯᠤᠯᠲᠠ᠂ ᠬᠤᠳᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠵᠡᠷᠭᠡ ᠵᠠᠮ ᠬᠠᠷᠢᠯᠴᠠᠭ᠎ᠠ ᠲᠡᠭᠡᠭᠡᠪᠦᠷᠢ ᠶᠢᠨ ᠲᠠᠯ᠎ᠠ ᠪᠠᠷ ᠬᠢ ᠴᠢᠬᠤᠯᠠ ᠶᠡᠭᠡ ᠤᠯᠠᠨ ᠨᠡᠶᠢᠲᠡ ᠶᠢᠨ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ︔    ︵ᠠᠷᠪᠠ︶ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠠ ᠵᠠᠰᠠᠯᠲᠠ ᠶᠢᠨ ᠲᠠᠯ᠎ᠠ ᠪᠠᠷ ᠬᠢ ᠴᠢᠬᠤᠯᠠ ᠶᠡᠭᠡ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ︔    ︵ᠠᠷᠪᠠᠨ ᠨᠢᠭᠡ︶ ᠪᠦᠬᠦ ᠲᠤᠭᠤᠷᠢᠭ ᠤᠨ ᠬᠤᠯᠪᠣᠭᠳᠠᠯ ᠪᠦᠬᠦᠢ ᠣᠯᠠᠨ ᠨᠡᠶᠢᠲᠡ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠳᠤ ᠬᠤᠯᠪᠣᠭᠳᠠᠬᠤ ᠪᠤᠰᠤᠳ ᠴᠢᠬᠤᠯᠠ ᠶᠡᠭᠡ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ᠃    ᠬᠤᠶᠠᠷ᠂ ᠪᠦᠬᠦ ᠲᠤᠭᠤᠷᠢᠭ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠵᠡᠷᠭᠡ ᠲᠠᠯ᠎ᠠ ᠳᠤ ᠬᠤᠯᠪᠣᠭᠳᠠᠬᠤ ᠴᠢᠬᠤᠯᠠ ᠲᠥᠯᠥᠪᠵᠢᠭᠦᠯᠭᠡ    ︵ᠨᠢᠭᠡ︶ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ᠃    ︵ᠬᠤᠶᠠᠷ︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ︔    ︵ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠲᠠᠯ᠎ᠠ ᠶᠢᠨ ᠲᠥᠯᠥᠪᠵᠢᠭᠦᠯᠭᠡ    ︵ᠲᠦᠷᠪᠡ︶ ᠠᠵᠤ ᠦᠢᠯᠡᠰ ᠤᠨ ᠬᠥᠭᠵᠢᠯᠲᠡ ᠵᠡᠷᠭᠡ ᠲᠤᠰᠬᠠᠢ ᠲᠥᠯᠥᠪᠵᠢᠭᠦᠯᠭᠡ︔    ︵ᠲᠠᠪᠤ︶ ᠪᠤᠰᠤᠳ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ ᠲᠥᠯᠦᠪᠵᠢᠭᠦᠯᠦᠯᠭᠡ ᠃    ᠭᠤᠷᠪᠠ᠂ ᠴᠢᠬᠤᠯᠠ ᠪᠠᠶᠢᠭᠠᠯᠢ ᠶᠢᠨ ᠡᠬᠢ ᠪᠠᠶᠠᠯᠢᠭ ᠪᠠ ᠰᠣᠶᠣᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠠᠮᠠᠭᠠᠯᠠᠬᠤ ᠵᠡᠷᠭᠡ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠤᠯᠠᠨ ᠨᠡᠶᠢᠲᠡ ᠶᠢᠨ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ    ︵ᠨᠢᠭᠡ︶ ᠪᠠᠶᠢᠭᠠᠯᠢ ᠶᠢᠨ ᠥᠪ ᠬᠥᠷᠥᠩᠭᠡ ᠶᠢᠨ ᠬᠠᠮᠠᠭᠠᠯᠠᠯᠲᠠ ᠶᠢᠨ ᠲᠠᠯ᠎ᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ    ︵ᠬᠤᠶᠠᠷ︶ ᠤᠯᠤᠰ ᠤᠨ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ᠂ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠵᠡᠮᠵᠢ ᠶᠢᠨ ᠣᠷᠣᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠬᠠᠮᠠᠭᠠᠯᠠᠨ ᠨᠡᠭᠡᠭᠡᠨ ᠬᠥᠭᠵᠢᠭᠦᠯᠬᠦ ᠲᠠᠯ᠎ᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ    ︵ᠭᠤᠷᠪᠠ︶ ᠪᠤᠰᠤᠳ ᠴᠢᠬᠤᠯᠠ ᠠᠭᠤᠯᠠ᠂ ᠤᠰᠤ᠂ ᠤᠢ ᠰᠢᠭᠤᠶ᠂ ᠲᠠᠷᠢᠶ᠎ᠠ᠂ ᠨᠠᠭᠤᠷ᠂ ᠡᠪᠡᠰᠦ᠂ ᠡᠯᠡᠰᠦ ᠵᠡᠷᠭᠡ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠠᠮᠠᠭᠠᠯᠠᠬᠤ ᠲᠠᠯ᠎ᠠ ᠪᠠᠷ ᠬᠢ ᠴᠢᠬᠤᠯᠠ ᠶᠡᠭᠡ ᠤᠯᠠᠨ ᠨᠡᠶᠢᠲᠡ ᠶᠢᠨ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠪᠣᠯᠤᠨ᠎ᠠ᠃    ᠳᠥᠷᠪᠡ᠂  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ ᠭᠤᠤᠯᠳᠠᠯᠭ᠎ᠠ ᠲᠠᠢ ᠣᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ    ︵ᠨᠢᠭᠡ︶ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠠᠴᠠ ᠳᠡᠭᠡᠭᠰᠢ ︵ᠲᠤᠰ ᠲᠤᠭ᠎ᠠ ᠪᠠᠭᠲᠠᠨ᠎ᠠ︶︶ ᠴᠢᠬᠤᠯᠠ ᠶᠡᠭᠡ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠵᠥᠪᠰᠢᠶᠡᠷᠡᠬᠦ ᠪᠠ ᠬᠡᠷᠡᠭᠵᠢᠭᠦᠯᠬᠦ︔    ︵ᠬᠤᠶᠠᠷ︶ ᠲᠤᠭᠤᠷᠢᠭ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ᠴᠢᠬᠤᠯᠠ ᠶᠡᠭᠡ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠰᠢᠢᠳᠪᠦᠷᠢᠯᠡᠬᠦ ᠵᠦᠢᠯᠡᠰ᠃    ᠲᠠᠪᠤ᠂ ᠪᠦᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ᠂ ᠣᠯᠠᠨ ᠨᠡᠶᠢᠲᠡ ᠶᠢᠨ ᠴᠢᠬᠤᠯᠠ ᠶᠡᠭᠡ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠤᠰᠤᠳ ᠴᠢᠬᠤᠯᠠ ᠶᠡᠭᠡ ᠵᠦᠢᠯᠡᠰ    ︵ᠨᠢᠭᠡ︶ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ᠂ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠵᠡᠷᠭᠡ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠦᠨ᠎ᠡ ᠬᠠᠩᠰᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠴᠢᠯᠡᠭᠡᠨ ᠤ ᠦᠨ᠎ᠡ ᠬᠠᠩᠰᠢ ᠶᠢ ᠲᠣᠭᠲᠠᠭᠠᠬᠤ ᠪᠤᠶᠤ ᠲᠣᠬᠢᠷᠠᠭᠤᠯᠤᠨ᠎ᠠ᠃     ︵ᠬᠤᠶᠠᠷ︶ ᠣᠯᠠᠨ ᠨᠡᠶᠢᠲᠡ ᠶᠢᠨ ᠠᠮᠤᠷ ᠲᠥᠪᠰᠢᠨ ᠪᠠ ᠣᠯᠠᠨ ᠨᠡᠢᠲᠡ ᠶᠢᠨ ᠠᠰᠢᠭ ᠲᠤᠰᠠ ᠶᠢ ᠬᠠᠮᠠᠭᠠᠯᠠᠵᠤ᠂  ᠨᠡᠶᠢᠭᠡᠮ ᠤᠨ ᠠᠮᠤᠷ ᠲᠥᠪᠰᠢᠨ᠂ ᠨᠡᠶᠢᠭᠡᠮ ᠤᠨ ᠲᠣᠭᠲᠠᠭᠤᠨ ᠪᠠᠶᠢᠳᠠᠯ᠂ ᠨᠡᠶᠢᠭᠡᠮ ᠤᠨ ᠡᠮᠬᠢ ᠵᠢᠷᠤᠮ ᠢ ᠬᠠᠮᠠᠭᠠᠯᠠᠬᠤ ᠶᠢᠨ ᠲᠥᠯᠥᠭᠡ ᠠᠪᠤᠭᠰᠠᠨ ᠤᠷᠲᠤ ᠬᠤᠭᠤᠴᠠᠭᠠᠨ ᠤ ᠬᠢᠵᠠᠭᠠᠷᠯᠠᠯ ᠤᠨ ᠴᠢᠨᠠᠷᠲᠠᠢ ᠠᠷᠭ᠎ᠠ ᠬᠡᠮᠵᠢᠶ᠎ᠡ    ︵ᠭᠤᠷᠪᠠ︶ ᠬᠠᠭᠤᠴᠢᠨ ᠪᠠ ᠬᠠᠭᠤᠴᠢᠷᠠᠭᠰᠠᠨ ᠵᠢᠵᠢᠭ ᠲᠣᠭᠤᠷᠢᠭ ᠢ ᠥᠭᠡᠷᠡᠴᠢᠯᠡᠬᠦ᠂ ᠠᠳᠠᠯ ᠠᠬᠤᠶ ᠶᠢᠨ ᠬᠠᠮᠢᠶᠠᠷᠤᠯᠲᠠ ᠵᠡᠷᠭᠡ ᠬᠤᠲᠠ ᠶᠢᠨ ᠬᠠᠮᠢᠶᠠᠷᠤᠯᠲᠠ ᠳᠤᠮᠳᠠ ᠨᠡᠶᠢᠭᠡᠮ ᠨᠡᠶᠢᠲᠡ ᠶᠢᠨ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠶᠡᠭᠡ ᠵᠦᠢᠯᠡᠰ ᠪᠠ ᠠᠷᠭ᠎ᠠ ᠬᠡᠮᠵᠢᠶ᠎ᠡ︔    ︵ᠲᠦᠷᠪᠡ︶ ᠨᠡᠶᠢᠭᠡᠮ ᠨᠡᠶᠢᠲᠡ ᠶᠢᠨ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠪᠤᠰᠤᠳ ᠴᠢᠬᠤᠯᠠ ᠶᠡᠭᠡ ᠵᠦᠢᠯᠡᠰ ᠪᠠ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃    ᠵᠢᠷᠭᠤᠭ᠎ᠠ᠂ ᠳᠣᠤᠷᠠᠬᠢ ᠵᠦᠢᠯᠡᠰ ᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠡᠪᠴᠢᠶᠡᠨ ᠳᠤ ᠣᠷᠣᠭᠤᠯᠬᠤ ᠦᠭᠡᠢ    ︵ᠨᠢᠭᠡ︶ ᠭᠡᠨᠡᠳᠲᠡ ᠶᠢᠨ ᠬᠡᠷᠡᠭ ᠢ ᠠᠷᠭᠠᠴᠠᠭᠠᠬᠤ ᠵᠢᠴᠢ ᠪᠠᠶᠢᠭᠤᠯᠭ᠎ᠠ ᠶᠢᠨ ᠳᠣᠲᠣᠭᠠᠳᠤ ᠶᠢᠨ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ ᠭᠠᠳᠠᠭᠠᠳᠤ ᠶᠠᠪᠤᠳᠠᠯ ᠵᠡᠷᠭᠡ ᠵᠦᠢᠯᠡᠰ ᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠦᠢᠯᠡᠰ ᠤᠨ ᠬᠡᠪᠴᠢᠶ᠎ᠡ ᠪᠣᠯᠭᠠᠬᠤ ᠦᠭᠡᠢ︔    ︵ᠬᠤᠶᠠᠷ︶ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠦᠭᠡᠶ ᠪᠤᠰᠤᠳ ᠵᠦᠢᠯᠡᠰ᠃    ᠳᠣᠯᠤᠭ᠎ᠠ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠰᠠᠯᠠᠭ᠎ᠠ ᠮᠥᠴᠢᠷ    ︵ᠨᠢᠭᠡ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠨᠢ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠨ᠎ᠡ᠃    ︵ᠬᠤᠶᠠᠷ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠦᠭᠰᠡᠨ ᠵᠥᠪᠯᠡᠬᠦ ᠰᠡᠳᠦᠪ ᠵᠢᠴᠢ ᠲᠡᠭᠦᠨ ᠤ ᠳᠠᠭᠠᠯᠳᠤᠭᠤᠯᠤᠯ ᠮᠠᠲ᠋ᠧᠷᠢᠶᠠᠯ ᠨᠢ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ︔ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠡ ᠶᠢᠨ ᠮᠡᠳᠡᠭᠦᠯᠦᠭᠰᠡᠨ ᠵᠦᠢᠯᠡᠰ᠂ ᠳᠤᠷᠠᠳᠤᠭᠰᠠᠨ ᠲᠦᠭᠰᠢᠭᠦᠷᠢ ᠶᠢ ᠠᠷᠭᠠᠴᠠᠬᠤ ᠪᠣᠳᠣᠯᠭ᠎ᠠ ᠪᠤᠶᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠬᠢᠨᠠᠨ ᠬᠠᠷᠭᠤᠭᠤᠯᠵᠤ᠂ ᠭᠦᠢᠴᠡᠳᠭᠡᠬᠦ ᠪᠠᠷ ᠪᠠᠶᠢᠭ᠎ᠠ ᠰᠠᠨᠠᠯ ᠢᠶᠠᠨ ᠱᠠᠲᠤ ᠳᠠᠷᠠᠭᠠᠯᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃    ︵ᠭᠤᠷᠪᠠ︶ ᠡᠯ᠎ᠡ ᠰᠠᠯᠠᠭ᠎ᠠ ᠮᠥᠴᠢᠷ ᠪᠣᠯ ᠲᠤᠰ ᠰᠠᠯᠠᠭ᠎ᠠ ᠮᠥᠴᠢᠷ ᠤᠨ ᠢᠶᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠶᠢ ᠭᠦᠢᠴᠡᠳᠬᠡᠵᠦ᠂ ᠲᠤᠰ ᠰᠠᠯᠠᠭ᠎ᠠ ᠮᠥᠴᠢᠷ ᠤᠨ ᠢᠶᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠦᠢᠯᠡᠰ ᠤᠨ ᠭᠠᠷᠴᠠᠭ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠪᠤᠶᠤ ᠵᠠᠰᠠᠪᠤᠷᠢ ᠣᠷᠣᠭᠤᠯᠬᠤ ᠶᠢ ᠬᠠᠷᠢᠭᠤᠴᠠᠨ᠎ᠠ᠃    ︵ᠲᠦᠷᠪᠡ︶  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠥᠰᠦᠯ ᠢ ᠬᠠᠷᠢᠭᠤᠴᠠᠨ ᠲᠣᠭᠲᠠᠭᠠᠵᠤ᠂ ᠣᠯᠠᠨ ᠨᠡᠶᠢᠲᠡ ᠶᠢᠨ ᠰᠠᠨᠠᠯ᠂ ᠲᠤᠰᠬᠠᠶ ᠮᠡᠷᠭᠡᠵᠢᠯᠲᠡᠨ ᠤ ᠨᠤᠲᠠᠯᠠᠯᠲᠠ᠂ ᠲᠦᠭᠰᠢᠭᠦᠷᠢ ᠶᠢ ᠦᠨᠡᠯᠡᠨ ᠵᠢᠱᠢᠬᠦ᠂ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠥᠰᠦᠯ ᠤᠨ ᠪᠦᠷᠢᠯᠳᠦᠬᠦ ᠶᠠᠪᠤᠴᠠ ᠳᠤ ᠬᠤᠯᠪᠣᠭᠳᠠᠯ ᠪᠦᠬᠦᠢ ᠬᠤᠷᠠᠯ ᠤᠨ ᠲᠡᠮᠳᠡᠭᠯᠡᠯ᠂ ᠪᠢᠴᠢᠭ ᠤᠨ ᠮᠠᠲ᠋ᠧᠷᠢᠶᠠᠯ ᠪᠤᠶᠤ  ᠡᠯᠧᠺᠲᠷᠣᠨ  ᠪᠢᠴᠢᠭᠯᠡᠯ᠂ ᠦᠵᠡᠵᠦ ᠰᠣᠨᠣᠰᠬᠤ ᠮᠠᠲ᠋ᠧᠷᠢᠶᠠᠯ ᠵᠡᠷᠭᠡ ᠶᠢ ᠴᠤᠭᠯᠠᠭᠤᠯᠵᠤ᠂ ᠲᠠᠩᠰᠠ ᠡᠪᠬᠡᠮᠡᠯ ᠳᠤ ᠣᠷᠣᠭᠤᠯᠬᠤ ᠶᠢᠨ ᠬᠠᠮᠲᠤ ᠬᠠᠳᠠᠭᠠᠯᠠᠨ ᠬᠠᠮᠢᠶᠠᠷᠤᠨ᠎ᠠ᠃    ︵ᠲᠠᠪᠤ︶ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠲᠣᠭᠲᠠᠭᠠᠯ ᠶᠣᠰᠣᠭᠠᠷ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠢᠨᠠᠯᠲᠠ ᠲᠠᠯᠪᠢᠨ᠎ᠠ᠃    ᠨᠠᠢᠮᠠ᠂ ᠳᠠᠭᠠᠯᠳᠤᠭᠤᠯᠤᠭᠰᠠᠨ ᠳᠦᠷᠢᠮ    ︵ᠨᠢᠭᠡ︶ ᠲᠣᠰ ᠪᠠᠷᠢᠮᠵᠢᠶ᠎ᠠ ᠳᠤ ᠲᠣᠭᠲᠠᠭᠠᠭᠰᠠᠨ ᠥᠬᠡᠶ ᠵᠤᠶᠢᠯᠡᠰ ᠪᠤᠶᠤ ᠨᠢᠭᠡᠨᠲᠡ ᠲᠣᠭᠲᠠᠭᠠᠭᠰᠠᠨ ᠵᠤᠶᠢᠯᠡᠰ ᠨᠢ ᠳᠡᠭᠡᠳᠦ ᠱᠠᠲᠤᠨ ᠤ ᠬᠠᠤᠯᠢ ᠪᠤᠶᠤ ᠲᠣᠭᠲᠠᠭᠠᠯ ᠲᠠᠢ ᠵᠥᠷᠢᠴᠡᠯᠳᠦᠪᠡᠯ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾᠂ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ﹀᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠵᠢᠴᠢ ᠪᠤᠰᠤᠳ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ︵ᠬᠤᠶᠠᠷ︶ ᠲᠣᠰ ᠲᠣᠭᠲᠠᠭᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠳᠠᠭᠠᠯᠳᠤᠭᠤᠯᠤᠯ᠄ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠴᠤᠪᠤᠷᠠᠯ ᠵᠢᠷᠤᠭ                      ᠦᠬᠠᠢ ᠬᠤᠳᠠ ᠶᠢᠨ ᠬᠠᠶᠢᠷᠤᠪ ᠤᠨ ᠲᠤᠬᠤᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ                                    2024 ᠣᠨ ᠤ 2 ᠰᠠᠷ᠎ᠠ ᠶᠢᠨ 7᠎ ᠤ ᠡᠳᠦᠷ 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号