2023 ᠤᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠬᠥᠭᠵᠢᠯᠲᠡ ᠪᠠᠨ ᠲᠦᠷᠭᠡᠳᠬᠡᠬᠦ᠂ | ᠳᠠᠪᠠᠵᠤ ᠭᠠᠷᠬᠤ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ᠃ ᠬᠠᠶᠢᠷᠤᠪ ᠤᠨ ᠲᠤᠬᠤᠢ ᠲᠣᠭᠤᠷᠢᠭ ᠤᠨ ᠬᠢᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠵᠢᠯ ᠤᠨ | ᠶᠡᠭᠡ ᠲᠠᠯ᠎ᠠ ᠲᠠᠢ ᠨᠢᠭᠲᠠ ᠤᠶᠠᠯᠳᠤᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ | ᠰᠢᠯᠢᠳᠡᠭᠵᠢᠭᠦᠯᠵᠦ᠂ ᠢᠯᠡ ᠲᠣᠳᠣ᠂ ᠥᠨᠳᠥᠷ ᠪᠦᠲᠦᠮᠵᠢᠲᠡᠢ ᠪᠠ ᠲᠥᠪ ᠭᠤᠣᠯᠴᠢ ᠬᠤᠳᠠᠯᠳᠤᠭ᠎ᠠ ᠡᠷᠬᠢᠯᠡᠬᠦ | ᠣᠷᠴᠢᠨ ᠲᠣᠭᠤᠷᠢᠨ ᠢ ᠡᠭᠦᠳᠴᠦ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠲᠦᠷᠦᠯ ᠤᠨ ᠭᠤᠣᠯ | ᠴᠣᠭᠴᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠪᠣᠳᠠᠲᠤ ᠬᠦᠴᠦᠨ ᠢᠶᠠᠷ ᠬᠠᠶᠢᠷᠤᠪ ᠤᠨ | ᠲᠤᠬᠤᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ | | ᠠᠵᠤ ᠠᠬᠤᠶᠢᠯᠠᠯ ᠳᠤ ᠠᠰᠢᠭ ᠬᠦᠷᠲᠡᠭᠡᠵᠦ ᠬᠦᠴᠢᠷᠳᠡᠯ ᠢ ᠰᠢᠢᠳᠪᠦᠷᠢᠯᠡᠬᠦ ᠪᠠᠷ ᠬᠠᠷᠠᠯᠲᠠ ᠪᠣᠯᠭᠠᠵᠤ᠂ | ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠵᠤ᠂ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠭᠦᠯᠬᠦ ᠠᠯᠬᠤᠴᠠ ᠪᠠᠨ ᠲᠦᠷᠭᠡᠳᠬᠡᠪᠡ᠃ ᠭᠠᠶᠢᠯᠢ ᠰᠢᠤᠡᠭᠡᠯ ᠤᠨ ᠲᠥᠷᠥ ᠶᠢᠨ | ᠪᠤᠳᠣᠯᠭ᠎ᠠ ᠶᠢ ᠭᠦᠢᠴᠡᠤᠡ ᠬᠡᠷᠡᠭᠯᠡᠬᠦ ᠬᠡᠷᠡᠭᠲᠡᠶ᠃ ᠡᠯ᠎ᠡ ᠵᠦᠢᠯ ᠤᠨ ᠭᠠᠶᠢᠯᠢ ᠪᠤᠴᠠᠭᠠᠬᠤ ᠭᠠᠶᠢᠯᠢ ᠶᠢ ᠬᠥᠩᠭᠡᠯᠡᠬᠦ | ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠲᠡ 13. | 74 ᠳ᠋ᠦᠩᠰᠢᠭᠤᠷ ᠲᠥᠭᠦᠷᠢᠭ ᠤᠨ ᠭᠠᠶᠢᠯᠢ ᠪᠤᠴᠠᠭᠠᠵᠤ᠂ ᠭᠠᠶᠢᠯᠢ ᠶᠢ ᠤᠳᠠᠭᠠᠰᠢᠷᠠᠭᠤᠯᠤᠨ ᠰᠦᠢᠳᠬᠡᠯ ᠢ | ᠪᠠᠭᠤᠷᠠᠭᠤᠯᠤᠨ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ 1300 ᠲᠦᠮᠡᠨ | ᠲᠥᠭᠦᠷᠢᠭ ᠠᠴᠠ ᠳᠠᠪᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ | ᠦᠯᠡᠳᠡᠪᠦᠷᠢ ᠲᠣᠰ ᠲᠣᠰ 925 ᠳ᠋ᠦᠩᠰᠢᠭᠤᠷ ᠲᠥᠭᠦᠷᠢᠭ ᠪᠠ 470 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ ᠲᠣᠰ ᠲᠣᠰ 9.25% ᠪᠠ 17.76 % ᠪᠠᠷ ᠨᠡᠮᠡᠭᠳᠡᠨ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠪᠡ᠃ | | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠡᠳᠦᠷ ᠢᠷᠡᠬᠦᠶ᠎ᠡ ᠰᠢᠯᠢᠳᠡᠭᠵᠢᠪᠡ᠃ ︽ᠶᠡᠷᠦᠩᠬᠡᠶᠢᠯᠡᠭᠰᠡᠨ ᠨᠢᠭᠡ | ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠣᠷᠣᠵᠤ ᠰᠠᠭᠤᠬᠤ ᠨᠣᠷᠮ᠎ᠠ ᠶᠢ 100% ᠳᠤ ᠬᠦᠷᠭᠡᠪᠡ᠃ | ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾᠂ ︽ᠨᠢᠭᠡ ᠯᠡ ᠤᠳᠠᠭ᠎ᠠ ᠳᠤ ᠭᠦᠢᠴᠡᠳᠭᠡᠬᠦ︾ ᠵᠡᠷᠭᠡ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠦᠷᠢᠶ᠎ᠡ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠪᠡ᠃ | ︽ᠭᠡᠷᠡᠴᠢ ᠦᠨᠡᠮᠯᠡᠯ ᠢ ᠬᠠᠮᠲᠤᠷᠠᠨ ᠭᠦᠢᠴᠡᠳᠭᠡᠬᠦ︾ ᠦᠢᠯᠡᠴᠢᠯᠡᠭᠡ ᠶᠢᠨ ᠰᠢᠨ᠎ᠡ ᠶᠢ ᠡᠭᠦᠳᠴᠦ᠂ ᠥᠪᠡᠷᠲᠡᠭᠡᠨ | ᠵᠠᠰᠠᠬᠤ ᠣᠷᠣᠨ ᠳᠤ ᠭᠢᠯᠠᠰ ᠴᠡᠭ ᠤᠨ ᠠᠵᠢᠯ ᠪᠣᠯᠭᠠᠨ ᠳᠡᠯᠭᠡᠷᠡᠭᠦᠯᠪᠡ᠃ ᠬᠠᠪᠰᠤᠷᠤᠨ ᠭᠦᠢᠴᠡᠤᠡᠭᠡᠬᠦ ᠣᠷᠣᠯᠠᠨ | ᠭᠦᠢᠴᠡᠤᠡᠭᠡᠬᠦ ᠤᠶᠢᠯᠡᠴᠢᠯᠡᠭᠡ ᠨᠢ ᠦᠨᠳᠦᠰᠦᠨ ᠱᠠᠲᠤ ᠶᠢ ᠤᠷᠲᠤᠳᠬᠠᠵᠤ᠂ ᠠᠵᠤ ᠤᠶᠢᠯᠡᠰ ᠤᠨ ᠬᠦᠷᠢᠶᠡᠯᠡᠩ ᠤᠨ | ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠵᠢᠯ ᠤᠨ ᠥᠷᠲᠡᠭᠡ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ | ᠤᠶᠢᠯᠡᠴᠢᠯᠡᠭᠡ ᠨᠢ ᠰᠢᠨ᠎ᠡ ᠪᠠᠶᠢᠷᠢᠰᠢᠯ ᠠᠩᠬ᠎ᠠ ᠠᠯᠬᠤᠮ ᠦᠷ᠎ᠡ ᠪᠦᠲᠦᠮᠵᠢ ᠣᠯᠪᠠ᠃ | | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠲᠠᠰᠤᠷᠠᠯᠲᠠ ᠦᠭᠡᠢ ᠴᠢᠩᠭᠠᠷᠠᠪᠠ᠃ ᠡᠯ᠎ᠡ ᠱᠠᠲᠤᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠯᠡ ᠮᠥᠩᠭᠦ ᠶᠢ 2020 ᠲᠦᠮᠡᠨ ᠲᠥᠭᠦᠷᠢᠭ | ᠲᠠᠷᠬᠠᠭᠠᠵᠤ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠲᠤᠭ᠎ᠠ 1.5 ᠳ᠋ᠦᠩᠰᠢᠭᠤᠷ ᠲᠥᠭᠦᠷᠢᠭ ᠲᠤ | ᠬᠦᠷᠴᠦ᠂ ᠡᠭᠦᠷᠭᠡ ᠶᠢᠨ ᠭᠦᠢᠴᠡᠳᠬᠡᠯ ᠲᠤᠭ᠎ᠠ ᠶᠢ 115 % ᠪᠠᠷ ᠪᠡᠶᠡᠯᠡᠭᠦᠯᠪᠡ᠃ ᠪᠤᠭᠤᠲᠤ ᠶᠢᠨ ᠪᠤᠯᠤᠳ | ᠲᠡᠮᠤᠷ ᠤᠨ ᠺᠣᠮᠫᠠᠨᠢ ᠶᠢᠨ ᠸᠠᠨ ᠲᠧᠩ H ᠬᠡᠯᠪᠡᠷᠢ ᠶᠢᠨ ᠪᠤᠯᠤᠳ ᠲᠡᠮᠤᠷ ᠤᠨ ᠺᠣᠮᠫᠠᠨᠢ ᠶᠢᠨ ᠦᠢᠯᠡᠳᠪᠦᠷᠢᠯᠡᠯ | ᠪᠣᠷᠣᠯᠠᠭᠤᠯᠭ᠎ᠠ ᠶᠢ ᠨᠢᠭᠡ ᠴᠤᠬᠴᠠᠵᠢᠭᠤᠯᠤᠬᠰᠠᠨ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ ︽ᠣᠶᠤᠨᠴᠢ | ᠦᠢᠯᠡᠳᠬᠦ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠤᠨ ᠲᠦᠷᠦᠯ ᠵᠦᠢᠯ︾ ᠢᠶᠠᠷ ᠦᠨᠡᠯᠡᠭᠳᠡᠵᠦ᠂ ᠰᠠᠶᠢᠰᠧᠫᠦ᠋ | ᠵᠡᠷᠭᠡ 3 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠲᠡᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠲᠥᠪ ᠢ ᠠᠮᠵᠢᠯᠲᠠ ᠲᠠᠢ ᠪᠠᠶᠢᠭᠤᠯᠵᠤ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 4 | ᠰᠢᠨ᠎ᠡ ᠪᠠᠷ ᠨᠡᠮᠡᠭᠳᠡᠵᠦ᠂ ᠶᠦᠨ ᠯᠢ ᠠᠮᠢᠳᠤ ᠪᠣᠳᠠᠰ ᠵᠡᠷᠭᠡ 26 ᠠᠵᠤ ᠠᠬᠤᠶᠢᠯᠠᠯ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠪᠠᠷ ᠳᠠᠮᠵᠢᠭᠤᠯᠵᠤ᠂ | 95 ᠡᠭᠦᠳᠦᠯᠲᠡ ᠶᠢᠨ ᠲᠤᠰᠬᠠᠢ ᠠᠰᠢᠭ ᠢ ᠰᠢᠨ᠎ᠡ ᠪᠠᠷ ᠨᠡᠮᠡᠭᠳᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ | ᠲᠤᠯᠭᠠᠭᠤᠷᠢᠯᠠᠪᠠ᠃ | | ᠵᠠᠯᠭᠠᠭᠠᠳ ᠬᠠᠶᠢᠷᠤᠪ ᠤᠨ ᠲᠤᠬᠤᠢ ᠶᠢᠨ ᠬᠢᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ | ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠵᠣᠪᠠᠭᠤᠷᠢ | ᠵᠦᠳᠡᠭᠦᠷᠢ ᠶᠢ ᠲᠡᠰᠪᠦᠷᠢᠯᠡᠵᠦ᠂ ᠴᠤᠴᠠᠯᠲᠠ ᠦᠭᠡᠢ ᠤᠷᠤᠭᠰᠢᠯᠠᠬᠤ︾ ︽ᠮᠣᠩᠭᠤᠯ ᠮᠣᠷᠢᠨ ᠤ ᠵᠣᠷᠢᠭ ᠰᠠᠨᠠᠭ᠎ᠠ︾ | ᠪᠣᠯᠤᠨ ︽ᠲᠡᠰᠪᠦᠷᠢ ᠬᠠᠲᠠᠭᠤᠵᠢᠯᠲᠠᠢ ᠲᠡᠮᠡᠴᠡᠬᠦ᠂ ᠬᠠᠷᠠᠮ ᠦᠭᠡᠢ ᠵᠣᠷᠢᠭᠤᠯᠬᠤ᠂ ᠰᠢᠨᠲᠠᠷᠠᠰᠢ ᠦᠭᠡᠢ ᠴᠢᠷᠮᠠᠶᠢᠬᠤ᠂ | ᠤᠷᠳᠤ ᠬᠤᠭᠤᠴᠠᠭ᠎ᠠ ᠪᠠᠷ ᠴᠢᠷᠮᠠᠶᠢᠬᠤ︾ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠬᠡᠪᠡᠷ | ᠪᠠᠳᠠᠷᠠᠭᠤᠯᠵᠤ᠂ ᠨᠡᠩ ᠶᠡᠭᠡ ᠡᠷᠴᠢᠮ ᠪᠣᠯᠤᠨ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠦᠢᠯᠡᠰ ᠤᠨ | ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠠᠶᠢᠷᠤᠪ ᠤᠨ | ᠲᠤᠬᠤᠢ ᠶᠢᠨ ᠵᠢᠷᠤᠭ ᠢ ᠪᠢᠴᠢᠭᠯᠡᠬᠦ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ︕ | |