ᠡᠨᠡ ᠨᠢᠭᠡ ᠵᠢᠯ ᠳ᠋ᠤ᠂ ᠬᠠᠶᠢᠷᠤᠪ ᠤᠨ ᠲᠤᠬᠤᠢ ᠦᠷᠭᠦᠯᠵᠢᠯᠡᠨ ᠡᠶ᠎ᠡ ᠵᠣᠬᠢᠴᠠᠩᠭᠤᠢ ᠲᠣᠭᠲᠠᠭᠤᠨ ᠪᠠᠶᠢᠨ᠎ᠠ
ᠨᠡᠶᠢᠲᠡᠯᠡᠭᠰᠡᠨ ᠴᠠᠭ᠄
2024/2/17
    ᠠᠮᠤᠷ ᠲᠦᠪᠰᠢᠨ ᠪᠣᠯ ᠬᠥᠭᠵᠢᠯᠲᠡ ᠶᠢᠨ ᠴᠢᠬᠤᠯᠠ ᠬᠤᠷᠢᠭ᠎ᠠ ᠱᠤᠭᠤᠮ ᠮᠥᠨ᠂ ᠪᠠᠰᠠ ᠴᠤ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢᠨ ᠰᠠᠭᠤᠷᠢ ᠮᠥᠨ᠃ 2023 ᠣᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠪᠠᠷ ᠬᠠᠷᠠᠯᠲᠠ ᠪᠣᠯᠭᠠᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠬᠦ ᠪᠠᠷ ᠭᠤᠣᠯ ᠰᠢᠵᠢᠮ ᠪᠣᠯᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠶᠢᠷᠤᠪ ᠤᠨ ᠲᠤᠬᠤᠢ ᠶᠢᠨ ᠠᠵᠤ ᠠᠬᠤᠢ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠦᠴᠦᠲᠡᠢ ᠬᠠᠮᠠᠭᠠᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠪᠠ᠃
1.png   
    ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ᠎ᠡ᠃ ᠬᠠᠶᠢᠷᠤᠪ ᠤᠨ ᠲᠤᠬᠤᠢ ᠲᠣᠭᠤᠷᠢᠭ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠪᠠᠭᠠᠰᠬᠠᠬᠤ᠂ ᠵᠠᠰᠠᠭ ᠤᠨ ᠣᠷᠳᠣᠨ ᠤ ᠡᠯ᠎ᠡ ᠲᠦᠷᠦᠯ ᠤᠨ ᠲᠥᠰᠦᠪ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠬᠦ᠂ ᠡᠯ᠎ᠡ ᠲᠦᠷᠦᠯ ᠤᠨ ᠡᠳ᠋ ᠬᠦᠷᠦᠩᠭᠡ ᠶᠢ ᠵᠦᠢ ᠵᠣᠬᠢᠰᠲᠠᠢ ᠰᠢᠢᠳᠪᠦᠷᠢᠯᠡᠬᠦ᠂ ᠬᠢᠨᠠᠨ ᠬᠠᠰᠤᠬᠤ ᠵᠡᠷᠭᠡ ᠠᠷᠭ᠎ᠠ ᠬᠡᠯᠪᠡᠷᠢ ᠪᠠᠷ ᠵᠠᠰᠠᠭ ᠤᠨ ᠣᠷᠳᠣᠨ ᠤ ᠥᠷᠢ ᠥᠭᠴᠡᠭᠡ ᠶᠢ ᠪᠦᠬᠦ ᠬᠦᠴᠦᠨ ᠢᠶᠠᠷ ᠢᠶᠠᠨ ᠨᠠᠮᠳᠠᠭᠤᠯᠵᠤ᠂ ᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠥᠷᠢ ᠥᠭᠴᠡᠭᠡ ᠶᠢᠨ ᠠᠶᠤᠯ ᠲᠦᠭᠰᠢᠭᠦᠷᠢ ᠶᠢᠨ ᠵᠡᠷᠭᠡ ᠳᠡᠰ ᠢ ︽ᠤᠯᠠᠪᠢᠷ ᠤᠯᠠᠭᠠᠭᠴᠢ︾ ᠪᠣᠯᠭᠠᠪᠠ᠃
2.jpg   
    ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠬᠦᠴᠦᠨ ᠲᠠᠢ ᠬᠤᠭᠤᠴᠠᠭ᠎ᠠ ᠤᠯᠬᠤ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠢ ᠬᠢᠨᠠᠨ ᠵᠢᠯᠣᠭᠤᠳᠴᠤ ᠪᠠᠶᠢᠴᠠᠭᠠᠬᠤ ᠶᠠᠪᠤᠴᠠ ᠳᠤ᠂ ᠬᠠᠷᠢᠭᠤ ᠲᠤᠰᠬᠠᠭᠰᠠᠨ 104 ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠭᠠᠳ᠂ ᠥᠪᠡᠷᠲᠡᠭᠡᠨ ᠵᠠᠰᠠᠬᠤ ᠣᠷᠣᠨ ᠤ ᠬᠦᠨᠳᠦ ᠶᠡᠭᠡ ᠠᠳᠡᠯ ᠤᠨ ᠳᠠᠯᠳᠠ ᠬᠡᠮ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ ᠬᠠᠷᠢᠭᠤ ᠲᠤᠰᠬᠠᠭᠰᠠᠨ 39 ᠠᠰᠠᠭᠤᠳᠠᠯ ᠢ ᠴᠡᠭᠴᠡᠯᠡᠨ ᠰᠠᠶᠢᠵᠢᠷᠠᠭᠤᠯᠪᠠ᠃ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠥᠪᠡᠰᠦᠪᠡᠨ ᠪᠠᠶᠢᠭᠤᠯᠤᠭᠰᠠᠨ ᠬᠡᠷ ᠪᠠᠶᠢᠰᠢᠩ᠂ ᠭᠠᠯ ᠤᠨᠲᠠᠷᠠᠭᠠᠬᠤ ᠦᠯᠡᠳᠡᠭᠳᠡᠯ ᠲᠥᠷᠥᠯ ᠵᠦᠢᠯ ᠵᠡᠷᠭᠡ ᠬᠦᠷᠢᠶ᠎ᠡ ᠴᠠᠷᠠᠭ᠎ᠠ ᠶᠢᠨ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶ ᠥᠷᠨᠢᠭᠦᠯᠵᠦ᠂ 11.37 ᠲᠦᠮᠡᠨ ᠡᠷᠦᠬᠡ ᠰᠠᠭᠤᠭᠠᠯᠢ ᠠᠷᠠᠳ ᠲᠤ ᠰᠢᠲᠠᠮᠠᠬᠠᠶ ᠬᠡᠶ ᠶᠢᠨ ᠮᠡᠷᠭᠡᠵᠢᠯ ᠤᠨ ᠰᠡᠷᠭᠡᠶᠢᠯᠡᠯᠲᠡ ᠶᠢᠨ ᠲᠥᠬᠦᠭᠡᠷᠦᠮᠵᠢ ᠤᠭᠰᠠᠷᠠᠪᠠ᠃
3.png    
    ︽ᠨᠢᠭᠡ ᠥᠷᠲᠡᠭᠡ ᠴᠢᠯᠡᠭᠰᠡᠨ ᠮᠠᠶᠢᠭ ᠤᠨ ᠦᠢᠯᠡᠴᠢᠯᠡᠭᠡ︾᠎ ᠶᠢᠨ ᠲᠠᠪᠴᠠᠩ ᠢ ᠪᠠᠶᠢᠭᠤᠯᠪᠠ᠃ ᠬᠠᠶᠢᠷᠤᠪ ᠤᠨ ᠲᠤᠬᠤᠢ ᠲᠣᠭᠤᠷᠢᠭ ᠨᠢ ︽ᠨᠢᠭᠡ ᠦᠷᠳᠡᠭᠡ ᠮᠠᠶ᠋ᠢᠭ︾᠎ ᠤᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠴᠢᠯᠡᠨ ᠡᠶᠡᠳᠡᠭᠦᠯᠦᠨ ᠰᠢᠢᠳᠪᠦᠷᠢᠯᠡᠬᠦ ᠲᠥᠪ ᠤᠨ ᠪᠠᠶᠢᠭᠤᠯᠤᠯᠲᠠ ᠶᠢ ᠠᠬᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠠᠨ ᠡᠰᠢᠲᠦ ᠵᠢᠭᠤᠷᠠᠯᠳᠤᠭᠠᠨ ᠢ ᠰᠢᠢᠳᠪᠦᠷᠢᠯᠡᠬᠦ ᠵᠢᠭᠰᠠᠭᠠᠯ ᠤᠨ ᠭᠠᠵᠠᠷ ᠢ ᠠᠭᠤᠰᠤᠯᠴᠠᠭᠤᠯᠤᠨ ᠪᠠᠶᠢᠭᠤᠯᠵᠤ᠂ ︽ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠵᠢᠭᠤᠷᠠᠯᠳᠤᠭᠠᠨ ᠢ ᠲᠦᠢᠯᠪᠤᠷᠢᠲᠠᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠳᠡᠭᠡᠳᠦ ᠱᠠᠲᠤᠨ ᠠᠴᠠ ᠲᠤᠰᠢᠶᠠᠭᠰᠠᠨ 87 ᠬᠤᠪᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠪᠦᠬᠦᠨ ᠢ ᠰᠢᠢᠳᠪᠦᠷᠢᠯᠡᠵᠦ᠂ ᠨᠡᠶᠢᠭᠡᠮ ᠤᠨ ᠠᠮᠤᠷ ᠲᠦᠪᠰᠢᠨ ᠢ ᠦᠷᠭᠦᠯᠵᠢᠯᠡᠨ ᠰᠠᠶᠢᠵᠢᠷᠠᠭᠤᠯᠵᠤ᠂ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠪᠡᠶᠡᠯᠡᠭᠦᠯᠪᠡ᠃
4.jpg   
    ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠦᠷᠭᠦᠯᠵᠢᠯᠡᠨ ᠨᠡᠮᠡᠭᠳᠡᠪᠡ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠢᠳᠡᠭᠡᠨ᠂ ︽ᠬᠤᠶᠠᠷ ᠪᠦᠲᠦᠭᠡᠭᠳᠡᠬᠦᠨ ᠨᠢᠭᠡ ᠵᠡᠪᠰᠡᠭ︾᠂ ᠦᠢᠯᠡᠳᠬᠦᠨ ᠤ ᠶᠠᠰᠤ ᠴᠢᠨᠠᠷ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ︽ᠰᠢᠤᠸᠠᠢ ᠯᠢᠶᠠᠩ ᠢᠨᠵᠧᠨᠧᠷᠢᠩ︾᠎ ᠢ ᠭᠦᠨᠵᠡᠭᠡᠢ ᠠᠬᠢᠭᠤᠯᠪᠠ᠃ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠬᠠᠶᠢᠷᠤᠪ ᠤᠨ ᠲᠣᠬᠤᠢ᠂ ᠬᠠᠤᠯᠢᠵᠢᠯ ᠤᠨ ᠬᠠᠶᠢᠷᠤᠪ ᠤᠨ ᠲᠣᠬᠤᠢ ᠶᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠬᠦ ᠶᠢ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠨ᠎ᠠ᠃ 
5.jpg   
    ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠨᠡᠩ ᠥᠷᠭᠡᠨ ᠬᠠᠷᠠᠭᠠᠰᠤ᠂ ᠨᠡᠩ ᠥᠨᠳᠥᠷ ᠬᠠᠷᠠᠯᠲᠠ ᠱᠠᠭᠠᠷᠳᠠᠯᠭ᠎ᠠ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠬᠥᠭᠵᠢᠯᠲᠡ ᠶᠢ ᠡᠷᠢᠯᠬᠢᠯᠡᠵᠦ᠂ ᠵᠣᠯ ᠵᠢᠷᠭᠠᠯ ᠢ ᠤᠯᠬᠤ ᠪᠠᠷ ᠬᠦᠴᠦᠯᠡᠨ ᠴᠢᠷᠮᠠᠶᠢᠬᠤ ᠴᠢᠬᠤᠯᠠᠲᠠᠢ᠂ ᠠᠵᠤ ᠠᠬᠤᠢ ᠶᠢᠨ ᠬᠡᠮᠵᠢᠶᠡᠨ ᠤ ᠨᠡᠯᠢᠶᠡᠳ ᠲᠦᠷᠭᠡᠨ ᠨᠡᠮᠡᠭᠳᠡᠯ ᠪᠣᠯᠤᠨ ᠶᠠᠰᠤ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠶᠢ ᠯᠠᠪᠲᠠᠢ ᠪᠡᠶᠡᠯᠡᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠴᠢᠳᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号