ᠡᠨᠡ ᠨᠢᠭᠡ ᠵᠢᠯ ᠳᠤ᠂ ᠬᠠᠶᠢᠷᠤᠪ ᠤᠨ ᠲᠤᠬᠤᠢ ᠲᠤᠭᠤᠷᠢᠭ ᠭᠤᠣᠯ ᠬᠤᠳᠠ ᠶᠢᠨ ᠡᠭᠦᠷᠭᠡᠯᠡᠯ ᠢᠶᠠᠨ ᠪᠦᠷᠢᠮᠦᠰᠦᠨ ᠢᠯᠡᠷᠡᠭᠦᠯᠵᠡᠢ
ᠨᠡᠶᠢᠲᠡᠯᠡᠭᠰᠡᠨ ᠴᠠᠭ᠄
2024/2/18
    ᠰᠢᠨ᠎ᠡ ᠭᠠᠷᠤᠭ᠎ᠠ ᠳᠤ ᠵᠣᠭᠰᠣᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠨ᠎ᠠ᠃ 2023 ᠣᠨ ᠳᠤ ᠬᠠᠶᠢᠷᠤᠪ ᠤᠨ ᠲᠤᠬᠤᠢ ᠲᠣᠭᠤᠷᠢᠭ ᠤᠨ ᠬᠢᠨ ᠢᠮᠠᠭᠲᠠ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠬᠠᠷᠢᠭᠤᠴᠠᠯᠭ᠎ᠠ ᠶᠢᠨ ᠰᠡᠳᠬᠢᠯ᠂ ᠠᠷᠠᠳ ᠤᠨ ᠲᠥᠯᠥᠭᠡ ᠵᠢᠳᠬᠦᠬᠦ ᠰᠡᠳᠬᠢᠯ᠂ ᠪᠢᠰᠢᠷᠡᠨ ᠵᠢᠷᠦᠬᠡᠰᠢᠶᠡᠬᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠯᠲᠡ ᠶᠢ ᠡᠷᠢᠯᠬᠢᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠤᠷᠤᠯᠴᠠᠯᠭ᠎ᠠ ᠪᠠᠨ ᠲᠠᠰᠤᠷᠠᠯᠳᠠ ᠦᠭᠡᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠦᠢᠯᠡ ᠠᠵᠢᠯᠯᠠᠭ᠎ᠠ ᠪᠠᠷ ᠢᠶᠠᠨ ᠦᠨᠡᠨᠴᠢ ᠰᠢᠳᠤᠷᠭᠤ ᠪᠠᠨ ᠢᠯᠡᠷᠡᠭᠦᠯᠵᠦ᠂ ᠬᠥᠭᠵᠢᠯᠲᠡ ᠪᠠᠷ ᠡᠭᠦᠷᠭᠡᠯᠡᠯ ᠢᠶᠠᠨ ᠢᠯᠡᠷᠡᠭᠦᠯᠵᠦ᠂ ᠦᠷ᠎ᠡ ᠪᠦᠲᠦᠮᠵᠢ ᠪᠠᠷ ᠢᠶᠠᠨ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠳᠠ ᠦᠭᠡᠢ ᠳᠡᠭᠡᠭᠰᠢᠯᠡᠭᠦᠯᠪᠡ᠃
1.jpg   
    ᠦᠨᠡᠨᠴᠢ ᠰᠢᠳᠤᠷᠭᠤ ᠪᠠᠶᠢᠬᠤ ᠶᠢ ᠪᠠᠳᠤᠤᠡᠬᠠᠪᠠ᠃ ᠬᠠᠶᠢᠷᠤᠪ ᠤᠨ ᠲᠣᠬᠤᠢ ᠲᠣᠭᠤᠷᠢᠭ ᠨᠢ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠪᠠᠷ ᠬᠠᠮᠤᠭ ᠤᠨ ᠦᠨᠳᠦᠰᠦᠨ ᠱᠠᠭᠠᠷᠳᠠᠯᠭ᠎ᠠ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠯᠤᠰ ᠲᠥᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠦ ᠶᠢᠨ ᠤᠬᠠᠬᠤ ᠴᠢᠳᠠᠪᠤᠷᠢ᠂ ᠤᠯᠤᠰ ᠲᠥᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃
2.jpg   
    ᠠᠷᠢᠭᠤᠨ ᠴᠢᠬᠡᠴᠢ ᠰᠤᠷᠲᠠᠯ ᠢ ᠥᠨᠢᠳᠡ ᠬᠠᠳᠠᠭᠠᠯᠠᠪᠠ᠃ ᠬᠠᠶᠢᠷᠤᠪ ᠤᠨ ᠲᠣᠬᠤᠢ ᠲᠣᠭᠤᠷᠢᠭ ᠨᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ᠂ ︽ᠭᠤᠤᠯ ᠴᠣᠭᠴᠠ ᠶᠢᠨ ᠬᠠᠷᠢᠭᠤᠴᠠᠯᠭ᠎ᠠ︾ ᠪᠣᠯᠤᠨ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾᠎ ᠶᠢ ᠦᠨᠡᠨᠬᠦ ᠭᠦᠢᠴᠠᠤᠡᠭᠡᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠡᠭᠦᠷᠭᠡ 41 ᠵᠦᠢᠯ ᠢ ᠪᠡᠶᠡᠯᠡᠭᠦᠯᠵᠦ᠂ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠪᠠ᠃ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠲᠦᠷᠭᠡᠳᠭᠡᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾ ᠵᠡᠷᠭᠡ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠡᠷᠭᠡ ᠠᠰᠠᠭᠤᠳᠠᠯ ᠢ ᠴᠥᠬᠦᠷᠡᠰᠢ ᠥᠬᠡᠶ ᠵᠠᠯᠠᠷᠠᠭᠤᠯᠤᠨ ᠵᠠᠰᠠᠵᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ︽ᠭᠤᠷᠪᠠᠨ ᠴᠢᠬᠤᠯᠠ ᠨᠢᠭᠡ ᠶᠡᠭᠡ︾ ᠬᠠᠮᠲᠤ ᠶᠢᠨ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠵᠡᠷᠭᠡ ᠳᠦᠷᠢᠮ ᠢ ᠪᠠᠷᠢᠮᠲᠠᠯᠠᠨ᠂ ᠡᠯ᠎ᠡ ᠲᠥᠷᠥᠯ ᠤᠨ ᠬᠡᠷᠡᠭ ᠵᠥᠪᠯᠡᠬᠦ ᠳᠡᠰ ᠳᠠᠷᠠᠭᠠᠯᠠᠯ ᠢ ᠵᠢᠷᠤᠮᠵᠢᠭᠤᠯᠵᠤ᠂ ᠰᠢᠨᠵᠢᠯᠡᠬᠦ ᠤᠬᠠᠭᠠᠨᠴᠢ ᠪᠠᠷ ᠰᠢᠢᠤᠡᠪᠤᠷᠢᠳᠤ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠤᠡᠪᠤᠷᠢᠳᠤ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠶᠢ ᠦᠨᠡᠨᠬᠦ ᠪᠠᠲᠤᠯᠠᠨ᠎ᠠ᠃
3.jpg   
    ᠬᠠᠷᠢᠭᠤᠴᠠᠯᠭ᠎ᠠ ᠡᠭᠦᠷᠭᠡᠯᠡᠬᠦ ᠵᠣᠷᠢᠭ ᠢᠶᠠᠨ ᠬᠠᠳᠠᠭᠤᠵᠢᠭᠤᠯᠪᠠ᠃ ᠬᠠᠶᠢᠷᠤᠪ ᠤᠨ ᠲᠤᠬᠤᠢ ᠲᠣᠭᠤᠷᠢᠭ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠡᠩ ᠬᠦᠴᠦᠲᠡᠢ ᠪᠣᠯᠭᠠᠵᠤ᠂ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠪᠠᠶᠢᠴᠠᠭᠠᠯᠲᠠ ᠦᠨᠡᠯᠡᠯᠲᠡ ᠶᠢ ᠤᠷᠤᠭᠰᠢᠲᠠᠢ ᠪᠠᠲᠤᠯᠠᠵᠤ᠂ ᠪᠦᠬᠦ ᠤᠯᠤᠰ ᠤᠨ ᠠᠷᠠᠳᠴᠢᠯᠠᠯ ᠬᠠᠤᠯᠢᠵᠢᠯ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠲᠡᠰ ᠤᠨ 8 ᠵᠢᠱᠢᠶ᠎ᠡ ᠦᠵᠡᠭᠦᠯᠬᠦ ᠲᠣᠰᠬᠤᠨ ᠨᠡᠶᠢᠭᠡᠮ ᠲᠣᠭᠤᠷᠢᠭ ᠢ ᠪᠠᠶᠢᠭᠤᠯᠵᠤ᠂ ᠦᠨᠳᠦᠰᠦᠨ ᠱᠠᠲᠤᠨ ᠤ ᠬᠠᠤᠯᠢᠵᠢᠯ ᠤᠨ ᠵᠠᠰᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ 199 ᠬᠤᠪᠢ ᠭᠦᠢᠴᠡᠳᠬᠡᠵᠦ᠂ ᠬᠠᠨᠤᠮᠵᠢ ᠶᠢᠨ ᠨᠤᠷᠮ᠎ᠠ 100%᠎ ᠳᠤ ᠬᠦᠷᠪᠡ᠃ ᠠᠷᠠᠳ ᠤᠨ ᠠᠮᠢᠳᠤᠷᠠᠯ ᠤᠨ 5 ᠪᠣᠳᠠᠲᠤ ᠶᠠᠪᠤᠳᠠᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠲᠥᠷᠥᠯ ᠵᠦᠢᠯ ᠢ ᠴᠢᠨᠠᠷ ᠰᠠᠢᠲᠠᠢ ᠪᠡᠶᠡᠯᠡᠭᠦᠯᠪᠡ᠃ ᠦᠨᠳᠦᠰᠦᠲᠡᠨ ᠤ ᠠᠵᠢᠯ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠵᠠᠯᠠᠭᠤᠴᠤᠳ ᠤᠨ ᠬᠥᠭᠵᠢᠯᠲᠡ᠂ ᠡᠮᠡᠭᠲᠡᠶᠢᠴᠦᠳ ᠬᠡᠦᠬᠡᠳ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠠᠷᠠᠳ ᠤᠨ ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠬᠦ ᠵᠢᠴᠢ
ᠵᠡᠮᠳᠡᠭᠴᠦᠳ ᠵᠡᠷᠭᠡ ᠠᠵᠢᠯ ᠴᠥᠮ ᠰᠢᠨ᠎ᠡ ᠠᠮᠵᠢᠯᠲᠠ ᠣᠯᠪᠠ᠃4.jpg   
    ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠴᠢᠨᠠᠷ ᠰᠠᠶᠢᠲᠠᠢ ᠬᠥᠭᠵᠢᠯᠲᠡ ᠶᠢ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠪᠡᠶ᠎ᠡ ᠪᠠᠨ ᠳᠠᠭᠠᠭᠠᠨ ᠬᠦᠴᠦᠷᠬᠡᠭᠵᠢᠵᠦ᠂ ᠨᠢᠭᠡ ᠰᠡᠳᠬᠢᠯ ᠨᠢᠭᠡ ᠵᠣᠷᠢᠭ ᠢᠶᠠᠷ ᠡᠷᠡᠯᠬᠡᠭᠯᠡᠨ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号