ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠲᠤᠰᠬᠠᠢ ᠠᠵᠢᠯᠲᠠᠨ ᠡᠯᠰᠡᠬᠦ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/2/19
     ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠴᠢᠩᠭᠠᠤᠡᠬᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠠᠬᠢᠭᠤᠯᠵᠤ᠂ ᠪᠦᠬᠦ ᠬᠠᠶᠢᠷᠤᠪ ᠤᠨ ᠲᠣᠬᠤᠢ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 2 ᠰᠠᠷ᠎ᠠ ᠶᠢᠨ 18᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠠᠶᠢᠷᠤᠪ ᠤᠨ ᠲᠣᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ 11 ᠨᠢᠭᠡᠴᠡ ᠶᠢᠨ ᠳᠠᠭᠠᠭᠠᠨ ᠡᠷᠭᠢᠯᠡᠭᠰᠡᠨ 2024 ᠬᠠᠶᠢᠷᠤᠪ ᠤᠨ ᠲᠣᠬᠤᠢ ᠲᠣᠭᠤᠷᠢᠭ ᠤᠨ  ᠠᠵᠢᠯ ᠣᠯᠭᠤᠯᠲᠠ ᠶᠢᠨ ᠲᠤᠰᠠᠯᠠᠮᠵᠢ ᠶᠢᠨ ᠲᠤᠰᠬᠠᠶ ᠠᠵᠢᠯᠲᠠᠨ ᠡᠯᠰᠡᠬᠦ ᠬᠤᠷᠠᠯ ᠢ ᠵᠣᠬᠢᠶᠠᠨ ᠪᠠᠶᠢᠭᠤᠯᠪᠠ᠃    ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠮᠠᠨ ᠤ ᠲᠣᠪᠴᠢᠶ᠎ᠠ ᠶᠢᠨ ᠠᠵᠢᠯᠲᠠᠳ ᠲᠤᠬᠠᠶ ᠶᠢᠨ ᠲᠠᠯᠠᠪᠤᠷ ᠲᠤ ᠠᠵᠢᠯ ᠡᠷᠢᠭᠰᠡᠳ ᠲᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠵᠦ ᠥᠭᠴᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠠᠮᠢᠶᠠᠷᠤᠯᠲᠠ ᠶᠢᠨ ᠠᠷᠭ᠎ᠠ ᠳᠤ ᠲᠠᠶᠢᠯᠤᠮᠵᠢ ᠬᠢᠵᠦ᠂ ᠲᠤᠬᠠᠶ ᠶᠢᠨ ᠲᠠᠯᠠᠪᠤᠷ ᠲᠤ ᠠᠵᠢᠯ ᠡᠷᠢᠬᠦ ᠬᠡᠷᠡᠭᠴᠡᠭᠡ ᠱᠠᠭᠠᠷᠳᠠᠯᠭ᠎ᠠ ᠶᠢ ᠨᠡᠶᠢᠲᠡ 20 ᠭᠠᠷᠤᠶ ᠵᠤᠷᠪᠤᠰ ᠴᠤᠭᠯᠠᠭᠤᠯᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠶᠢᠩᠭᠤᠵᠢᠭᠤᠯᠤᠨ ᠣᠶᠢᠯᠠᠭᠠᠵᠤ᠂ ᠠᠵᠢᠯ ᠤᠯᠬᠤ ᠳᠤ ᠬᠦᠴᠢᠷᠲᠡᠶ ᠬᠥᠮᠦᠰ ᠢ ᠬᠠᠪᠰᠤᠷᠤᠨ ᠠᠵᠢᠯ ᠣᠯᠭᠤᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号