2024 ᠣᠨ ᠳᠤ᠂ ᠬᠠᠶᠢᠷᠤᠪ ᠤᠨ ᠲᠤᠬᠤᠢ ᠶᠢᠨ ᠲᠦᠷᠦᠯ ᠵᠦᠢᠯ ᠤᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠢᠩᠭᠢᠵᠦ ᠬᠢᠨ᠎ᠡ
ᠨᠡᠶᠢᠲᠡᠯᠡᠭᠰᠡᠨ ᠴᠠᠭ᠄
2024/2/19
    2024 ᠣᠨ ᠳᠤ᠂ ᠬᠠᠶᠢᠷᠤᠪ ᠤᠨ ᠲᠤᠬᠤᠢ ᠶᠢᠨ ᠲᠦᠷᠦᠯ ᠵᠦᠢᠯ ᠤᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠶᠡᠬᠡᠪᠡᠷ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ᠃ ︽ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ ᠠᠮᠵᠢᠵᠤ᠂ ᠨᠡᠩ ᠶᠡᠭᠡ ᠵᠣᠷᠢᠭ᠂ ᠨᠡᠩ ᠴᠢᠩᠭ᠎ᠠ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠲᠦᠷᠦᠯ ᠵᠦᠢᠯ ᠢ ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃
1.png   
    ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠠᠵᠤ ᠤᠶᠢᠯᠡᠰ ᠤᠨ ᠬᠥᠭᠵᠢᠯᠲᠡ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠵᠠᠮ ᠬᠠᠷᠢᠯᠴᠠᠭ᠎ᠠ ᠡᠨᠧᠷᠭᠢ ᠵᠡᠷᠭᠡ ᠭᠤᠤᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠶᠡᠷᠦᠩᠬᠡᠶ ᠪᠠᠯᠠ ᠣᠷᠣᠭᠤᠯᠤᠯᠲᠠ ᠶᠢᠨ 834.76 ᠳ᠋ᠦᠩᠰᠢᠭᠤᠷ ᠲᠥᠭᠦᠷᠢᠭ ᠤᠨ 64 ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃ ᠡᠨᠡ ᠡᠪᠦᠯ ᠢᠷᠡᠬᠦ ᠬᠠᠪᠤᠷ ᠤᠨ ᠵᠠᠩᠭᠢᠯᠠᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ︽ᠨᠢᠭᠡ ᠵᠦᠢᠯ ᠨᠢᠭᠡ ᠲᠠᠩᠰᠠ ᠡᠪᠬᠡᠮᠡᠯ︾᠎ ᠤᠨ ᠠᠷᠭ᠎ᠠ ᠮᠠᠶ᠋ᠢᠭ ᠶᠣᠰᠣᠭᠠᠷ᠂ ᠲᠥᠷᠥᠯ ᠵᠦᠢᠯ ᠤᠨ ᠭᠠᠷᠳᠠᠮ ᠢ ᠭᠦᠢᠴᠡᠳᠬᠡᠭᠰᠡᠨ ᠪᠠᠶᠢᠳᠠᠯ᠂ ᠬᠦᠴᠦᠨ ᠵᠦᠢᠯ ᠤᠨ ᠪᠠᠲᠤᠯᠠᠭ᠎ᠠ ᠶᠢᠨ ᠪᠠᠶᠢᠳᠠᠯ ᠢ ᠴᠢᠩᠭ᠎ᠠ ᠠᠩᠬᠠᠷᠴᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠶ ᠪᠥᠭᠡᠳ ᠨᠠᠷᠢᠯᠢᠭ ᠬᠢᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠭᠤᠤᠯ ᠭᠠᠷᠳᠠᠮ ᠢ ᠡᠷᠲᠡᠬᠡᠨ ᠬᠦᠢᠴᠡᠳᠭᠡᠵᠦ ᠳᠠᠭᠤᠰᠬᠠᠬᠤ ᠶᠢ ᠦᠨᠡᠨᠬᠦ ᠪᠠᠲᠤᠯᠠᠵᠤ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠲᠥᠯᠥᠪᠯᠡᠭᠡ ᠶᠣᠰᠣᠭᠠᠷ ᠠᠵᠢᠯ ᠢᠶᠠᠨ ᠰᠡᠷᠭᠦᠭᠡᠵᠦ ᠪᠥᠲᠥᠭᠡᠨ ᠪᠠᠶᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠪᠥᠬᠦ ᠬᠦᠴᠦᠨ ᠢᠶᠠᠷ ᠢᠶᠠᠨ  ᠲᠦᠷᠭᠡᠤᠡᠭᠡᠨ᠎ᠡ᠃
2.png   
    ᠠᠷᠭ᠎ᠠ ᠪᠦᠬᠦᠨ ᠢ ᠰᠦᠪᠡᠭᠴᠢᠯᠡᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠠᠳᠬᠤᠨ᠎ᠠ᠃ ᠬᠤᠳᠠᠯᠳᠤᠭᠠᠴᠢᠨ ᠤᠷᠢᠬᠤ ᠪᠠᠶᠢᠩᠭᠤᠵᠢᠭᠤᠯᠤᠭᠰᠠᠨ ᠲᠣᠭᠲᠠᠴᠠ ᠶᠢ ᠨᠠᠶᠢᠳᠠᠪᠤᠷᠢᠵᠢᠭᠤᠯᠵᠤ᠂ ᠬᠤᠳᠠᠯᠳᠤᠭᠠᠴᠢᠨ ᠤᠷᠢᠬᠤ ᠪᠥᠬᠦ ᠠᠵᠢᠯᠲᠠᠨ᠂ ᠪᠥᠬᠦ ᠣᠷᠣᠨ ᠪᠦᠰᠡ᠂ ᠪᠥᠬᠦ ᠵᠢᠯ ᠳᠤ ᠬᠤᠳᠠᠯᠳᠤᠭᠠᠴᠢᠨ ᠤᠷᠢᠬᠤ ᠶᠢ ᠥᠷᠨᠢᠭᠦᠯᠦᠨ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠴᠢᠩᠭᠠᠷᠠᠭᠤᠯᠵᠤ᠂ ᠲᠤᠰᠬᠠᠶ ᠮᠡᠷᠭᠡᠵᠢᠯ ᠢᠶᠠᠷ ᠬᠤᠳᠠᠯᠳᠤᠭᠠᠴᠢᠨ ᠤᠷᠢᠬᠤ ᠶᠢ ᠴᠢᠩᠭᠠᠷᠠᠭᠤᠯᠤᠨ᠂ ᠬᠤᠳᠠᠯᠳᠤᠭᠠᠴᠢᠨ ᠤᠷᠢᠬᠤ ᠭᠤᠤᠯᠳᠠᠯᠭ᠎ᠠ᠂ ᠴᠢᠭᠯᠡᠯ᠂ ᠬᠠᠷᠠᠯᠲᠠᠲᠤ ᠠᠵᠤ ᠠᠬᠤᠶᠢᠯᠠᠯ ᠢ ᠣᠨᠣᠪᠴᠢᠲᠠᠶ ᠪᠠᠶᠢᠷᠢ ᠲᠣᠭᠲᠠᠭᠠᠵᠤ᠂ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠨᠠᠷᠢᠨ ᠬᠠᠭᠤᠳᠠᠰᠤ ᠶᠢ ᠲᠥᠷᠥᠯ ᠪᠦᠯᠦᠭ ᠬᠤᠪᠢᠶᠠᠨ ᠲᠣᠭᠲᠠᠭᠠᠵᠤ᠂ ᠡᠷᠬᠢᠨ ᠲᠣᠭᠤᠷᠢᠨ ᠤ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠠᠶᠢᠷᠢ ᠲᠣᠭᠲᠠᠭᠠᠯᠲᠠ ᠲᠠᠢ ᠤᠶᠠᠯᠳᠤᠭᠤᠯᠤᠨ᠂ ᠳᠣᠤᠷᠠᠳᠤ ᠤᠷᠤᠰᠬᠠᠯ ᠪᠠ ᠦᠵᠦᠭᠦᠷ ᠤᠨ ᠠᠵᠤ ᠦᠢᠯᠡᠰ ᠢ ᠶᠡᠬᠡᠪᠡᠷ ᠣᠷᠣᠭᠤᠯᠤᠨ ᠠᠪᠴᠢᠷᠠᠵᠤ᠂ ᠪᠥᠬᠦ ᠵᠢᠯ ᠳᠤ ᠭᠡᠷ᠎ᠡ ᠲᠣᠭᠲᠠᠭᠰᠠᠨ ᠵᠣᠭᠤᠰ ᠤᠨ ᠲᠤᠭ᠎ᠠ ᠶᠢ 200 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠤᠨ ᠠᠪᠴᠢᠷᠠᠵᠤ᠂ ᠪᠠᠯᠠ ᠮᠥᠩᠭᠦ ᠶᠢᠨ ᠨᠡᠮᠡᠭᠳᠡᠯ ᠤᠨ ᠬᠤᠷᠳᠤᠴᠠ ᠶᠢ 8%᠎ ᠠᠴᠠ ᠳᠡᠭᠡᠭᠰᠢ ᠪᠠᠶᠢᠯᠭᠠᠬᠤ ᠶᠢ ᠪᠡᠶᠡᠯᠡᠭᠦᠯᠦᠨ᠎ᠡ᠃
3.jpg   
    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠠᠵᠤ ᠠᠬᠤᠶ ᠶᠢᠨ ᠰᠠᠶᠢᠵᠢᠷᠠᠭᠤᠯᠤᠯᠲᠠ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠦᠨ᠎ᠡ ᠬᠠᠩᠰᠢ ᠶᠢᠨ ᠪᠠᠶᠢᠳᠠᠯ ᠢ ᠬᠥᠳᠡᠯᠦᠩᠭᠦᠶ ᠪᠠᠷ ᠣᠶᠢᠯᠠᠭᠠᠬᠤ ᠲᠣᠭᠲᠠᠴᠠ ᠶᠢ ᠭᠦᠢᠴᠡᠳ ᠬᠡᠷᠡᠭᠯᠡᠨ᠂ ᠠᠵᠤ ᠠᠬᠤᠶᠢᠯᠠᠯ ᠤᠨ ᠬᠠᠪᠰᠤᠷᠤᠨ ᠲᠡᠳᠬᠦᠬᠦ ᠶᠢ ᠴᠠᠭ ᠲᠤᠬᠠᠶ ᠳᠤᠨᠢ ᠳᠠᠭᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠳᠡᠭᠡᠷᠡᠬᠢ ᠠᠵᠤ ᠠᠬᠤᠶᠢᠯᠠᠯ ᠤᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠪᠠᠲᠤᠯᠠᠬᠤ ᠶᠢᠨ ᠬᠠᠮᠲᠤ᠂ ᠠᠵᠤ ᠠᠬᠤᠶᠢᠯᠠᠯ ᠤᠨ ᠲᠦᠷᠢᠮ ᠳᠤ ᠣᠷᠣᠵᠤ ᠨᠢᠭᠡᠳᠦᠯᠲᠡᠶ ᠲᠥᠯᠥᠪᠯᠡᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 4 ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠᠷ ᠭᠠᠷᠳᠠᠴᠠ ᠪᠣᠯᠭᠠᠵᠤ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠨ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ ᠦᠷᠭᠦᠯᠵᠢᠯᠡᠨ ᠠᠬᠢᠭᠤᠯᠤᠨ᠎ᠠ᠃ ︽ᠬᠦᠷᠢᠶᠡᠯᠡᠩ ᠲᠣᠭᠤᠷᠢᠭ ᠲᠤ ᠱᠦᠭᠯᠦ ᠦᠯᠢᠶᠡᠵᠦ᠂ ᠰᠠᠯᠠᠭ᠎ᠠ ᠮᠥᠴᠢᠷ ᠤᠨ ᠬᠠᠷᠢᠭᠤᠯᠲᠠ ᠶᠢᠨ ᠬᠠᠭᠤᠳᠠᠰᠤ︾᠎ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠲᠤ ᠣᠷᠣᠭᠤᠯᠬᠤ ᠶᠢ ᠠᠬᠢᠭᠤᠯᠤᠨ᠎ᠠ᠃ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠤᠯᠠ ᠪᠠᠶᠢᠭ᠎ᠠ ᠡᠬᠢ ᠪᠠᠶᠠᠯᠢᠭ ᠢ ᠪᠥᠬᠦ ᠬᠦᠴᠦᠨ ᠢᠶᠠᠷ ᠢᠶᠠᠨ ᠠᠮᠢᠳᠤᠯᠢᠭ ᠪᠣᠯᠭᠠᠨ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠭᠠᠵᠠᠷ ᠰᠢᠷᠣᠢ ᠶᠢᠨ ᠬᠠᠩᠭᠠᠯᠭ᠎ᠠ ᠶᠢ ᠲᠦᠷᠭᠡᠳᠬᠡᠨ ᠪᠡᠶᠡᠯᠡᠭᠦᠯᠵᠦ᠂ ᠡᠬᠢ ᠪᠠᠶᠠᠯᠢᠭ ᠤᠨ ᠡᠯᠧᠮᠧᠨ᠋ᠲ ᠢ ᠠᠷᠪᠢᠲᠠᠢ ᠡᠷᠴᠢᠮᠯᠢᠭ ᠠᠰᠢᠭᠯᠠᠬᠤ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠤᠰᠤ᠂ ᠴᠠᠬᠢᠯᠭᠠᠨ᠂ ᠬᠡᠶ᠂ ᠳᠤᠯᠠᠭᠠᠯᠠᠭ᠎ᠠ᠂ ᠵᠠᠮ᠂ ᠭᠠᠯ ᠤᠨᠲᠠᠷᠠᠭᠠᠬᠤ ᠬᠤᠭᠤᠯᠠᠶ ᠶᠢᠨ ᠲᠣᠤᠷ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠢᠲᠡᠭᠦᠮᠵᠢᠯᠡᠭᠰᠡᠨ ᠬᠠᠮᠢᠶᠠᠷᠤᠯᠲᠠ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠵᠢᠷᠠᠭᠤᠯᠵᠤ᠂ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃ ︽ᠬᠤᠶᠠᠷ ᠡᠷᠡᠰ ᠭᠤᠶᠢᠪᠢᠰᠢ ᠦᠭᠡᠢ︾᠎ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠤᠨ ᠳᠡᠮᠵᠢᠬᠦ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠤᠨ ᠪᠡᠯᠡᠳᠬᠡᠯ ᠬᠥᠮᠥᠷᠭᠡ ᠶᠢ ᠪᠠᠶᠢᠭᠤᠯᠤᠨ ᠪᠦᠷᠢᠨᠰᠢᠭᠦᠯᠵᠦ᠂ ᠨᠢᠭᠡ ᠪᠦᠯᠦᠭ ᠨᠥᠬᠦᠴᠡᠯ ᠳᠤ ᠨᠡᠶᠢᠴᠡᠬᠦ ᠴᠢᠨᠠᠷ ᠰᠠᠶᠢᠲᠠᠶ ᠠᠵᠤ ᠠᠬᠤᠶᠢᠯᠠᠯ ᠢ ᠱᠠᠲᠤ ᠳᠠᠷᠠᠭᠠᠯᠠᠨ ᠰᠢᠭᠰᠢᠨ ᠰᠣᠩᠭᠤᠬᠤ ᠪᠠ ᠬᠥᠮᠦᠵᠢᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠤᠶᠢᠵᠢᠭᠤᠯᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃    ᠬᠠᠶᠢᠷᠤᠪ ᠤᠨ ᠲᠤᠬᠤᠢ ᠲᠣᠭᠤᠷᠢᠭ ᠤᠨ ᠬᠢᠨ ︽ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠦᠷᠭᠦᠯᠵᠢᠯᠡᠨ ᠪᠠᠲᠤᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠨᠢᠭᠡᠴᠡ ᠶᠢᠨ ᠬᠦᠴᠢᠷᠳᠡᠯ ᠢ ᠰᠢᠢᠳᠪᠦᠷᠢᠯᠡᠨ ᠥᠭᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠶᠢᠷᠤᠪ ᠤᠨ ᠲᠤᠬᠤᠢ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号