2024 ᠣᠨ ᠳᠤ᠂ ᠬᠠᠶᠢᠷᠤᠪ ᠤᠨ ᠲᠤᠬᠤᠢ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠶ᠎ᠡ
ᠨᠡᠶᠢᠲᠡᠯᠡᠭᠰᠡᠨ ᠴᠠᠭ᠄
2024/2/21
    2024 ᠣᠨ ᠳᠤ᠂ ᠬᠠᠶᠢᠷᠤᠪ ᠤᠨ ᠲᠤᠬᠤᠢ ᠲᠣᠭᠤᠷᠢᠭ ᠦᠷᠭᠦᠯᠵᠢᠯᠡᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠵᠦ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠪᠠᠨ ᠲᠦᠷᠭᠡᠳᠬᠡᠨ᠎ᠡ᠃ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠴᠢᠨᠠᠷ ᠰᠠᠶᠢᠲᠠᠢ ᠬᠥᠭᠵᠢᠬᠦ ᠲᠠᠢ ᠨᠢᠭᠲᠠ ᠤᠶᠠᠯᠳᠤᠭᠤᠯᠤᠨ᠂ ᠬᠥᠭᠵᠢᠯᠲᠡ ᠶᠢᠨ ᠬᠦᠴᠦᠯᠡᠬᠦ ᠴᠡᠭ ᠢᠶᠠᠨ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠤᠨ ᠤᠯᠠᠮᠵᠢᠯᠠᠯᠲᠤ ᠠᠵᠤ ᠦᠢᠯᠡᠰ ᠤᠨ ᠬᠤᠶᠠᠷ ᠲᠠᠯ᠎ᠠ ᠠᠴᠠ ᠬᠦᠴᠦᠯᠡᠵᠦ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃
1.png
       ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠡᠮᠬᠢᠯᠡᠨ ᠨᠡᠶᠢᠯᠡᠭᠦᠯᠵᠦ ᠲᠣᠭᠲᠠᠭᠤᠨ ᠪᠠᠶᠢᠯᠭᠠᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠵᠢᠵᠢᠭ᠂ ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ ᠬᠥᠭᠵᠢᠯᠲᠡ ᠶᠢᠨ ᠣᠳᠣᠬᠢ ᠪᠠᠶᠢᠳᠠᠯ ᠢ ᠬᠦᠴᠦᠯᠡᠨ ᠠᠷᠢᠯᠭᠠᠵᠤ᠂ ᠤᠯᠠᠮᠵᠢᠯᠠᠯᠲᠤ ᠠᠵᠤ ᠦᠢᠯᠡᠰ ᠤᠨ ᠪᠦᠯᠦᠭᠵᠢᠬᠦ᠂ ᠬᠡᠪᠴᠢᠶᠡᠵᠢᠬᠦ᠂ ᠪᠣᠬᠢᠷᠲᠤᠯ ᠥᠬᠡᠶ ᠬᠥᠭᠵᠢᠬᠦ ᠶᠢ ᠠᠬᠢᠭᠤᠯᠤᠨ᠎ᠠ᠃
2.jpg
       ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠦᠷᠦᠭᠵᠢᠯ ᠢ ᠠᠬᠢᠭᠤᠯᠤᠨ᠎ᠠ᠃  ᠬᠡᠷᠡᠯ ᠴᠡᠨᠡᠭ᠂ ᠡᠨᠧᠷᠭᠢ ᠬᠠᠳᠠᠭᠠᠯᠠᠬᠤ᠂ ᠰᠢᠨ᠎ᠡ ᠡᠨᠧᠷᠭᠢ ᠶᠢᠨ ᠮᠠᠰᠢᠨ ᠲᠡᠷᠭᠡ᠂ BDO ᠵᠡᠷᠭᠡ ᠵᠢᠷᠭᠤᠭᠠᠨ ᠠᠵᠤ ᠦᠢᠯᠡᠰ ᠤᠨ ᠬᠡᠯᠬᠢᠶ᠎ᠡ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠪᠠᠷᠢᠯᠭ᠎ᠠ ᠡᠬᠢᠯᠡᠭᠦᠯᠬᠦ ᠶᠢ ᠴᠢᠩᠭ᠎ᠠ ᠠᠳᠬᠤᠬᠤ ᠶᠢ ᠭᠦᠨᠵᠡᠭᠡᠢ ᠬᠡᠷᠡᠭᠵᠢᠭᠦᠯᠵᠦ᠂ ᠳ᠋ᠦᠩ ᠵᠢᠩ ᠰᠢᠨ᠎ᠡ ᠮᠠᠲ᠋ᠧᠷᠢᠶᠠᠯ ᠤᠨ ᠲᠠᠩ ᠲᠠᠯᠠᠰᠲᠤ ᠬᠡᠷᠴᠢᠮᠡᠯ᠂ ᠴᠢᠩ ᠲᠤᠤ ᠬᠠᠲᠠᠭᠤ ᠲᠦᠯᠦᠪᠲᠦ ᠯᠢᠲ᠋ᠢ ᠳ᠋ᠢᠶᠠᠨ ᡂᠢ᠂ ᠭᠤᠷᠪᠠᠨ ᠬᠡᠮᠵᠢᠯᠲᠦ BDO ᠬᠤᠶᠠᠳᠤᠭᠠᠷ ᠬᠤᠭᠤᠴᠠᠭ᠎ᠠ᠂ ᠷᠦᠩ ᠵᠢᠶᠧ ᠳ᠋ᠢᠶᠠᠨ ᡂᠢ ᠶᠢᠨ PACK ᠵᠢᠴᠢ ᠴᠠᠬᠢᠯᠭᠠᠨ ᠭᠤᠣᠯ᠂ ᠪᠦᠦ ᠵᠢᠶᠧ ᠪᠢᠯᠢᠭ ᠲᠦᠢᠯ ᠤᠨ ᠮᠠᠲ᠋ᠧᠷᠢᠶᠠᠯ᠂ ᠢ ᠵᠢᠶᠧ ᠴᠠᠬᠢᠯᠭᠠᠨ ᠬᠥᠳᠡᠯᠭᠡᠭᠦᠷᠲᠦ ᠠᠭᠤᠷᠬᠠᠢ ᠶᠢᠨ ᠺᠠᠷᠲ᠂ ᠵᠢᠶᠠᠨ ᠯᠦᠩ ᠪᠣᠯᠣᠳ ᠬᠥᠩᠭᠡᠨ ᠴᠠᠭᠠᠨ ᠤ ᠨᠡᠶᠢᠯᠡᠯᠭᠡ ᠬᠦᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ᠂ ᠰᠠᠢ ᠰᠧ ᠫᠦ᠋ ᠬᠤᠶᠠᠳᠤᠭᠠᠷ ᠬᠤᠭᠤᠴᠠᠭ᠎ᠠ᠂ ᠸᠠᠨ ᠰᠧ ᠲᠦᠩ ᠠᠭᠤᠷᠬᠠᠢ ᠶᠢᠨ ᠮᠠᠰᠢᠨ ᠢ ᠵᠠᠳᠠᠯᠬᠤ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠥᠬᠦ ᠬᠦᠴᠦᠨ ᠢᠶᠠᠷ ᠠᠬᠢᠭᠤᠯᠤᠨ᠎ᠠ᠃ ᠮᠣᠩᠭᠤᠯ ᠤᠯᠤᠰ ᠤᠨ ᠨᠡᠭᠦᠷᠡᠰᠦ ᠶᠢ ᠣᠷᠣᠭᠤᠯᠵᠤ ᠡᠳ᠋ᠰᠢᠭᠦᠯᠬᠦ ᠰᠠᠭᠤᠷᠢᠨ ᠭᠠᠵᠠᠷ ᠢ ᠰᠦᠪᠡᠭᠴᠢᠯᠡᠨ ᠪᠠᠶᠢᠭᠤᠯᠵᠤ᠂ ᠭᠠᠭᠴᠠᠮᠤᠳᠤ᠂ ᠴᠡᠭᠡ ᠬᠤᠶᠠᠷ ᠪᠣᠭᠤᠮᠲᠠ ᠶᠢᠨ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠶᠢ ᠬᠠᠶᠢᠨ ᠰᠦᠪᠡᠭᠴᠢᠯᠡᠵᠦ᠂ ᠪᠣᠭᠤᠮᠲᠠ ᠶᠢᠨ ᠨᠡᠭᠦᠷᠡᠰᠦᠨ ᠤ ᠡᠬᠢ ᠪᠠᠶᠠᠯᠢᠭ ᠤᠨ ᠳᠠᠪᠠᠭᠤᠯᠢᠭ ᠢ ᠬᠠᠶᠢᠷᠤᠪ ᠤᠨ ᠲᠣᠬᠤᠢ ᠲᠣᠭᠤᠷᠢᠭ ᠤᠨ ᠨᠡᠭᠦᠷᠡᠰᠦ ᠶᠢ ᠤᠬᠢᠶᠠᠵᠤ ᠰᠣᠩᠭᠤᠵᠤ ᠡᠳ᠋ᠰᠢᠭᠦᠯᠬᠦ ᠶᠢᠨ ᠳᠠᠪᠠᠭᠤᠯᠢᠭ ᠲᠠᠢ ᠤᠶᠠᠯᠳᠤᠭᠤᠯᠵᠤ᠂ ᠠᠷᠠᠯᠵᠢᠶ᠎ᠠ᠂ ᠪᠣᠭᠤᠮᠲᠠ ᠪᠠᠷ ᠥᠩᠭᠡᠷᠡᠭᠦᠯᠬᠦ᠂ ᠪᠠᠷᠠᠭᠠᠨ ᠤ ᠭᠦᠢᠯᠭᠡᠭᠡ ᠶᠢ ᠨᠢᠭᠡ ᠴᠣᠭᠴᠠᠵᠢᠭᠤᠯᠤᠭᠰᠠᠨ ᠭᠠᠳᠠᠭᠠᠳᠤ ᠠᠷᠠᠯᠵᠢᠶᠠᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃
   3.png
    ᠪᠣᠬᠢᠷᠲᠤᠯ ᠥᠬᠡᠢ ᠴᠠᠬᠢᠯᠭᠠᠨ ᠢ ᠰᠢᠩᠬᠡᠬᠡᠨ ᠠᠪᠬᠤ ᠲᠣᠭᠲᠠᠭᠤᠨ ᠬᠥᠭᠦᠷᠭᠡ ᠪᠠᠢᠭᠤᠯᠬᠤ ᠬᠡᠷᠡᠭᠲᠡᠢ᠃ ︽ᠰᠢᠨ᠎ᠡ ᠡᠨᠧᠷᠭᠢ ᠶᠢ ᠰᠢᠩᠭᠡᠭᠡᠨ ᠠᠪᠴᠤ ᠪᠦᠰᠡᠯᠡᠯᠲᠡ ᠶᠢ ᠰᠢᠪᠲᠤᠯᠬᠤ ᠢᠨᠵᠧᠨᠧᠷᠢᠩ︾᠎ ᠢ ᠭᠦᠨᠵᠡᠭᠡᠶ ᠬᠡᠷᠡᠭᠵᠢᠭᠦᠯᠵᠦ᠂ ᠯᠦᠩ ᠶᠤᠸᠠᠨ ᠳ᠋ᠦᠩ ᠹᠠᠩ 0.5GW᠎ ᠶᠢᠨ ᠪᠣᠬᠢᠷᠲᠤᠯ ᠥᠬᠡᠶ ᠴᠠᠬᠢᠯᠭᠠᠨ ᠬᠠᠩᠭᠠᠬᠤ᠂ ᠴᠢᠩ ᠲᠤᠤ ᠬᠠᠲᠠᠭᠤ ᠯᠢᠲ᠋ᠢ ᠶᠢᠨ ᠴᠠᠬᠢᠯᠭᠠᠨ ᠴᠡᠨᠡᠭ ᠤᠨ ᠠᠵᠤ ᠦᠢᠯᠡᠰ ᠤᠨ ᠬᠦᠷᠢᠶᠡᠯᠡᠩ ᠳᠤ 30MW ᠵᠢᠴᠢ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠂ 100MW ᠥᠩᠭᠡ ᠦᠵᠡᠮᠵᠢ ᠶᠢᠨ ᠨᠥᠭᠡᠴᠡ ᠶᠢᠨ ᠲᠡᠷᠭᠡᠨ ᠤ ᠪᠣᠬᠢᠷᠲᠤᠯ ᠥᠬᠡᠶ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠤᠭᠰᠠᠨ᠂ ᠪᠦᠦ ᠡᠦ ᠴᠢᠩ ᠨᠧᠩ 100MW ᠪᠣᠬᠢᠷᠲᠤᠯ ᠥᠬᠡᠶ ᠴᠠᠬᠢᠯᠭᠠᠨ ᠬᠠᠩᠭᠠᠬᠤ᠂ ᠳ᠋ᠦᠩ ᠹᠠᠩ ᠰᠢ ᠸᠠᠩ ᠠᠵᠤ ᠦᠢᠯᠡᠳᠪᠦᠷᠢ ᠶᠢᠨ ᠴᠠᠬᠢᠭᠤᠷ ᠤᠨ ᠣᠯᠠᠨ ᠲᠠᠯᠠᠰᠲᠤ ᠴᠠᠬᠢᠭᠤᠷ ᠤᠨ 50 ᠳ᠋ᠦᠩᠰᠢᠭᠤᠷ ᠭᠷᠠᠳᠦ᠋ᠰ ᠤᠨ ᠪᠣᠬᠢᠷᠲᠤᠯ ᠥᠬᠡᠶ ᠴᠠᠬᠢᠯᠭᠠᠨ ᠤ ᠬᠠᠩᠭᠠᠯᠭ᠎ᠠ ᠵᠡᠷᠭᠡ ᠵᠢᠱᠢᠶ᠎ᠡ ᠦᠵᠡᠭᠦᠯᠬᠦ ᠲᠥᠷᠥᠯ ᠵᠦᠢᠯ ᠢ ᠪᠥᠬᠦ ᠲᠠᠯ᠎ᠠ ᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠪᠣᠬᠢᠷᠲᠤᠯ ᠥᠬᠡᠶ ᠴᠠᠬᠢᠯᠭᠠᠨ ᠴᠡᠨᠡᠭ ᠬᠠᠳᠠᠭᠠᠯᠠᠵᠤ ᠠᠰᠢᠭᠯᠠᠬᠤ ᠠᠮᠢᠳᠤᠯᠢᠭ ᠴᠢᠨᠠᠷ ᠢ ᠳᠡᠭᠡᠭᠰᠢᠯᠡᠭᠦᠯᠦᠨ᠎ᠡ᠃ ᠲᠣᠰ ᠭᠠᠵᠠᠷ ᠤᠨ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠪᠣᠬᠢᠷᠲᠤᠯ ᠥᠬᠡᠶ ᠴᠠᠬᠢᠯᠭᠠᠨ ᠤ ᠰᠢᠩᠭᠡᠭᠡᠨ ᠠᠪᠬᠤ ᠬᠤᠪᠢ ᠶᠢᠨ ᠵᠢᠩ ᠢ ᠳᠡᠭᠡᠭᠰᠢᠯᠡᠭᠦᠯᠵᠦ᠂ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ ᠢ ᠣᠷᠣᠯᠠᠭᠤᠯᠬᠤ ᠶᠢ ᠪᠥᠬᠦ ᠲᠠᠯ᠎ᠠ ᠪᠠᠷ  ᠳᠡᠯᠭᠡᠷᠡᠭᠦᠯᠵᠦ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢᠨ ᠬᠠᠮᠲᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠣᠬᠢᠷᠲᠤᠯ ᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠦᠯᠡᠳᠡᠭᠰᠡᠨ ᠨᠡᠮᠡᠭᠳᠡᠯ ᠳᠠᠭᠠᠭᠠᠴᠠ ᠶᠢ ᠭᠠᠳᠠᠭᠰᠢ ᠳᠠᠮᠵᠢᠭᠤᠯᠵᠤ ᠪᠠᠭᠲᠠᠭᠠᠨ ᠰᠢᠩᠭᠡᠭᠡᠬᠦ ᠶᠢ ᠥᠷᠭᠡᠳᠬᠡᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠤᠯᠠᠭᠠᠨᠪᠤᠬ᠎ᠠ ᠶᠢᠨ ᠡᠯᠡᠰᠦᠨ ᠴᠦᠯ ᠤᠨ ᠴᠠᠬᠢᠯᠭᠠᠨ ᠬᠡᠯᠬᠢᠶ᠎ᠡ ᠶᠢ ᠨᠡᠪᠲᠡᠷᠡᠭᠦᠯᠵᠦ᠂ ᠳᠣᠷᠣᠨᠠᠲᠤ᠂ ᠳᠠᠯᠠᠢ ᠳᠠᠭᠠᠤ ᠵᠡᠷᠭᠡ ᠲᠡᠷᠢᠭᠦᠨ ᠤ ᠭᠠᠵᠠᠷ ᠣᠷᠣᠨ ᠲᠠᠢ ᠢᠳᠡᠪᠬᠢᠲᠡᠢ ᠪᠠᠷ ᠵᠣᠯᠭᠠᠭᠤᠯᠤᠨ᠂ ᠣᠷᠣᠨ ᠪᠦᠰᠡ ᠶᠢᠨ ᠪᠣᠬᠢᠷᠳᠤᠯ ᠦᠭᠡᠢ ᠴᠠᠬᠢᠯᠭᠠᠨ ᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠰᠢᠨ᠎ᠡ ᠡᠨᠧᠷᠭᠢ ᠶᠢᠨ ᠬᠠᠩᠭᠠᠯᠭ᠎ᠠ ᠪᠠ ᠪᠠᠭᠲᠠᠭᠠᠨ ᠰᠢᠩᠭᠡᠭᠡᠬᠦ ᠬᠤᠷᠠᠮᠠᠯ ᠬᠤᠯᠪᠣᠯᠳᠤᠭᠰᠠᠨ ᠵᠢᠱᠢᠶ᠎ᠡ ᠦᠵᠡᠭᠦᠯᠬᠦ ᠶᠢ ᠪᠠᠶᠢᠭᠤᠯᠤᠨ᠎ᠠ᠃ 
4.jpg   
    ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠣᠯᠠᠨ ᠠᠷᠭ᠎ᠠ ᠵᠠᠮ᠂ ᠣᠯᠠᠨ ᠡᠰᠢᠵᠢᠭᠰᠡᠨ ᠣᠷᠣᠭᠤᠯᠤᠯᠲᠠ ᠶᠢᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢ ᠲᠡᠮᠡᠴᠡᠨ ᠣᠯᠬᠤ ᠪᠠ ᠣᠷᠣᠭᠤᠯᠤᠯᠲᠠ ᠪᠠᠨ ᠨᠡᠮᠡᠭᠳᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠶᠢ ᠲᠦᠷᠭᠡᠳᠬᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠢᠳᠡᠪᠬᠢᠲᠡᠶ ᠪᠠᠷ ᠪᠤᠶᠢᠵᠢᠭᠤᠯᠤᠨ ᠨᠡᠪᠴᠢᠭᠦᠯᠵᠦ᠂ ᠰᠠᠶᠢᠰᠧᠫᠦ᠋᠂ ᠴᠢᠩ ᠲᠤᠤ ᠡᠨᠧᠷᠭᠢ᠂ ᠯᠦᠩ ᠶᠤᠸᠠᠨ ᠣᠷᠴᠢᠨ ᠲᠣᠭᠤᠷᠢᠨ ᠤ ᠬᠠᠮᠠᠭᠠᠯᠠᠯᠲᠠ᠂ ᠢᠷᠪᠢᠰ ᠮᠤᠯᠢᠪᠳᠧᠨ ᠤ ᠠᠭᠤᠷᠬᠠᠢ ᠶᠢᠨ ᠺᠠᠷᠲ ᠵᠡᠷᠭᠡ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ᠂ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠤᠨ ᠨᠡᠭᠡᠭᠡᠬᠦ ᠲᠥᠪ ᠢ ᠪᠠᠶᠢᠭᠤᠯᠬᠤ ᠶᠢ ᠳᠡᠮᠵᠢᠨ᠎ᠡ︔ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 4᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 20 ᠠᠵᠤ ᠠᠬᠤᠶᠢᠯᠠᠯ ᠢ ᠰᠢᠨ᠎ᠡ ᠪᠠᠷ ᠮᠠᠭᠠᠳᠯᠠᠨ ᠲᠣᠭᠲᠠᠭᠠᠨ᠎ᠠ᠃ ᠦᠬᠠᠶ ᠶᠢᠨ ᠰᠢᠨ᠎ᠡ ᠶᠢ ᠡᠭᠦᠳᠦᠭᠴᠢ ᠶᠢᠨ ᠣᠷᠣᠨ ᠵᠠᠶ ᠶᠢᠨ ᠤᠶᠢᠯᠡᠳᠤᠯ ᠢ ᠭᠦᠢᠴᠡᠤᠡ ᠪᠠᠳᠠᠷᠠᠭᠤᠯᠵᠤ᠂ ᠨᠠᠭᠠᠳᠤ ᠵᠠᠬ᠎ᠠ ᠳᠠᠭᠠᠨ 20 ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠪᠠ ᠠᠳᠠᠯ ᠤᠶᠢᠯᠡᠰ ᠴᠣᠭᠴᠠᠯᠠᠬᠤ ᠠᠵᠤ ᠠᠬᠤᠶᠢᠯᠠᠯ ᠢ ᠲᠡᠳᠡᠨ ᠣᠷᠣᠭᠤᠯᠵᠤ᠂ ᠲᠣᠰ ᠭᠠᠵᠠᠷ ᠣᠷᠣᠨ ᠤ ᠠᠵᠤ ᠠᠬᠤᠶᠢᠯᠠᠯ ᠤᠨ ᠲᠣᠰ ᠪᠡᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠲᠣᠰ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠢ 10᠎ ᠶᠢ ᠨᠡᠪᠴᠢᠭᠦᠯᠵᠦ᠂ ᠬᠠᠮᠲᠤᠷᠠᠯᠴᠠᠭᠠᠨ ᠤ ᠶᠡᠭᠡ ᠳᠡᠭᠡᠳᠦ ᠰᠤᠷᠭᠠᠭᠤᠯᠢ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ 3᠎ ᠠᠴᠠ ᠳᠡᠭᠡᠭᠰᠢ ᠫᠠᠶᠢᠰᠠ ᠣᠯᠭᠤᠵᠤ᠂ ᠨᠠᠩ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠲᠤᠬᠠᠶ ᠶᠢᠨ ᠭᠠᠵᠠᠷ ᠲᠤᠨᠢ ᠬᠤᠪᠢᠷᠠᠭᠤᠯᠬᠤ ᠶᠢ ᠠᠬᠢᠭᠤᠯᠤᠨ᠎ᠠ᠃
5.jpg
    ᠰᠠᠯᠬᠢᠨ ᠤ ᠡᠷᠴᠢᠨ ᠳᠡᠭᠡᠷ᠎ᠡ ᠤᠷᠤᠭᠰᠢᠯᠠᠪᠠᠯ ᠰᠦᠷ ᠬᠦᠴᠦᠨ ᠨᠡᠮᠡᠭᠳᠡᠨ᠎ᠡ᠃ ᠬᠠᠶᠢᠷᠤᠪ ᠤᠨ ᠲᠤᠬᠤᠢ ᠲᠣᠭᠤᠷᠢᠭ ᠦᠷᠭᠦᠯᠵᠢᠯᠡᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠤᠯᠠᠮᠵᠢᠯᠠᠯᠲᠤ ᠠᠵᠤ ᠦᠢᠯᠡᠰ᠂ ᠰᠢᠨ᠎ᠡ ᠪᠠᠷ ᠮᠠᠨᠳᠤᠭᠰᠠᠨ ᠠᠵᠤ ᠦᠢᠯᠡᠰ᠂ ᠰᠢᠨ᠎ᠡ ᠡᠨᠧᠷᠭᠢ ᠶᠢᠨ ᠠᠵᠤ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ᠂ ᠤᠳᠤ ᠦᠶ᠎ᠡ ᠶᠢᠨ ᠤᠨᠴᠠᠯᠢᠬᠳᠤ ᠬᠥᠳᠡᠭᠡ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠬᠦ ᠶᠢ ᠠᠬᠢᠭᠤᠯᠵᠤ᠂ ᠤᠯᠠᠨ ᠡᠰᠢᠴᠢᠯᠡᠨ ᠬᠥᠭᠵᠢᠭᠰᠡᠨ᠂ ᠤᠯᠠᠨ ᠲᠦᠢᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃
6.jpg
 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号