ᠥᠬᠠᠢ ᠬᠤᠳᠠ ᠶᠢᠨ ᠨᠢᠭᠡᠳᠤᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠨᠡᠭᠦᠬᠦ ᠨᠥᠬᠦᠴᠡᠯ  ᠪᠦᠷᠢᠯᠳᠤᠪᠡ
ᠨᠡᠶᠢᠲᠡᠯᠡᠭᠰᠡᠨ ᠴᠠᠭ᠄
2024/2/21
    ᠣᠶᠢᠷ᠎ᠠ ᠳᠤ᠂ ᠰᠤᠷᠪᠤᠯᠵᠢᠯᠠᠭᠴᠢ ᠵᠠᠰᠠᠮᠠᠯ ᠵᠠᠮ ᠤᠨ ᠲᠣᠪᠴᠢᠶ᠎ᠠ ᠶᠢᠨ ᠪᠦᠯᠦᠭᠯᠡᠯ ᠤᠨ ᠦᠬᠠᠶ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠲᠥᠷᠥᠯ ᠵᠦᠢᠯ ᠤᠨ ᠬᠡᠯᠲᠡᠰ ᠠᠴᠠ ᠣᠶᠢᠯᠠᠭᠠᠭᠰᠠᠨ ᠨᠢ᠂ ᠲᠣᠰ ᠲᠥᠷᠥᠯ ᠵᠦᠢᠯ ᠤᠨ ᠪᠡᠯᠡᠳᠬᠡᠮᠵᠢ ᠲᠥᠬᠦᠭᠡᠷᠦᠮᠵᠢ ᠶᠢ ᠤᠭᠰᠠᠷᠠᠵᠤ ᠳᠠᠭᠤᠰᠬᠠᠪᠠ᠂ ᠣᠳᠣᠬᠠᠨ ᠳᠤ ᠶᠠᠭ ᠵᠢᠭᠠᠨ ᠰᠤᠷᠭᠠᠯᠲᠠ ᠶᠢᠨ ᠲᠥᠬᠦᠭᠡᠷᠦᠮᠵᠢ᠂ ᠣᠯᠠᠨ ᠵᠠᠭᠤᠴᠢᠯᠠᠭᠤᠷ ᠤᠨ ᠲᠥᠬᠦᠭᠡᠷᠦᠮᠵᠢ᠂ ᠰᠤᠷᠭᠠᠭᠤᠯᠢ ᠶᠢᠨ ᠬᠦᠷᠢᠶᠡᠨ ᠤ ᠰᠦᠯᠵᠢᠶ᠎ᠡ ᠶᠢ ᠲᠣᠬᠢᠷᠠᠭᠤᠯᠤᠨ ᠲᠤᠷᠰᠢᠵᠤ᠂ ᠵᠢᠱᠢᠯᠲᠡ ᠪᠠᠷ 3 ᠰᠠᠷ᠎ᠠ ᠶᠢᠨ 1 ᠤ ᠡᠳᠦᠷ ᠠᠴᠠ ᠡᠮᠦᠨ᠎ᠡ ᠲᠤᠰᠢᠶᠠᠨ ᠬᠡᠷᠡᠭᠯᠡᠭᠦᠯᠵᠦ ᠪᠣᠯᠤᠨ᠎ᠠ᠃
640.jpg   
    ᠲᠣᠰ ᠲᠥᠷᠥᠯ ᠵᠦᠢᠯ ᠪᠣᠯ ᠮᠠᠨ ᠤ ᠬᠤᠲᠠ ᠶᠢᠨ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠪᠠᠷᠠᠭᠤᠨ ᠬᠡᠰᠡᠭ ᠣᠷᠣᠨ ᠳᠤ ᠪᠠᠶᠢᠷᠢᠯᠠᠵᠤ᠂ ᠶᠡᠷᠦᠩᠬᠡᠶ ᠲᠠᠯᠠᠪᠠᠶ ᠨᠢ ᠪᠠᠷᠤᠭ 11.3 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ ᠪᠠᠷᠤᠭ 9.3 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠵᠢᠭᠠᠨ ᠰᠤᠷᠭᠠᠯᠲᠠ ᠶᠢᠨ ᠠᠰᠠᠷ᠂ ᠲᠤᠷᠰᠢᠯᠲᠠ ᠶᠢᠨ ᠠᠰᠠᠷ᠂ ᠰᠣᠷᠣᠭᠴᠢ ᠶᠢᠨ ᠪᠠᠶᠢᠷᠢ᠂ ᠰᠠᠯᠬᠢ ᠪᠣᠷᠣᠭᠠᠨ ᠤ ᠲᠠᠮᠢᠷ ᠤᠨ ᠲᠠᠯᠠᠪᠠᠶ᠂ ᠨᠣᠮ ᠤᠨ ᠰᠠᠩ᠂ ᠮᠡᠳᠡᠭᠦᠯᠦᠯᠲᠡ ᠶᠢᠨ ᠲᠢᠩᠬᠢᠮ᠂ ᠰᠣᠷᠣᠭᠴᠢ ᠶᠢᠨ ᠬᠤᠭᠤᠯᠠᠨ ᠬᠡᠷ ᠵᠡᠷᠭᠡ ᠶᠢ ᠪᠥᠲᠥᠭᠡᠨ ᠪᠠᠶᠢᠭᠤᠯᠵᠤ᠂ ᠰᠤᠷᠭᠠᠭᠤᠯᠢ ᠡᠷᠭᠢᠯᠡᠬᠦ ᠬᠡᠪᠴᠢᠶ᠎ᠡ ᠨᠢ 60 ᠠᠩᠭᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号