ᠠᠵᠢᠯᠯᠠᠬᠤ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ ︽ᠬᠠᠯᠠᠭᠤᠨ ᠤᠲᠠᠰᠤ︾᠎ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/2/22
    ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠬᠦᠴᠦᠨ ᠨᠡᠮᠡᠷᠢᠯᠡᠵᠦ᠂ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃ ᠬᠠᠶᠢᠪᠸᠢ ᠵᠡᠭᠡᠯᠢ ᠭᠤᠳᠤᠮᠵᠢ ᠶᠢᠨ ᠳ᠋ᠦᠩ ᠬᠤᠸᠠᠨ ᠵᠠᠮ ᠤᠨ ᠨᠡᠶᠢᠭᠡᠮ ᠲᠣᠭᠤᠷᠢᠭ ᠤᠨ ᠬᠢᠨ ᠠᠵᠢᠯ ᠶᠠᠪᠤᠳᠠᠯ ᠭᠦᠢᠴᠡᠳᠬᠡᠬᠦ ᠶᠠᠪᠤᠴᠠ ᠳᠤ᠂ ︽123︾ ᠠᠵᠢᠯ ᠤᠨ ᠠᠷᠭ᠎ᠠ ᠶᠢ ᠳ᠋ᠦᠩᠨᠡᠵᠦ᠂ ᠭᠤᠮᠣᠳᠠᠯ ᠱᠠᠭᠠᠷᠳᠠᠯᠭ᠎ᠠ ᠶᠢ ᠳᠠᠭᠠᠬᠤ ᠬᠤᠷᠳᠤᠴᠠ ᠪᠠ ᠰᠢᠢᠳᠪᠦᠷᠢᠯᠡᠬᠦ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠠᠯᠠᠭᠤᠨ ᠤᠲᠠᠰᠤᠨ ᠤ ᠦᠢᠯᠡᠴᠢᠯᠡᠭᠡᠨ ᠤ ᠬᠡᠪᠴᠢᠶ᠎ᠡ ᠶᠢ ᠤᠷᠲᠤᠳᠬᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠨ᠎ᠠ᠃    ᠣᠯᠠᠨ ᠲᠦᠮᠡᠨ ᠤ ᠬᠦᠰᠡᠯ ᠱᠠᠭᠠᠷᠳᠠᠯᠭ᠎ᠠ ᠠᠴᠠ ᠡᠭᠦᠰᠴᠦ᠂ ᠡᠴᠦᠰ ᠲᠡᠭᠡᠨ ᠣᠯᠠᠨ ᠲᠦᠮᠡᠨ ᠤ ᠰᠡᠳᠬᠢᠯ ᠬᠠᠨᠤᠮᠵᠢᠲᠠᠶ  ᠪᠠᠶᠢᠬᠤ ᠶᠢ ᠪᠠᠳᠤᠯᠠᠨ᠎ᠠ᠃ ᠳᠠᠷᠠᠭᠠᠴᠢ ᠶᠢᠨ ᠠᠯᠬᠤᠮ ᠳᠤ᠂ ᠳ᠋ᠦᠩ ᠬᠤᠸᠠᠨ ᠵᠠᠮ ᠤᠨ ᠨᠡᠶᠢᠭᠡᠮ ᠲᠣᠭᠤᠷᠢᠭ ᠤᠨ ᠬᠢᠨ ᠨᠠᠮ ᠤᠨ ᠰᠢᠨ᠎ᠡ ᠶᠢ ᠡᠭᠦᠳᠬᠦ ᠤᠨᠤᠯ ᠤᠨ ᠰᠤᠳᠤᠯᠭᠠᠨ ᠤ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠲᠤᠷᠰᠢᠯᠭ᠎ᠠ ᠶᠢ ᠳ᠋ᠦᠩᠨᠡᠵᠦ᠂ ᠨᠡᠶᠢᠭᠡᠮ ᠤᠨ ᠵᠥᠷᠢᠴᠡᠯ ᠢ ᠠᠷᠢᠯᠭᠠᠬᠤ ︽ᠡᠮᠦᠨ᠎ᠡ ᠬᠠᠷᠠᠭᠤᠯ︾᠎ ᠤᠨ ᠦᠢᠯᠡᠳᠦᠯ ᠢ ᠴᠢᠨᠠᠭᠰᠢᠳᠠ ᠪᠠᠳᠠᠷᠠᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠤᠷᠳᠤᠴᠠ ᠶᠢ ᠲᠦᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号