ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠣᠰᠣ ᠰᠤᠷᠲᠠᠬᠤᠨ ᠤ ᠬᠥᠮᠦᠵᠢᠯ ᠤᠨ ᠳᠡᠳ᠋ ᠵᠠᠬᠢᠷᠤᠯ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠮᠥᠷᠦ᠋ᠢᠴᠡᠭᠡᠨ ᠤ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2024/2/22
    ︽ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠠᠨᠠᠯ︾ ᠪᠣᠯᠤᠨ ︽ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠵᠦᠭᠯᠡᠭᠦᠷ︾᠎ ᠢ ᠭᠦᠨᠵᠡᠭᠡᠢ ᠬᠡᠷᠡᠭᠵᠢᠭᠦᠯᠬᠦ ᠶᠢ ᠴᠢᠨᠠᠭᠰᠢᠳᠠ ᠠᠬᠢᠭᠤᠯᠵᠤ᠂ ᠶᠣᠰᠣ ᠰᠤᠷᠲᠠᠬᠤᠨ ᠤ ᠬᠥᠮᠦᠵᠢᠯ ᠤᠨ ᠳᠡᠳ᠋ ᠵᠠᠬᠢᠷᠤᠯ ᠤᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠣᠯᠤᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ 2024 ᠣᠨ ᠤ 2 ᠰᠠᠷ᠎ᠠ ᠶᠢᠨ 21᠎ ᠤ ᠡᠳᠦᠷ ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠳᠡᠳ᠋ ᠵᠠᠬᠢᠷᠤᠯ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠮᠥᠷᠦ᠋ᠢᠴᠡᠬᠦ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠪᠠ᠃ ᠲᠣᠰ ᠤᠳᠠᠭᠠᠨ ᠤ ᠠᠵᠢᠯᠯᠠᠭ᠎ᠠ ᠳᠤ ︽ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ ᠤᠨ ᠠᠵᠢᠯ ᠤᠨ ᠵᠦᠭᠯᠡᠭᠦᠷ︾᠎ ᠤᠨ ᠣᠨᠣᠯ ᠤᠨ ᠰᠢᠯᠭᠠᠯᠲᠠ ᠪᠠ ᠠᠯᠪᠠᠨ ᠪᠢᠴᠢᠭ ᠤᠨ ᠵᠣᠬᠢᠶᠠᠨ ᠪᠢᠴᠢᠬᠦ ᠬᠤᠶᠠᠷ ᠭᠤᠭᠴᠤᠭ᠎ᠠ᠂ ᠪᠥᠬᠦ ᠲᠤᠭᠤᠷᠢᠭ ᠤᠨ 20 ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠳᠡᠳ᠋ ᠵᠠᠬᠢᠷᠤᠯ ᠨᠢᠭᠡ ᠲᠠᠩᠬᠢᠮ ᠳᠤ ᠴᠤᠭᠯᠠᠷᠠᠵᠤ᠂ ᠨᠢᠭᠡ ᠤᠳᠠᠭᠠᠨ ᠤ ᠬᠤᠷᠴᠠ ᠰᠢᠷᠦᠭᠦᠨ ᠲᠤᠬᠠᠶᠢᠯᠠᠭᠰᠠᠨ ᠠᠵᠢᠯ ᠤᠨ ᠮᠥᠷᠦ᠋ᠢᠴᠡᠭᠡᠨ ᠥᠷᠨᠢᠭᠦᠯᠪᠡ᠃
1708572153488074682.png   
    ᠣᠨᠣᠯ ᠤᠨ ᠰᠣᠷᠢᠯᠲᠠ ᠳᠤ᠂ ︽ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠵᠦᠭᠯᠡᠭᠦᠷ︾᠎ ᠤᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠬᠠᠷᠠᠯᠲᠠ ᠶᠢᠨ ᠰᠢᠰᠲ᠋ᠧᠮ᠂ ᠠᠭᠤᠯᠭ᠎ᠠ ᠶᠢᠨ ᠲᠣᠬᠢᠷᠠᠭᠤᠯᠤᠯᠲᠠ᠂ ᠬᠡᠷᠡᠭᠵᠢᠭᠦᠯᠬᠦ ᠠᠷᠭ᠎ᠠ ᠵᠠᠮ ᠬᠢᠭᠡᠳ ᠱᠠᠭᠠᠷᠳᠠᠯᠭ᠎ᠠ ᠵᠢᠴᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠵᠡᠷᠭᠡ 6 ᠲᠠᠯ᠎ᠠ ᠪᠠᠷ ᠭᠤᠤᠯᠳᠠᠯᠭ᠎ᠠ ᠪᠣᠯᠭᠠᠵᠤ᠂ ᠶᠣᠰᠣ ᠰᠤᠷᠲᠠᠬᠤᠨ ᠤ ᠬᠥᠮᠦᠵᠢᠯ ᠤᠨ ᠳᠡᠳ᠋ ᠰᠤᠷᠭᠠᠭᠤᠯᠢ ᠶᠢᠨ ᠳᠠᠷᠤᠭ᠎ᠠ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠪᠠ᠃ ᠡᠨᠡ ᠨᠢ ᠲᠡᠳᠡᠨ ᠤ ᠣᠨᠣᠯ ᠤᠨ ᠰᠠᠭᠤᠷᠢ ᠶᠢ ᠰᠢᠯᠭᠠᠭᠰᠠᠨ ᠢᠶᠠᠷ ᠪᠠᠷᠠᠬᠤ ᠦᠭᠡᠢ᠂ ᠨᠠᠩ ᠴᠤ ᠲᠡᠳᠡᠨ ᠤ ᠡᠳᠦᠷ ᠲᠤᠲᠤᠮ ᠤᠨ ᠠᠵᠢᠯ ᠤᠨ ᠳᠤᠮᠳᠠᠬᠢ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠲᠤᠬᠠᠶ ᠣᠶᠢᠯᠠᠭᠠᠯᠲᠠ ᠪᠠ ᠬᠡᠷᠡᠭᠯᠡᠯᠲᠡ ᠶᠢ ᠰᠢᠯᠭᠠᠵᠤ ᠪᠠᠶᠢᠨ᠎ᠠ᠃
1708572184179017843.png   
    ᠳᠠᠷᠠᠭ᠎ᠠ ᠨᠢ ᠠᠯᠪᠠᠨ ᠪᠢᠴᠢᠭ ᠵᠣᠬᠢᠶᠠᠨ ᠪᠢᠴᠢᠬᠦ ᠭᠤᠭᠴᠤᠭ᠎ᠠ ᠳᠤ ᠶᠣᠰᠣ ᠰᠤᠷᠲᠠᠬᠤᠨ ᠤ ᠬᠥᠮᠦᠵᠢᠯ ᠤᠨ ᠳᠡᠳ᠋ ᠵᠠᠬᠢᠷᠤᠯ ᠤᠨ ᠠᠵᠢᠯᠯᠠᠭ᠎ᠠ ᠶᠢᠨ ᠲᠥᠰᠦᠯ ᠪᠣᠯᠤᠨ ᠴᠢᠬᠤᠯᠠ ᠶᠡᠭᠡ ᠠᠵᠢᠯᠯᠠᠭ᠎ᠠ ᠶᠢᠨ ᠶᠠᠷᠢᠶᠠᠨ ᠤ ᠡᠬᠡ ᠪᠢᠴᠢᠭ ᠤᠨ ᠴᠢᠳᠠᠪᠤᠷᠢ ᠶᠢ ᠭᠤᠤᠯᠳᠠᠯᠭ᠎ᠠ ᠲᠠᠢ ᠰᠢᠨᠵᠢᠯᠡᠨ ᠪᠠᠶᠢᠴᠠᠭᠠᠪᠠ᠃ ᠤᠷᠤᠯᠳᠤᠭᠠᠨ ᠳᠤ ᠣᠷᠣᠯᠴᠠᠭᠰᠠᠳ ᠲᠣᠭᠲᠠᠭᠰᠠᠨ ᠴᠠᠭ ᠤᠨ ᠳᠣᠲᠣᠷ᠎ᠠ ᠨᠢᠭᠡ ᠬᠤᠪᠢ ᠴᠢᠨᠠᠷ ᠰᠠᠶᠢᠲᠠᠢ ᠠᠵᠢᠯᠯᠠᠭ᠎ᠠ ᠶᠢᠨ ᠲᠥᠰᠦᠯ ᠪᠠ ᠶᠠᠷᠢᠶᠠᠨ ᠤ ᠨᠤᠤᠷᠠᠭ ᠢ ᠪᠡᠶᠡᠯᠡᠭᠦᠯᠬᠦ ᠬᠡᠷᠡᠭᠲᠡᠢ᠂ ᠡᠨᠡ ᠪᠣᠯ ᠲᠡᠳᠡᠨ ᠤ ᠦᠰᠦᠭ ᠪᠢᠴᠢᠭ ᠢᠶᠠᠷ ᠢᠯᠡᠳᠬᠡᠬᠦ ᠴᠢᠳᠠᠪᠤᠷᠢ ᠪᠠ ᠯᠣᠭᠢᠭ ᠰᠡᠳᠬᠢᠬᠦᠢ ᠶᠢᠨ ᠴᠢᠳᠠᠪᠤᠷᠢ ᠶᠢ ᠰᠢᠯᠭᠠᠭᠰᠠᠨ ᠢᠶᠠᠷ ᠪᠠᠷᠠᠬᠤ ᠦᠭᠡᠢ᠂ ᠨᠡᠩ ᠴᠤ ᠲᠡᠳᠡᠨ ᠤ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠳᠤᠮᠳᠠᠬᠢ ᠲᠥᠰᠦᠪᠯᠡᠯ ᠪᠠ ᠵᠣᠬᠢᠶᠠᠨ ᠪᠠᠶᠢᠭᠤᠯᠬᠤ ᠴᠢᠳᠠᠪᠤᠷᠢ ᠶᠢ ᠢᠯᠡᠷᠡᠭᠦᠯᠦᠭᠰᠡᠨ ᠪᠠᠶᠢᠨ᠎ᠠ᠃ ᠲᠣᠰ ᠤᠳᠠᠭᠠᠨ ᠤ ᠶᠡᠭᠡ ᠮᠥᠷᠦ᠋ᠢᠴᠡᠭᠡᠨ ᠤ ᠠᠵᠢᠯᠯᠠᠭ᠎ᠠ ᠨᠢ ᠶᠣᠰᠣ ᠰᠤᠷᠲᠠᠬᠤᠨ ᠤ ᠬᠥᠮᠦᠵᠢᠯ ᠤᠨ ᠳᠡᠳ᠋ ᠵᠠᠬᠢᠷᠤᠯ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠨᠢᠭᠡ ᠤᠳᠠᠭᠠᠨ ᠤ ᠪᠥᠬᠦ ᠲᠠᠯ᠎ᠠ ᠶᠢᠨ ᠰᠢᠯᠭᠠᠯᠲᠠ ᠪᠣᠯᠬᠤ ᠪᠠᠷ ᠪᠠᠷᠠᠬᠤ ᠥᠬᠡᠶ᠂ ᠨᠠᠩ ᠴᠤ ᠲᠡᠳᠡᠨ ᠤ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠨᠢᠭᠡ ᠤᠳᠠᠭ᠎ᠠ ᠳᠡᠭᠡᠭᠰᠢᠯᠡᠭᠦᠯᠦᠭᠰᠡᠨ ᠶᠠᠪᠤᠳᠠᠯ ᠪᠣᠯᠤᠨ᠎ᠠ᠃    ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠲᠤᠰ ᠤᠳᠠᠭ᠎ᠠ ᠶᠢᠨ ᠶᠡᠭᠡ ᠮᠥᠷᠦ᠋ᠢᠴᠡᠭᠡᠨ ᠤ ᠠᠵᠢᠯᠯᠠᠭ᠎ᠠ ᠨᠢ ᠶᠣᠰᠣ ᠰᠤᠷᠲᠠᠬᠤᠨ ᠤ ᠬᠥᠮᠦᠵᠢᠯ ᠤᠨ ᠳᠡᠳ᠋ ᠵᠠᠬᠢᠷᠤᠯ ᠤᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠪᠦᠬᠦ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠢ ᠭᠦᠨᠵᠡᠭᠡᠢ ᠥᠷᠨᠢᠭᠦᠯᠬᠦ ᠳᠤ ᠴᠢᠭᠯᠡᠯ ᠢ ᠢᠯᠡᠷᠡᠭᠦᠯᠵᠦ᠂ ᠴᠤᠭ ᠰᠦᠯᠳᠡ ᠶᠢ ᠬᠥᠪᠴᠢᠯᠡᠭᠰᠡᠨ ᠪᠠᠶᠢᠨ᠎ᠠ ᠭᠡᠪᠡ᠃    ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠦᠷᠭᠦᠯᠵᠢᠯᠡᠨ ᠰᠤᠷᠭᠠᠭᠤᠯᠢ ᠶᠢᠨ ᠤᠳᠤᠷᠢᠳᠬᠤ ᠪᠠᠭ ᠤᠨ ᠲᠤᠰᠬᠠᠶᠢᠵᠢᠭᠰᠠᠨ ᠲᠦᠪᠰᠢᠨ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠪᠠᠭᠰᠢ ᠶᠢᠨ ᠮᠣᠷᠠᠯ ᠡᠷᠬᠢᠮ ᠳᠡᠭᠡᠳᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠰᠤᠷᠭᠠᠭᠤᠯᠢ ᠶᠢᠨ ᠵᠠᠬᠢᠷᠤᠯ ᠤᠨ ᠡᠩᠨᠡᠭᠡ ᠶᠢ ᠴᠢᠷᠮᠠᠶᠢᠨ ᠪᠤᠶᠢᠵᠢᠭᠤᠯᠵᠤ᠂ ᠮᠠᠨ ᠤ ᠲᠤᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号