ᠪᠢᠨ ᠾᠧ ᠵᠡᠭᠡᠯᠢ ᠭᠤᠳᠤᠮᠵᠢ ᠡᠪᠦᠯ ᠬᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/2/23
    ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠥᠪᠰᠢᠨ ᠳᠤ ᠬᠦᠮᠦᠨ ᠪᠦᠬᠦᠨ ᠬᠠᠷᠢᠭᠤᠴᠠᠯᠭ᠎ᠠ ᠲᠠᠢ᠃ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠵᠢᠯᠲᠠᠨ ᠵᠢᠴᠢ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠭᠡᠨᠡᠳᠲᠡ ᠶᠢᠨ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠨᠡᠮᠡᠭᠳᠡᠭᠦᠯᠵᠦ᠂ ᠪᠠᠶᠠᠷ ᠤᠨ ᠡᠳᠦᠷ ᠠᠴᠠ ᠡᠮᠦᠨᠡᠬᠢ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠣᠶᠢᠷ᠎ᠠ ᠳᠤ᠂ ᠪᠢᠨ ᠾᠧ ᠵᠡᠭᠡᠯᠢ ᠭᠤᠳᠤᠮᠵᠢ ᠶᠢᠨ ᠬᠢᠨ ᠡᠪᠦᠯ ᠬᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠢᠨ ᠾᠧ ᠵᠡᠭᠡᠯᠢ ᠭᠤᠳᠤᠮᠵᠢ ᠶᠢᠨ ᠪᠢᠶᠠᠨ ᠰᠠᠶᠢᠨᠤ ᠡᠷᠬᠢᠯᠡᠭᠴᠢ᠂ ᠪᠦᠦ  ᠸᠧᠨ ᠫᠢᠩ ᠡᠷᠬᠢᠯᠡᠭᠴᠢ᠂ ᠡᠯ᠎ᠡ ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠠᠵᠢᠯᠲᠠᠨ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠰᠠᠭᠤᠭᠠᠯᠢ ᠠᠷᠠᠳ ᠤᠨ ᠰᠠᠶᠢᠨ ᠳᠤᠷ᠎ᠠ ᠶᠢᠨ ᠠᠵᠢᠯᠯᠠᠭᠴᠢ ᠪᠣᠯᠪᠠᠰᠤᠷᠠᠯ ᠳᠤ ᠣᠷᠣᠯᠴᠠᠪᠠ᠃    ᠪᠢᠨ ᠾᠧ ᠵᠡᠭᠡᠯᠢ ᠭᠤᠳᠤᠮᠵᠢ ᠶᠢᠨ ᠬᠢᠨ ᠬᠠᠶᠢᠷᠤᠪ ᠤᠨ ᠲᠤᠬᠤᠢ ᠲᠣᠭᠤᠷᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢᠨ ᠭᠤᠤ ᠷᠦᠢ ᠶᠠᠩ ᠵᠥᠪᠯᠡᠭᠴᠢ ᠶᠢ ᠤᠷᠢᠵᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠬᠢᠯᠭᠡᠪᠡ᠃ ᠪᠣᠯᠪᠠᠰᠤᠷᠠᠭᠤᠯᠤᠯ ᠨᠢ ᠣᠶᠢᠷ᠎ᠠ ᠶᠢᠨ ᠠᠷᠪᠠᠨ ᠵᠢᠯ ᠤᠨ ᠪᠥᠬᠦ ᠤᠯᠤᠰ ᠤᠨ ᠣᠷᠣᠨ ᠰᠠᠭᠤᠴᠠ ᠶᠢᠨ ᠲᠠᠯᠠᠪᠤᠷ ᠭᠠᠵᠠᠷ ᠤᠨ ᠭᠠᠯ ᠤᠨ ᠭᠠᠮᠰᠢᠭ ᠤᠨ ᠲᠤᠭ᠎ᠠ ᠪᠠᠷᠢᠮᠲᠠ ᠶᠢᠨ ᠵᠠᠳᠠᠯᠤᠯᠲᠠ ᠲᠠᠢ ᠤᠶᠠᠯᠳᠤᠭᠤᠯᠤᠨ᠂ ᠣᠷᠣᠨ ᠰᠠᠭᠤᠴᠠ ᠳᠤ ᠣᠷᠣᠰᠢᠵᠤ ᠮᠡᠳᠡᠬᠦ ᠠᠮᠤᠷ ᠲᠦᠪᠰᠢᠨ ᠤ ᠳᠠᠯᠳᠠ ᠬᠡᠮ ᠢ ᠲᠠᠨᠢᠯᠴᠠᠭᠤᠯᠵᠤ᠂ ᠠᠰᠠᠷ ᠤᠨ ᠬᠤᠩᠭᠢᠯ ᠳᠤ ᠡᠯᠳᠡᠪ ᠪᠣᠳᠠᠰ ᠪᠤᠶᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠬᠤᠭᠤᠯᠠᠶ ᠶᠢᠨ ᠬᠤᠳᠳᠤᠭ ᠲᠤ ᠨᠣᠴᠣᠮᠠᠲᠠᠭᠠᠶ ᠪᠣᠳᠠᠰ ᠣᠷᠣᠰᠢᠵᠤ ᠪᠠᠶᠢᠬᠤ ᠶᠢ ᠪᠠᠭᠲᠠᠭᠠᠭᠰᠠᠨ ᠡᠯ᠎ᠡ ᠲᠥᠷᠥᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠰᠡᠷᠡᠮᠵᠢ ᠶᠢᠨ ᠹᠢᠯᠢᠮ ᠢ ᠦᠵᠡᠬᠦ ᠪᠠᠷ ᠳᠠᠮᠵᠢᠭᠤᠯᠤᠨ᠂ ᠭᠠᠯ ᠤᠨ ᠭᠠᠮᠰᠢᠭ ᠠᠴᠠ ᠪᠣᠯᠤᠭᠰᠠᠨ ᠬᠠᠷᠠᠰᠠᠯᠳᠤ ᠦᠨ᠎ᠡ ᠥᠷᠲᠡᠭ ᠢ ᠭᠦᠨᠵᠡᠭᠡᠶ ᠮᠡᠳᠡᠷᠡᠵᠦ᠂ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠰᠣᠨᠣᠷ ᠰᠡᠷᠡᠮᠵᠢ ᠶᠢ ᠨᠢ ᠳᠡᠭᠡᠭᠰᠢᠯᠡᠭᠦᠯᠦᠨ᠂ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ ᠡᠭᠦᠨ ᠤ ᠬᠠᠮᠲᠤ ᠡᠳᠦᠷ ᠲᠤᠲᠤᠮ ᠤᠨ ᠭᠠᠯ ᠰᠡᠷᠭᠡᠶᠢᠯᠡᠬᠦ ᠦᠨᠳᠦᠰᠦᠨ ᠶᠡᠷᠦ ᠶᠢᠨ ᠮᠡᠳᠡᠯᠭᠡ ᠵᠢᠴᠢ ᠭᠠᠯ ᠤᠨ ᠠᠶᠤᠯ ᠡᠭᠦᠰᠬᠦ ᠶᠠᠪᠤᠴᠠ ᠳᠠᠬᠢ ᠭᠠᠯ ᠤᠨᠲᠠᠷᠠᠭᠠᠬᠤ ᠮᠡᠷᠭᠡᠵᠢᠯ ᠤᠨ ᠮᠡᠳᠡᠯᠭᠡ ᠶᠢ ᠲᠠᠶᠢᠯᠪᠤᠷᠢᠯᠠᠵᠤ᠂ ᠡᠯ᠎ᠡ ᠨᠡᠶᠢᠭᠡᠮ ᠲᠣᠭᠤᠷᠢᠭ ᠤᠨ ᠠᠵᠢᠯᠲᠠᠨ ᠵᠢᠴᠢ ᠬᠠᠷᠢᠶ᠎ᠠ ᠣᠷᠣᠨ ᠤ ᠪᠠᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠰᠡᠷᠭᠡᠶᠢᠯᠡᠯᠲᠡ ᠶᠢᠨ ᠤᠬᠠᠮᠰᠠᠷ ᠢ ᠦᠨᠡᠨᠬᠦ ᠴᠢᠩᠭᠠᠳᠬᠠᠵᠤ᠂ ᠭᠠᠯ ᠤᠨ ᠠᠶᠤᠯ ᠢ ᠰᠡᠷᠭᠡᠶᠢᠯᠡᠬᠦ ᠴᠢᠳᠠᠪᠤᠷᠢ ᠶᠢ ᠡᠵᠡᠮᠰᠢᠨ᠂ ᠭᠠᠯ ᠤᠨᠲᠠᠷᠠᠭᠠᠬᠤ ᠠᠮᠤᠷ ᠲᠦᠪᠰᠢᠨ ᠢ ᠬᠥᠮᠦᠰ ᠤᠨ ᠰᠡᠳᠬᠢᠯ ᠳᠤ ᠬᠠᠳᠠᠩᠰᠢᠭᠤᠯᠪᠠ᠃    ᠲᠣᠰ ᠤᠳᠠᠭᠠᠨ ᠤ ᠪᠣᠯᠪᠠᠰᠤᠷᠠᠭᠤᠯᠤᠯ ᠨᠢ ᠭᠠᠯ ᠤᠨ ᠭᠠᠮᠰᠢᠭ ᠤᠨ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠬᠤ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠰᠠᠭᠤᠷᠢ ᠶᠢ ᠪᠠᠲᠤᠳᠬᠠᠪᠠ᠃ ᠬᠤᠶᠢᠰᠢᠳᠠ ᠶᠢᠨ ᠠᠵᠢᠯ ᠤᠨ ᠳᠤᠮᠳᠠ᠂ ᠪᠢᠨ ᠾᠧ ᠵᠡᠭᠡᠯᠢ ᠭᠤᠳᠤᠮᠵᠢ ᠶᠢᠨ ᠬᠢᠨ ᠬᠠᠷᠢᠶ᠎ᠠ ᠣᠷᠣᠨ ᠤ ᠪᠠᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠵᠢᠴᠢ ᠪᠣᠯᠪᠠᠰᠤᠷᠠᠯ ᠢ ᠦᠷᠭᠦᠯᠵᠢᠯᠡᠨ ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠶᠡᠬᠡᠪᠡᠷ ᠥᠷᠨᠢᠭᠦᠯᠵᠦ᠂ ᠪᠦᠬᠦ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠣᠯᠤᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠪᠣᠯᠤᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号