2024 ᠣᠨ ᠳᠤ᠂ ᠬᠠᠶᠢᠷᠤᠪ ᠤᠨ ᠲᠤᠬᠤᠢ ᠶᠢᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠢᠩᠭᠢᠵᠦ ᠬᠢᠨ᠎ᠡ ᠁
ᠨᠡᠶᠢᠲᠡᠯᠡᠭᠰᠡᠨ ᠴᠠᠭ᠄
2024/2/27
    2024 ᠣᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ︽ᠠᠷᠠᠳ ᠲᠦᠮᠡᠨ ᠢ ᠳᠡᠭᠡᠳᠦᠯᠡᠬᠦ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠢᠵᠠᠭᠠᠷ ᠲᠠᠢ ᠡᠳ᠋ ᠤᠨ ᠬᠦᠴᠦᠨ ᠢ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠦᠷᠢᠶᠡᠨ ᠳᠤ ᠬᠡᠷᠡᠭᠯᠡᠵᠦ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃    ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠠᠵᠢᠯ ᠢ ᠴᠢᠩᠭᠠᠳᠬᠠᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠬᠦᠴᠦᠯᠡᠨ ᠠᠬᠢᠭᠤᠯᠵᠤ᠂ ᠠᠵᠤ ᠦᠢᠯᠡᠰ ᠤᠨ ᠣᠯᠠᠨ ᠲᠠᠰ ᠳᠠᠪᠬᠤᠷᠭ᠎ᠠ ᠶᠢᠨ ᠠᠵᠢᠯ ᠣᠯᠭᠤᠯᠲᠠ ᠶᠢᠨ ᠲᠠᠪᠴᠠᠩ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠡᠳᠦᠷ ᠤᠨ ᠬᠦᠴᠦᠨ ᠤ ᠵᠠᠬ᠎ᠠ ᠳᠡᠯᠭᠡᠭᠦᠷ ᠢ ᠪᠦᠬᠦ ᠬᠡᠪᠴᠢᠶᠡᠨ ᠳᠤ ᠪᠦᠷᠬᠦᠭᠦᠯᠬᠦ ᠶᠢ ᠪᠡᠶᠡᠯᠡᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠪᠠᠶᠢᠩᠭᠤᠵᠢᠭᠤᠯᠤᠨ ᠥᠷᠨᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠶᠡᠬᠡᠪᠡᠷ ᠨᠡᠭᠡᠭᠡᠨ ᠬᠥᠭᠵᠢᠭᠦᠯᠵᠦ᠂ ᠠᠵᠢᠯ ᠣᠯᠬᠤ ᠳᠤ ᠬᠦᠴᠢᠷᠲᠡᠶ ᠬᠥᠮᠦᠰ ᠢ ᠦᠨᠳᠦᠰᠦᠨ ᠵᠦᠢᠯ ᠢ ᠪᠠᠲᠤᠯᠠᠨ ᠲᠥᠪᠬᠢᠨᠡᠭᠦᠯᠵᠦ᠂ ᠠᠵᠢᠯ ᠣᠯᠤᠭᠰᠠᠨ ᠬᠥᠮᠦᠨ ᠥᠬᠡᠶ ᠬᠡᠷ ᠪᠦᠯᠢ ᠶᠢ ᠬᠥᠳᠡᠯᠦᠩᠭᠦᠶ ᠪᠠᠷ ᠦᠭᠡᠶᠢᠰᠬᠡᠬᠦ ᠶᠢ ᠦᠨᠡᠨᠬᠦ ᠪᠠᠲᠤᠯᠠᠵᠤ᠂ ᠬᠤᠲᠠ ᠪᠠᠯᠭᠠᠰᠤᠨ ᠳᠤ 3000 ᠬᠥᠮᠦᠨ ᠠᠴᠠ ᠳᠡᠭᠡᠭᠰᠢ ᠰᠢᠨ᠎ᠡ ᠪᠠᠷ ᠠᠵᠢᠯ ᠣᠯᠭᠤᠬᠤ ᠶᠢ ᠪᠡᠶᠡᠯᠡᠭᠦᠯᠦᠨ᠎ᠡ᠃ ︽ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ︾᠎ ᠶᠢ ᠪᠠᠷᠢᠮᠲᠠᠯᠠᠨ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠭᠦᠨᠵᠡᠭᠡᠶ ᠠᠬᠢᠭᠤᠯᠵᠤ᠂ ᠦᠨᠳᠦᠰᠦᠨ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠦᠷᠢᠮ ᠢ ᠨᠠᠶᠢᠳᠠᠪᠤᠷᠢᠵᠢᠭᠤᠯᠤᠨ᠎ᠠ᠃ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠰᠢᠢᠤᠡᠪᠤᠷᠢᠯᠡᠬᠦ ᠶᠢ ᠴᠢᠩᠭᠠᠳᠬᠠᠵᠤ᠂ ᠴᠠᠯᠢᠩ ᠥᠷᠢᠲᠦᠭᠰᠡᠨ ᠬᠡᠷᠡᠭ ᠢ ᠰᠢᠢᠤᠡᠪᠤᠷᠢᠯᠡᠬᠦ ᠡᠷᠴᠢᠮ ᠢᠶᠠᠨ ᠨᠡᠮᠡᠭᠳᠡᠭᠦᠯᠵᠦ᠂ ᠨᠡᠩ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠭᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠤᠭᠰᠠᠨ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠨᠠᠰᠤᠵᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠠᠬᠢᠭᠤᠯᠤᠨ᠎ᠠ᠃ ᠴᠡᠷᠢᠭ ᠠᠴᠠ ᠬᠠᠯᠠᠭᠳᠠᠭᠰᠠᠳ ᠪᠣᠯᠤᠨ ᠠᠰᠠᠷᠠᠨ ᠬᠠᠷᠠᠭᠠᠯᠵᠠᠬᠤ ᠡᠲᠡᠭᠡᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ᠂ ᠵᠡᠮᠳᠡᠭᠴᠦᠳ ᠵᠡᠷᠭᠡ ᠠᠮᠢᠳᠤᠷᠠᠯ ᠬᠦᠴᠢᠷᠳᠡᠯᠲᠡᠢ ᠬᠥᠮᠦᠰ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠶᠢ ᠴᠢᠩᠭᠠᠳᠬᠠᠵᠤ᠂ ᠦᠨᠳᠦᠰᠦᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃    ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠡ᠃ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠤᠭᠴᠢᠳ ᠤᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠦᠩᠬᠡᠷᠡᠭᠦᠯᠬᠦ︾ ᠦᠷ᠎ᠡ ᠪᠦᠲᠦᠮᠵᠢ ᠶᠢ ᠪᠠᠬᠢᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠡᠯᠡᠳᠬᠡᠮᠵᠢ ᠶᠢ ᠰᠢᠨᠡᠳᠬᠡᠨ ᠲᠡᠭᠦᠯᠳᠡᠷᠵᠢᠭᠦᠯᠬᠦ ᠶᠢ ᠲᠦᠷᠭᠡᠳᠬᠡᠨ ᠠᠬᠢᠭᠤᠯᠵᠤ᠂ ᠵᠢᠭᠠᠨ ᠰᠤᠷᠭᠠᠯᠲᠠ ᠶᠢᠨ ᠬᠦᠴᠦᠨ ᠢ ᠲᠡᠭᠦᠯᠳᠡᠷᠵᠢᠭᠦᠯᠦᠨ᠂ ᠦᠬᠠᠶ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ︽1 + N︾ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠨᠠᠶᠢᠳᠠᠪᠤᠷᠢᠵᠢᠭᠤᠯᠵᠤ᠂ ︽ᠡᠬᠢᠯᠡᠯᠲᠡ ᠶᠢᠨ ᠱᠤᠭᠤᠮ︾᠂ ︽ᠳᠣᠬᠢᠭᠤᠷ︾᠂ ︽ᠬᠢᠨᠠᠯᠲᠠ ᠲᠠᠯᠪᠢᠬᠤ ᠲᠦᠷᠢᠮ︾ ᠵᠡᠷᠭᠡ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠡᠩᠴᠡᠭᠦᠷᠢᠲᠡᠶ ᠲᠣᠬᠢᠷᠠᠭᠤᠯᠤᠯᠲᠠ ᠶᠢ ᠪᠡᠶᠡᠯᠡᠭᠦᠯᠦᠨ᠎ᠡ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠵᠠᠬᠢᠷᠤᠯ᠂ ᠵᠢᠭᠠᠨ ᠰᠤᠳᠤᠯᠤᠭᠴᠢ᠂ ᠠᠩᠭᠢ ᠶᠢᠨ ᠡᠷᠬᠢᠯᠡᠭᠴᠢ᠂ ᠪᠠᠭᠰᠢ ᠶᠢᠨ ︽ᠳᠥᠷᠪᠡᠨ ᠰᠠᠯᠠᠭ᠎ᠠ︾᠎ ᠶᠢᠨ ᠰᠢᠯᠭᠠᠷᠠᠭᠰᠠᠨ ᠡᠩᠨᠡᠭᠡ ᠶᠢ ᠪᠣᠶ ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠪᠠᠷᠢᠮᠵᠢᠶ᠎ᠠ ᠳᠤ ᠬᠦᠷᠦᠭᠰᠡᠨ ᠰᠢᠯᠭᠠᠨ ᠠᠪᠬᠤ ᠳᠤ ᠬᠢᠷᠢ ᠲᠡᠩᠴᠡᠬᠦ ᠶᠢ ᠦᠨᠡᠨᠬᠦ ᠪᠠᠲᠤᠯᠠᠨ᠎ᠠ᠃    ᠠᠷᠠᠳ ᠲᠦᠮᠡᠨ ᠤ ᠡᠷᠡᠭᠦᠯ ᠮᠡᠨᠳᠦ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠡᠮᠴᠢᠯᠡᠭᠡᠨ ᠤ ︽1+N︾ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠭᠦᠨᠵᠡᠭᠡᠶ ᠨᠠᠶᠢᠳᠠᠪᠤᠷᠢᠵᠢᠭᠤᠯᠵᠤ᠂ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠲᠡᠭᠦᠯᠳᠡᠷᠵᠢᠭᠦᠯᠦᠨ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠳᠣᠷᠣᠭᠰᠢ ᠪᠠᠭᠤᠯᠭᠠᠬᠤ ᠶᠢ ᠠᠬᠢᠭᠤᠯᠤᠨ᠎ᠠ᠃ ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠪᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠭᠤᠷᠢᠭ ᠤᠨ ᠬᠠᠷᠢᠶ᠎ᠠ ᠪᠥᠬᠦᠶ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠵᠥᠭᠡᠯᠡᠨ ᠬᠠᠲᠠᠭᠤ ᠲᠣᠨᠤᠭ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠡᠯ᠎ᠡ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠲᠠ ᠬᠥᠳᠡᠭᠡ ᠶᠢᠨ ᠡᠷᠡᠭᠦᠯ ᠬᠠᠮᠠᠭᠠᠯᠠᠯ ᠤᠨ ᠦᠢᠯᠡᠰ ᠤᠨ ᠲᠡᠩᠴᠡᠭᠦᠷᠢᠵᠢᠨ ᠬᠥᠭᠵᠢᠬᠦ ᠶᠢ ᠠᠬᠢᠭᠤᠯᠵᠤ᠂ ᠪᠦᠬᠦᠯᠢ ᠴᠣᠭᠴᠠ ᠶᠢᠨ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠨ᠋ᠬᠠᠳᠭᠠᠵᠤ᠂ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠡᠪᠡᠳᠴᠢᠨ ᠡᠮᠭᠡᠭ ᠢ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠬᠢᠭᠤᠯᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠶᠡᠬᠡᠪᠡᠷ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃    ᠰᠤᠶᠤᠯ ᠲᠠᠮᠢᠷ ᠤᠨ ᠦᠢᠯᠡᠰ ᠢ ᠲᠠᠰᠤᠷᠠᠯᠲᠠ ᠦᠭᠡᠢ ᠬᠦᠭᠵᠢᠭᠦᠯᠪᠡ᠃ ᠬᠠᠲᠤᠨ ᠭᠤᠤᠯ ᠳᠠᠭᠠᠤ ᠶᠢᠨ ᠰᠣᠶᠣᠯ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠡᠵᠢ ᠭᠤᠤᠯ ᠤᠨ ᠵᠢᠭᠤᠯᠴᠢᠯᠠᠯ ᠤᠨ ᠮᠠᠷᠠᠰᠤᠨ ᠤᠷᠤᠯᠳᠤᠭᠠᠨ ᠤ ᠵᠠᠮ ᠤᠨ ᠲᠥᠷᠥᠯ ᠵᠦᠢᠯ ᠳᠤ ᠲᠦᠰᠢᠭᠯᠡᠨ᠂ ᠣᠯᠠᠨ ᠤᠯᠤᠰ ᠤᠨ ᠡᠯᠡᠰᠦᠨ ᠳᠠᠩ ᠤᠨ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠪᠥᠬᠦ ᠤᠯᠤᠰ ᠤᠨ ᠮᠠᠷᠠᠽᠤᠨ ᠤᠷᠤᠯᠳᠤᠭᠠᠨ᠂ ᠳᠤᠭᠤᠶ ᠲᠡᠷᠭᠡᠨ ᠤ ᠤᠷᠤᠯᠳᠤᠭᠠᠨ ᠵᠡᠷᠭᠡ ᠴᠢᠬᠤᠯᠠ ᠶᠡᠭᠡ ᠠᠵᠢᠯᠯᠠᠭ᠎ᠠ ᠶᠢ ᠡᠷᠭᠢᠯᠡᠬᠦ ᠪᠠ ᠳᠠᠭᠠᠭᠠᠴᠢᠯᠠᠨ ᠡᠷᠬᠢᠯᠡᠨ᠎ᠡ︔ ᠴᠠᠭᠠᠨ ᠰᠠᠷ᠎ᠠ ᠶᠢᠨ ᠰᠢᠷᠢᠰ ᠠᠵᠢᠯᠯᠠᠭ᠎ᠠ᠂ ︽ᠨᠢᠭᠡ ᠮᠦᠴᠡᠲᠤ ᠴᠠᠭ︾᠎ ᠤᠨ ᠭᠠᠷᠠᠭ ᠤᠨ ᠰᠡᠭᠦᠯᠴᠢ ᠶᠢᠨ ᠪᠠᠶᠠᠷ ᠪᠠᠶᠠᠰᠬᠤᠯᠠᠩᠲᠤ ᠴᠤᠭᠯᠠᠭᠠᠨ᠂ ᠤᠯᠠᠭᠠᠨᠮᠥ᠋ᠴᠢᠷ ᠤᠨ ᠬᠥᠳᠡᠭᠡ ᠲᠣᠰᠬᠤᠨ ᠳᠤ ᠣᠷᠣᠬᠤ ᠵᠡᠷᠭᠡ ᠣᠯᠠᠨ ᠲᠦᠮᠡᠨ ᠤ ᠤᠷᠠᠨ ᠰᠠᠶᠢᠬᠠᠨ ᠤ ᠠᠵᠢᠯᠯᠠᠭ᠎ᠠ ᠶᠢ ᠪᠠᠶᠠᠯᠢᠭᠵᠢᠭᠤᠯᠤᠨ᠎ᠠ᠃ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠨ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠦᠷᠭᠦᠯᠵᠢᠯᠡᠨ ᠴᠢᠩᠭᠠᠳᠬᠠᠵᠤ᠂ ᠳᠤᠮᠳᠠᠳᠤ ᠶᠢᠨ ᠰᠢᠯᠢᠳᠡᠭ ᠵᠦᠢᠯ ᠢ ᠪᠠᠳᠠᠷᠠᠭᠤᠯᠤᠨ᠎ᠠ᠃    ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ ᠨᠢᠭᠡᠨ ᠤᠷᠳᠤ ᠬᠤᠭᠤᠴᠠᠭᠠᠨ ᠤ ᠠᠵᠢᠯ ᠪᠣᠯᠤᠨ᠎ᠠ᠂ ᠬᠠᠶᠢᠷᠤᠪ ᠤᠨ ᠲᠤᠬᠤᠢ ᠲᠣᠭᠤᠷᠢᠭ ᠦᠷᠭᠦᠯᠵᠢᠯᠡᠨ ᠠᠷᠠᠳ ᠲᠦᠮᠡᠨ ᠢᠶᠠᠷ ᠭᠤᠣᠯ ᠪᠣᠯᠭᠠᠵᠤ᠂ ᠠᠷᠠᠳ ᠤᠯᠠᠨ ᠤ ᠪᠤᠶᠠᠨ ᠵᠢᠷᠭᠠᠯ ᠢ ᠳᠡᠭᠡᠭᠰᠢᠯᠡᠭᠦᠯᠬᠦ ᠪᠠᠷ ᠠᠵᠢᠯ ᠤᠨ ᠢᠶᠠᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠭᠦᠯᠵᠦ᠂ ᠠᠷᠠᠳ ᠤᠯᠠᠨ ᠳᠤ ᠨᠡᠩ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠡᠭᠦᠳᠴᠦ ᠥᠭᠭᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号