ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 111 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/28
    ᠤᠢᠢᠷ᠎ᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 111 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠭᠠᠳᠠᠨᠠᠬᠢ ᠬᠥᠮᠦᠰ ᠲᠠᠢ ᠬᠠᠮᠲᠤ ᠴᠠᠭᠠᠨ ᠰᠠᠷ᠎ᠠ ᠶᠢ ᠬᠠᠮᠲᠤ ᠪᠠᠷ ᠤᠭᠲᠤᠬᠤ ᠪᠠ 2022 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ︽ᠦᠨᠡᠨ︾ ᠰᠡᠳᠬᠦᠯ ᠤᠨ 2024 ᠣᠨ ᠤ 4 ᠳ᠋ᠤᠭᠡᠷ ᠬᠤᠭᠤᠴᠠᠭᠠᠨ ᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠪᠠᠲᠤᠯᠠᠶ᠎ᠠ︾᠂ ᠰᠦᠨ ᠱᠤᠤ ᠴᠧᠩ᠂ ᠴᠧ ᠵᠢᠶᠦ᠋ᠨ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠳᠡᠭᠡᠷᠡᠬᠢ ᠶᠠᠷᠢᠶ᠎ᠠ ᠵᠡᠷᠭᠡ ᠠᠭᠤᠯᠭ᠎ᠠ ᠶᠢ ᠰᠤᠳᠤᠯᠤᠨ ᠬᠢᠨᠠᠨ ᠵᠥᠪᠯᠡᠭᠰᠡᠨ ᠪᠥᠭᠡᠳ ᠪᠠᠲᠤᠯᠠᠪᠠ︔ ︽ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠦᠬᠠᠶ ᠬᠤᠲᠠ ᠶᠢᠨ ᠨᠠᠮ ᠤᠨ ᠬᠤᠷᠢᠶᠠᠨ ᠤ ᠲᠠᠩ ᠢ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠶ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠶᠠᠷᠢᠯᠴᠠᠵᠤ ᠦᠨᠡᠯᠡᠬᠦ ᠰᠠᠨᠠᠯ ᠤᠨ ᠴᠡᠭᠴᠡᠯᠡᠨ ᠰᠠᠶᠢᠵᠢᠷᠠᠭᠤᠯᠬᠤ ᠲᠥᠰᠦᠯ︾᠂ ︽ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠭᠤᠣᠯᠳᠠᠯᠭ᠎ᠠ︾ ᠵᠡᠷᠭᠡ ᠶᠠᠪᠤᠳᠠᠯ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠰᠦᠨ ᠬᠤᠤ᠂ ᠬᠠᠶᠢᠷᠤᠪ ᠤᠨ ᠲᠤᠬᠤᠢ ᠲᠣᠭᠤᠷᠢᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠭᠤᠣᠯᠳᠠᠯᠭ᠎ᠠ ᠶᠢ ᠲᠤᠪᠤᠶᠢᠯᠭᠠᠨ᠂ ᠵᠠᠩᠭᠢᠯᠠᠭ᠎ᠠ ᠶᠢ ᠡᠵᠡᠮᠳᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠲᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠤᠯᠤᠰ ᠤᠨ ᠬᠠᠤᠯᠢᠵᠢᠯ ᠤᠨ ᠨᠢᠭᠡᠳᠦᠯ᠂ ᠨᠡᠷ᠎ᠡ ᠬᠦᠨᠳᠦ᠂ ᠡᠷᠬᠡ ᠰᠦᠷ ᠢ ᠬᠠᠮᠠᠭᠠᠯᠠᠬᠤ ᠬᠡᠷᠡᠭᠲᠡᠢ᠃ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠨᠡᠭᠦᠷᠡᠰᠦ ᠬᠡᠤᠷᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ ︽ᠭᠤᠷᠪᠠ ᠶᠢ ᠨᠡᠶᠢᠳᠬᠡᠬᠦ︾᠂ ᠤᠯᠠᠮᠵᠢᠯᠠᠯᠲᠤ ᠠᠵᠤ ᠦᠢᠯᠡᠰ ᠵᠡᠷᠭᠡ ᠡᠯ᠎ᠡ ᠵᠦᠢᠯ ᠤᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠶᠢᠲᠠᠢ ᠬᠥᠭᠵᠢᠯᠲᠡ ᠶᠢᠨ ᠣᠷᠣᠨ ᠵᠠᠢ ᠶᠢᠨ ᠪᠠᠶᠢᠷᠢᠰᠢᠯ ᠢ ᠪᠠᠶᠢᠭᠤᠯᠬᠤ ᠬᠡᠷᠡᠭᠲᠡᠢ︔ ᠰᠦᠨ ᠱᠤᠤ ᠴᠧᠩ ᠨᠥᠬᠦᠷ ᠤᠨ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠲᠦᠷᠢᠮ ᠲᠣᠭᠲᠠᠭᠠᠯ ᠲᠣᠭᠲᠠᠭᠠᠬᠤ ᠲᠠᠪᠤᠨ ᠲᠠᠯ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠪᠠᠬᠢᠵᠢᠭᠦᠯᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠡᠷᠬᠢᠮ ᠨᠠᠨᠳᠢᠨ ᠲᠤᠷᠰᠢᠯᠭ᠎ᠠ ᠶᠢ ᠦᠷᠭᠦᠯᠵᠢᠯᠡᠭᠦᠯᠬᠦ ᠬᠡᠷᠡᠭᠲᠡᠢ ᠭᠡᠵᠤ ᠬᠡᠯᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号