ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ 6 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/28
    2 ᠰᠠᠷ᠎ᠠ ᠶᠢᠨ 27᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ 6 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠢᠶᠠᠨ ᠶᠦᠨ ᠭᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ ᠰᠠᠶᠢᠳ ᠯᠢ ᠢᠦᠶ ᠭᠠᠩ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠪᠠᠯᠭᠠᠰᠤ ︵ᠵᠡᠭᠡᠯᠢ ᠭᠤᠳᠤᠮᠵᠢ︶᠎ ᠶᠢᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠢ ᠪᠢᠴᠢᠭ ᠢᠶᠠᠷ ᠰᠣᠨᠣᠰᠤᠭᠰᠠᠨ ᠪᠥᠭᠡᠳ ᠬᠠᠶᠢᠷᠤᠪ ᠤᠨ ᠲᠣᠬᠤᠢ ᠲᠣᠭᠤᠷᠢᠭ ᠤᠨ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠴᠢᠶᠠᠨ ᠶᠦᠨ ᠭᠧ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠬᠦ᠂ ᠪᠣᠳᠠᠲᠠᠢ ᠬᠢᠬᠦ ᠶᠢ ᠦᠷᠭᠦᠯᠵᠢᠯᠡᠨ ᠠᠬᠢᠭᠤᠯᠵᠤ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠢ︔ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠠᠵᠢᠯ ᠤᠨ ᠠᠬᠢᠴᠠ ᠶᠢ ᠴᠢᠩᠭ᠎ᠠ ᠠᠩᠬᠠᠷᠴᠤ᠂ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ ᠠᠬᠢᠭᠤᠯᠬᠤ ᠬᠡᠷᠡᠭᠲᠡᠢ︔ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠪᠣᠳᠠᠲᠠᠶᠢᠵᠢᠭᠤᠯᠬᠤ ᠳᠤ ᠬᠦᠴᠦ ᠨᠡᠮᠡᠷᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠢ ᠠᠵᠢᠯᠯᠠᠭ᠎ᠠ ᠶᠢᠨ ᠪᠦᠬᠦ ᠶᠠᠪᠤᠴᠠ ᠡᠯ᠎ᠡ ᠲᠠᠯ᠎ᠠ ᠳᠤ ᠲᠤᠤᠱᠯᠠᠭᠤᠯᠬᠤ ᠬᠡᠷᠡᠭᠲᠡᠢ︔ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾᠎ ᠶᠢᠨ ᠨᠠᠮ ᠤᠨ ᠡᠭᠦᠷ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠡᠯ᠎ᠡ ᠬᠦᠷᠢᠶᠡᠨ ᠤ ᠪᠠᠬᠢᠯᠡᠯᠲᠡ ᠶᠢᠨ ᠬᠡᠪ ᠳᠠᠭᠤᠷᠢᠶᠠᠯ ᠨᠠᠮ ᠤᠨ ᠡᠭᠦᠷ ᠤᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠢᠭᠡ ᠰᠡᠳᠬᠢᠯ ᠢᠶᠠᠷ ᠨᠠᠮ ᠳᠠᠭᠠᠨ ᠬᠠᠨᠳᠤᠵᠤ᠂ ᠨᠠᠮ ᠤᠨ ᠠᠴᠢ ᠳᠤ ᠲᠠᠯᠠᠷᠬᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ︔ ᠤᠬᠠᠭᠤᠯᠬᠤ ᠬᠡᠯᠲᠡᠰ ᠤᠨ ᠬᠢᠨ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠤᠬᠠᠭᠤᠯᠤᠨ ᠮᠡᠳᠡᠭᠡᠯᠡᠬᠦ ᠠᠵᠢᠯ ᠢ ᠵᠢᠯᠣᠭᠤᠳᠤᠨ ᠰᠠᠶᠢᠲᠤᠷ ᠥᠷᠨᠢᠭᠦᠯᠵᠦ᠂ ᠬᠠᠮ ᠵᠠᠭᠤᠴᠢᠯᠠᠭᠤᠷ ᠤᠨ ᠬᠢᠨ ᠲᠤᠰᠬᠠᠢ ᠪᠤᠯᠤᠩ ᠭᠠᠷᠭᠠᠵᠤ᠂ ᠠᠵᠢᠯᠯᠠᠭ᠎ᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠴᠤᠭᠯᠠᠭᠤᠯᠵᠤ᠂ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠪᠠᠶᠢᠩᠭᠤ ᠶᠢᠨ ᠪᠦᠲᠦᠮᠵᠢᠲᠡᠢ ᠨᠡᠶᠢᠲᠡᠯᠡᠵᠦ᠂ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠰᠢᠨ᠎ᠡ ᠦᠷ᠎ᠡ ᠪᠦᠲᠦᠮᠵᠢ ᠤᠯᠬᠤ᠂ ᠰᠢᠨ᠎ᠡ ᠳᠡᠭᠲᠡᠷ ᠲᠤ ᠭᠠᠷᠬᠤ ᠶᠢ ᠭᠦᠨᠵᠡᠭᠡᠢ ᠠᠬᠢᠭᠤᠯᠵᠤ᠂ ᠰᠢᠨ᠎ᠡ ᠵᠠᠮ ᠢᠶᠠᠷ ᠵᠠᠮᠨᠠᠬᠤ ᠶᠢ ᠠᠬᠢᠭᠤᠯᠬᠤ ᠬᠡᠷᠡᠭᠲᠡᠢ ᠭᠡᠵᠤ ᠬᠡᠯᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号