2024 ᠣᠨ ᠳᠤ᠂ ᠬᠠᠶᠢᠷᠤᠪ ᠤᠨ ᠲᠤᠬᠤᠢ ᠶᠢᠨ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠦᠯᠤᠪᠵᠢᠭᠦᠯᠬᠦ ᠠᠵᠢᠯ ᠢ ᠢᠩᠭᠢᠵᠤ ᠬᠢᠨ᠎ᠡ
ᠨᠡᠶᠢᠲᠡᠯᠡᠭᠰᠡᠨ ᠴᠠᠭ᠄
2024/2/28
    ᠠᠮᠤᠷ ᠲᠦᠪᠰᠢᠨ ᠪᠣᠯ ᠬᠥᠭᠵᠢᠯᠲᠡ ᠶᠢᠨ ᠤᠷᠢᠲᠠᠯ ᠮᠥᠨ᠂ ᠬᠥᠭᠵᠢᠯᠲᠡ ᠪᠣᠯ ᠠᠮᠤᠷ ᠲᠦᠪᠰᠢᠨ ᠤ ᠪᠠᠲᠤᠯᠠᠭ᠎ᠠ ᠮᠥᠨ᠃ 2024 ᠣᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ  ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠲᠣᠭᠲᠠᠭᠤᠨ ᠡᠷᠡᠭᠦᠯ ᠠᠵᠤ ᠠᠬᠤᠢ ᠨᠡᠶᠢᠭᠡᠮ ᠤᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠬᠤᠷᠰᠢᠯᠴᠠᠭ᠎ᠠ ᠶᠢ ᠪᠡᠶᠡᠯᠡᠭᠦᠯᠦᠨ᠎ᠡ᠃
1.png   
    ᠥᠷᠢ ᠥᠭᠴᠡᠭᠡ ᠶᠢ ᠠᠷᠢᠯᠭᠠᠬᠤ ᠠᠵᠢᠯ ᠢ ᠪᠦᠬᠦ ᠬᠦᠴᠦᠨ ᠢᠶᠠᠷ ᠠᠬᠢᠭᠤᠯᠤᠨ᠎ᠠ    ᠥᠷᠢ ᠥᠭᠴᠡᠭᠡ ᠶᠢᠨ ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠨᠡᠮᠡᠭᠳᠡᠯ ᠤᠨ ᠬᠡᠮᠵᠢᠶ᠎ᠡ ᠶᠢ ᠬᠤᠷᠢᠭᠯᠠᠵᠤ᠂ ᠦᠯᠡᠳᠡᠭᠡᠯ ᠢ ᠪᠠᠭᠠᠰᠬᠠᠨ᠎ᠠ᠃ ᠡᠯ᠎ᠡ ᠲᠥᠷᠥᠯ ᠤᠨ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠠᠮᠢᠳᠤᠯᠢᠭ ᠪᠣᠯᠭᠠᠵᠤ᠂ ᠪᠦᠬᠦ ᠵᠢᠯ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠦᠨ᠂ ︽ᠤᠯᠠᠪᠤᠷ ᠥᠩᠭᠡ︾ ᠥᠷᠢ ᠥᠭᠴᠡᠭᠡᠨ ᠤ ᠥᠨᠳᠥᠷ ᠲᠦᠭᠰᠢᠭᠦᠷᠢᠲᠦ ᠨᠡᠷᠡᠰ ᠤᠨ ᠵᠢᠭᠰᠠᠭᠠᠯᠲᠠ ᠠᠴᠠ ᠭᠠᠷᠬᠤ ᠪᠠᠷ ᠴᠢᠷᠮᠠᠶᠢᠨ᠎ᠠ᠃    ᠠᠶᠤᠯᠭᠦᠢ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠰᠠᠶᠢᠲᠤᠷ  ᠠᠤᠡᠬᠤᠨ᠎ᠠ  ᠠᠶᠤᠯᠭᠦᠢ ᠦᠢᠯᠡᠳᠪᠦᠷᠢᠯᠡᠯ ᠤᠨ ᠡᠭᠡᠯᠵᠢ ᠳᠤᠭᠤᠶᠢᠯᠠᠩ ᠤᠨ ᠵᠢᠭᠠᠨ ᠰᠤᠷᠭᠠᠬᠤ ᠲᠦᠷᠢᠮ᠂ ᠠᠶᠤᠯᠭᠦᠢ ᠦᠢᠯᠡᠳᠪᠦᠷᠢᠯᠡᠯ ᠢ ᠰᠢᠮᠳᠠᠭᠤᠯᠤᠨ ᠪᠠᠶᠢᠴᠠᠭᠠᠵᠤ ᠴᠢᠩᠭ᠎ᠠ ᠰᠢᠳᠬᠡᠬᠦ ᠲᠦᠷᠢᠮ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯᠲᠡᠨ ᠤ ᠠᠶᠤᠩᠭ᠎ᠠ ᠶᠢᠨ ᠲᠦᠷᠢᠮ ᠪᠣᠯᠤᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯ ᠤᠨ ᠪᠣᠳᠠᠲᠠᠢ ᠳᠤ ᠬᠦᠷᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠠᠵᠢᠯ ᠢ ᠰᠠᠶᠢᠲᠤᠷ ᠠᠳᠬᠤᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃
2.png
    ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠢ ᠨᠢᠭᠡᠳᠦᠯᠲᠡᠶ ᠲᠥᠯᠥᠪᠯᠡᠨ᠂ ᠪᠣᠳᠠᠲᠤ ᠪᠠᠶᠢᠯᠳᠤᠭᠠᠨ ᠤ ᠰᠣᠷᠢᠯᠲᠠ ᠪᠠ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠢ ᠵᠢᠯᠣᠭᠤᠳᠬᠤ ᠲᠤᠭ᠎ᠠ ᠪᠠᠷᠢᠮᠲᠠ ᠶᠢᠨ ᠲᠥᠪ ᠤᠨ ᠪᠠᠶᠢᠭᠤᠯᠤᠯᠲᠠ ᠶᠢ ᠠᠬᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ︽ᠥᠴᠦᠬᠡᠨ ᠴᠦ ᠠᠭᠤᠴᠢᠯᠠᠬᠤ ᠦᠭᠡᠢ︾ ᠣᠪᠣᠷ ᠢᠶᠠᠷ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠡᠭᠴᠡᠯᠡᠨ ᠵᠠᠰᠠᠵᠤ᠂ ᠠᠷᠠᠳ ᠤᠯᠠᠨ ᠤ ᠢᠳᠡᠭᠡᠨ ᠤᠮᠳᠠᠭᠠᠨ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠶᠠᠰᠤ ᠴᠢᠨᠠᠷ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠤᠨ᠎ᠠ᠃    ᠨᠡᠶᠢᠭᠡᠮ ᠤᠨ ᠳᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ    ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠣᠭᠲᠠᠴᠠ ᠶᠢᠨ ᠰᠢᠨ᠎ᠡ ᠶᠢ ᠡᠭᠦᠳᠴᠦ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠦᠨᠳᠦᠰᠦᠨ ᠱᠠᠲᠤᠨ ᠳᠤ ᠠᠷᠢᠯᠭᠠᠵᠤ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠲᠦᠷᠭᠡᠳᠬᠡᠵᠦ᠂ ︽ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ︾᠎ ᠶᠢ ᠢᠳᠡᠪᠬᠢᠲᠡᠢ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠤᠨ᠎ᠠ᠃
640 (2).png   
    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠪᠣᠳᠠᠲᠠᠢ ᠪᠦᠲᠦᠮᠵᠢᠲᠡᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠪᠠᠶᠢᠭᠤᠯᠤᠯᠲᠠ ᠶᠢ ᠳᠡᠮᠵᠢᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶᠎ ᠶᠢ ᠴᠢᠷᠮᠠᠶᠢᠨ ᠪᠠᠶᠢᠭᠤᠯᠤᠨ᠎ᠠ᠃ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠪᠦᠬᠦ ᠲᠠᠯ᠎ᠠ ᠶᠢᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠬᠠᠮᠠᠭᠠᠯᠠᠨ᠎ᠠ᠃    ᠬᠠᠶᠢᠷᠤᠪ ᠤᠨ ᠲᠤᠬᠤᠢ ᠲᠣᠭᠤᠷᠢᠭ ᠤᠨ ᠬᠢᠨ ᠪᠦᠬᠦ ᠨᠡᠶᠢᠭᠡᠮ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠴᠢᠷᠮᠠᠶᠢᠨ ᠳᠡᠭᠡᠭᠰᠢᠯᠡᠭᠦᠯᠵᠦ᠂ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠰᠠᠬᠢᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠬᠠᠶᠢᠷᠤᠪ ᠤᠨ ᠲᠤᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠮᠤᠷ ᠠᠮᠤᠭᠤᠯᠠᠩ ᠬᠠᠶᠢᠷᠤᠪ ᠤᠨ ᠲᠤᠬᠤᠢ ᠶᠢ ᠪᠦᠳᠦᠭᠡᠨ ᠪᠠᠶᠢᠭᠤᠯᠬᠤ ᠳᠤ ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号