ᠰᠠᠶᠢᠨ ᠴᠢᠮᠡᠭᠡ︕ ᠬᠠᠶᠢᠷᠤᠪ ᠤᠨ ᠲᠤᠬᠤᠢ ᠶᠢᠨ ᠪᠠᠰᠠ ᠨᠢᠭᠡᠨ ᠬᠠᠮᠲᠤᠷᠠᠯᠴᠠᠭᠠᠨ ᠤ ᠲᠦᠷᠦᠯ ᠵᠦᠢᠯ ᠤᠷᠤᠭᠰᠢᠲᠠᠢ ᠪᠠᠷ ᠭᠡᠷ᠎ᠡ ᠲᠤᠭᠲᠠᠵᠠᠢ
ᠨᠡᠶᠢᠲᠡᠯᠡᠭᠰᠡᠨ ᠴᠠᠭ᠄
2024/2/29
    ᠬᠠᠶᠢᠷᠤᠪ ᠤᠨ ᠲᠤᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 2 ᠰᠠᠷ᠎ᠠ ᠶᠢᠨ 28᠎ ᠤ ᠡᠳᠦᠷ ᠤᠨ ᠦᠳᠡ ᠶᠢᠨ ᠡᠮᠦᠨ᠎ᠡ᠂ ᠬᠠᠶᠢᠷᠤᠪ ᠤᠨ ᠲᠤᠬᠤᠢ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠨᠢᠩᠰᠢᠶᠠ ᠶᠢᠨ ᠱᠢ ᠽᠦᠢ ᠱᠠᠨ ᠬᠤᠳᠠ ᠶᠢᠨ ᠨᠢᠭᠡᠳᠦᠭᠡᠷ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠠᠳᠤᠨ ᠭᠤᠣᠯ ᠤᠨ ︽几︾ ᠦᠰᠦᠭ ᠤᠨ ᠪᠤᠯᠤᠩ ᠤᠨ ᠡᠷᠡᠭᠦᠯ ᠬᠠᠮᠠᠭᠠᠯᠠᠯ ᠡᠮ ᠡᠮᠨᠡᠯᠭᠡ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃
    ᠬᠤᠶᠠᠷ ᠭᠠᠵᠠᠷ ᠣᠷᠣᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠢ ᠲᠣᠭᠲᠠᠭᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠤ ᠳᠠᠷᠠᠭ᠎ᠠ ᠳᠣᠣᠷᠠᠬᠢ 4 ᠲᠠᠯ᠎ᠠ ᠪᠠᠷ ᠬᠠᠮᠲᠤᠷᠠᠨ ᠠᠵᠢᠯᠯᠠᠨ᠎ᠠ᠄ ᠣᠷᠣᠨ ᠪᠦᠰᠡ ᠶᠢᠨ ᠴᠢᠨᠠᠷ ᠰᠠᠢᠲᠠᠢ ᠡᠮᠴᠢᠯᠡᠭᠡᠨ ᠤ ᠡᠬᠢ ᠪᠠᠶᠠᠯᠢᠭ ᠢ ᠬᠠᠮᠲᠤᠪᠠᠷ ᠡᠳ᠋ᠯᠡᠨ᠎ᠡ᠃ ᠲᠤᠰ ᠲᠤᠰ ᠤᠨ ᠭᠤᠣᠯᠳᠠᠯᠭ᠎ᠠ ᠲᠠᠢ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠷᠠᠳ ᠲᠦᠮᠡᠨ ᠳᠤ ᠳᠠᠪᠠᠭᠤᠯᠢᠭ ᠲᠤᠰᠬᠠᠢ ᠮᠡᠷᠭᠡᠵᠢᠯ ᠤᠨ ᠰᠦᠷᠦᠭ ᠪᠠᠶᠢᠭᠤᠯᠵᠤ ᠦᠭᠭᠦᠨ᠎ᠡ᠃ ᠲᠤᠰᠬᠠᠶ ᠮᠡᠷᠭᠡᠵᠢᠯᠲᠡᠨ ᠤ ᠬᠠᠮᠲᠤᠷᠠᠨ ᠣᠨᠣᠰᠢᠯᠠᠬᠤ ᠲᠣᠭᠲᠠᠴᠠ ᠵᠢᠴᠢ ᠣᠯᠠᠨ ᠰᠢᠨᠵᠢᠯᠡᠭᠡᠨ ᠤ ᠰᠠᠯᠠᠭ᠎ᠠ ᠶᠢᠨ ᠬᠤᠯᠪᠣᠭᠠᠲᠤ ᠬᠤᠷᠠᠯ ᠤᠨ ᠣᠨᠣᠰᠢᠯᠠᠬᠤ ᠲᠣᠭᠲᠠᠴᠠ ᠶᠢ ᠪᠠᠶᠢᠭᠤᠯᠵᠤ᠂ ᠬᠤᠶᠠᠷ ᠭᠠᠵᠠᠷ ᠤᠨ ᠡᠮᠴᠢᠯᠡᠭᠡᠨ ᠤ ᠦᠢᠯᠡᠴᠢᠯᠡᠭᠡ ᠶᠢᠨ ᠣᠨᠣᠰᠢᠯᠠᠨ ᠡᠮᠨᠡᠬᠦ ᠴᠢᠳᠠᠪᠤᠷᠢ ᠶᠢ ᠲᠦᠷᠭᠡᠨ ᠳᠡᠭᠡᠭᠰᠢᠯᠡᠭᠦᠯᠬᠦ ᠶᠢ ᠠᠬᠢᠭᠤᠯᠤᠨ᠎ᠠ︔ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤ ᠳᠤ ᠪᠠᠨ ᠭᠥᠷᠳᠡᠬᠦ ᠶᠢ ᠪᠠᠶᠢᠭᠤᠯᠤᠨ᠎ᠠ᠃ ᠬᠤᠶᠠᠷ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠠᠬᠢᠭᠤᠯᠵᠤ᠂ ᠣᠷᠣᠨ ᠪᠦᠰᠡ ᠠᠯᠤᠰᠯᠠᠭᠰᠠᠨ ᠲᠤᠰᠬᠠᠶ ᠰᠠᠯᠠᠭᠠᠨ ᠤ ᠬᠤᠯᠪᠣᠭ᠎ᠠ ᠪᠠ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ᠂ ᠬᠤᠶᠠᠷ ᠭᠠᠵᠠᠷ ᠤᠨ ᠡᠷᠳᠡᠮ ᠰᠢᠨᠵᠢᠯᠡᠭᠡᠨ ᠤ ᠰᠣᠯᠢᠯᠴᠠᠭ᠎ᠠ᠂ ᠡᠮᠴᠢᠯᠡᠭᠡᠨ ᠤ ᠬᠠᠮᠵᠢᠯᠴᠠᠭ᠎ᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠳᠤ ᠣᠷᠣᠯᠴᠠᠵᠤ᠂ ᠡᠷᠳᠡᠮ ᠰᠢᠨᠵᠢᠯᠡᠭᠡᠨ ᠤ ᠰᠣᠯᠢᠯᠴᠠᠭᠠᠨ ᠤ ᠲᠠᠪᠴᠠᠩ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠠᠵᠢᠯ ᠤᠨ ᠰᠣᠯᠢᠯᠴᠠᠭ᠎ᠠ ᠲᠣᠯᠢᠯᠠᠯ ᠢ ᠠᠬᠢᠭᠤᠯᠵᠤ᠂ ᠬᠠᠮᠲᠤ ᠪᠠᠷ ᠡᠳ᠋ᠯᠡᠬᠦ ᠰᠢᠨ᠎ᠡ ᠶᠢ ᠡᠭᠦᠳᠬᠦ ᠲᠠᠪᠴᠠᠩ ᠪᠠ ᠡᠬᠢ ᠪᠠᠶᠠᠯᠢᠭ ᠤᠨ ᠬᠥᠮᠥᠷᠭᠡ ᠶᠢ ᠳᠡᠮᠵᠢᠨ᠎ᠡ︔ ᠡᠷᠡᠭᠦᠯ ᠬᠠᠮᠠᠭᠠᠯᠠᠯ ᠤᠨ ᠴᠢᠬᠤᠯᠠ ᠶᠡᠭᠡ ᠪᠠᠴᠢᠮ ᠪᠠᠶᠢᠳᠠᠯ ᠢ ᠠᠷᠭᠠᠴᠠᠬᠤ ᠪᠠ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ᠃ ᠭᠡᠨᠡᠳᠲᠡ ᠶᠢᠨ ᠬᠡᠷᠡᠭ ᠤᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠵᠠᠰᠠᠬᠤ ᠰᠠᠭᠠᠳ ᠦᠭᠡᠢ ᠵᠠᠮ ᠢ ᠨᠡᠭᠡᠭᠡᠨ᠎ᠡ᠃ ᠭᠡᠨᠡᠳᠲᠡ ᠶᠢᠨ ᠬᠡᠷᠡᠭ ᠪᠣᠯᠤᠨ ᠬᠦᠨᠳᠦ ᠶᠡᠭᠡ ᠬᠢᠵᠢᠭ ᠡᠪᠡᠳᠴᠢᠨ ᠢ ᠬᠠᠮᠲᠤ ᠪᠠᠷ ᠠᠷᠭᠠᠴᠠᠵᠤ᠂ ᠬᠤᠶᠠᠷ ᠭᠠᠵᠠᠷ ᠤᠨ ᠬᠠᠯᠳᠠᠪᠤᠷᠢᠲᠤ ᠡᠪᠡᠳᠴᠢᠨ ᠢ ᠬᠢᠨᠠᠨ ᠬᠡᠮᠵᠢᠬᠦ᠂ ᠲᠦᠭᠰᠢᠭᠦᠷᠢ ᠶᠢ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠵᠡᠷᠭᠡ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠴᠠᠭ ᠲᠤᠬᠠᠶ ᠳᠤᠨᠢ ᠮᠡᠳᠡᠭᠡ ᠵᠠᠩᠭᠢ ᠨᠡᠪᠲᠡᠷᠡᠭᠦᠯᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ᠬᠤᠶᠠᠷ ᠭᠠᠵᠠᠷ ᠤᠨ ᠣᠨᠣᠰᠢᠯᠠᠨ ᠪᠠᠶᠢᠴᠠᠭᠠᠭᠰᠠᠨ ᠦᠷ᠎ᠡ ᠳ᠋ᠦᠩ᠂ ᠰᠢᠯᠭᠠᠨ ᠪᠠᠶᠢᠴᠠᠭᠠᠭᠰᠠᠨ ᠪᠠᠶᠢᠴᠠᠭᠠᠯᠲᠠ ᠶᠢ ᠬᠠᠷᠢᠯᠴᠠᠨ ᠮᠡᠳᠡᠷᠡᠨ᠎ᠡ᠃ ᠬᠤᠶᠠᠷ ᠭᠠᠵᠠᠷ ᠤᠨ ᠰᠢᠯᠭᠠᠨ ᠪᠠᠶᠢᠴᠠᠭᠠᠬᠤ ᠪᠠᠶᠢᠴᠠᠭᠠᠯᠲᠠ ᠶᠢᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠡᠭᠦᠨ ᠳᠤ ᠵᠢᠷᠦᠬᠡᠨ ᠤ ᠯᠤᠭᠰᠢᠯᠲᠠ᠂ ᠰᠠᠴᠤᠷᠠᠭ ᠤᠨ ᠲᠦᠷᠰᠦ ᠰᠢᠩᠭᠡᠭᠡᠯᠲᠡ᠂ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠬᠠᠷᠢᠯᠴᠠᠨ ᠮᠡᠳᠡᠷᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢ ᠴᠢᠯᠥᠭᠡᠲᠡᠶ ᠪᠣᠯᠭᠠᠵᠤ᠂ ᠬᠤᠶᠠᠷ ᠭᠠᠵᠠᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠬᠠᠮᠲᠤᠷᠠᠯᠴᠠᠬᠤ ᠶᠢ ᠠᠬᠢᠭᠤᠯᠵᠤ᠂ ᠡᠪᠡᠳᠴᠢᠲᠡᠨ ᠤ ᠡᠪᠡᠳᠴᠢᠨ ᠤ ᠪᠠᠶᠢᠳᠠᠯ ᠢ ᠨᠠᠩ ᠪᠥᠬᠦ ᠲᠠᠯ᠎ᠠ ᠪᠠᠷ ᠣᠶᠢᠯᠠᠭᠠᠵᠤ᠂ ᠡᠮᠴᠢᠯᠡᠭᠡᠨ ᠤ  ᠤᠶᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
    ᠬᠠᠶᠢᠷᠤᠪ ᠤᠨ ᠲᠤᠬᠤᠢ ᠲᠣᠭᠤᠷᠢᠭ ᠤᠨ ᠬᠢᠨ ᠡᠮᠴᠢᠯᠡᠭᠡᠨ ᠤ ᠪᠦᠯᠦᠭᠯᠡᠯ ᠪᠠᠶᠢᠭᠤᠯᠬᠤ ᠶᠢ ᠭᠤᠣᠯᠳᠠᠯᠭ᠎ᠠ ᠲᠠᠢ ᠠᠬᠢᠭᠤᠯᠵᠤ᠂ ᠬᠠᠳᠤᠨ ᠭᠤᠣᠯ ᠤᠨ ︽几︾ ᠭᠡᠬᠦ ᠥᠰᠥᠭ ᠤᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠠᠳᠤᠨ ᠭᠤᠣᠯ ᠤᠨ ︽几︾ ᠭᠡᠬᠦ ᠥᠰᠥᠭ ᠤᠨ ᠣᠷᠣᠨ ᠪᠦᠰᠡ ᠶᠢᠨ ᠳᠣᠲᠣᠷᠠᠬᠢ ᠡᠮᠴᠢᠯᠡᠭᠡᠨ ᠤ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ᠬᠠᠲᠤᠨ ᠭᠤᠤᠯ ᠤᠨ ︽几︾ ᠦᠰᠦᠭ ᠤᠨ ᠮᠤᠷᠤᠢ ᠭᠤᠤᠯ ᠪᠣᠯᠬᠤ ᠬᠤᠲᠠ ᠶᠢᠨ ᠡᠮᠴᠢᠯᠡᠭᠡᠨ ᠤ ᠦᠢᠯᠡᠴᠢᠯᠡᠭᠡᠨ ᠤ ᠲᠣᠭᠤᠷᠢᠭ ᠢ ᠪᠠᠶᠢᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ ᠴᠢᠨᠠᠷ ᠰᠠᠶᠢᠲᠠᠶ ᠬᠥᠭᠵᠢᠯᠲᠡ ᠶᠢᠨ ᠬᠠᠷᠢᠯᠴᠠᠨ ᠬᠠᠷᠠᠭᠠᠯᠵᠠᠵᠤ ᠬᠠᠷᠢᠯᠴᠠᠨ ᠨᠡᠪᠲᠡᠷᠡᠯᠴᠡᠬᠦ ᠰᠢᠨ᠎ᠡ ᠵᠠᠭᠪᠤᠷ ᠢ ᠪᠣᠶ ᠪᠣᠯᠭᠠᠵᠤ᠂ ᠬᠤᠲᠠ ᠶᠢ ᠬᠠᠮᠤᠷᠤᠭᠰᠠᠨ ᠨᠢᠭᠲᠠ ᠬᠡᠯᠪᠡᠷᠢ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢ ᠪᠠᠶᠢᠭᠤᠯᠵᠤ᠂ ᠬᠤᠶᠠᠷ ᠭᠠᠵᠠᠷ ᠤᠨ ᠡᠪᠡᠳᠴᠢᠲᠡᠨ ᠤ ᠭᠤᠤᠯᠳᠠᠯᠭ᠎ᠠ ᠲᠠᠢ ᠲᠤᠰᠬᠠᠶ ᠡᠮᠨᠡᠯᠭᠡ ᠶᠢᠨ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠵᠦ᠂ ᠣᠷᠣᠨ ᠪᠦᠰᠡ ᠶᠢᠨ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号