ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ 2024 ᠣᠨ ᠤ ᠬᠠᠪᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/29
    2 ᠰᠠᠷ᠎ᠠ ᠶᠢᠨ 23᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ 2024 ᠣᠨ ᠤ ᠬᠠᠪᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠠᠮᠤᠷ ᠲᠦᠪᠰᠢᠨ ᠤ ᠬᠠᠷᠢᠭᠤᠴᠠᠯᠭᠠᠲᠠᠨ ᠬᠤᠷᠠᠯ ᠢ ᠡᠷᠭᠢᠯᠡᠵᠦ᠂ ᠲᠣᠭᠤᠷᠢᠭ ᠤᠨ ᠬᠠᠷᠢᠶ᠎ᠠ 59 ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
安全.png   
    ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠩᠭᠡᠷᠡᠭᠰᠡᠨ ᠨᠢᠭᠡ ᠵᠢᠯ ᠤᠨ ᠠᠮᠤᠷ ᠲᠦᠪᠰᠢᠨ ᠤ ᠠᠵᠢᠯ ᠢ ᠨᠠᠷᠢᠨ ᠬᠢᠨᠠᠮᠠᠭᠠᠢ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠭᠦᠨᠵᠡᠭᠡᠢ ᠵᠠᠳᠠᠯᠤᠯᠲᠠ ᠬᠢᠵᠦ᠂ ᠲᠤᠰ ᠵᠢᠯ ᠤᠨ ᠠᠵᠢᠯ ᠤᠨ ᠲᠤᠬᠠᠢ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠭᠰᠡᠨ ᠪᠥᠭᠡᠳ ᠪᠣᠳᠠᠲᠠᠢ ᠪᠠᠷᠢᠮᠵᠢᠶ᠎ᠠ ᠱᠠᠭᠠᠷᠳᠠᠯᠭ᠎ᠠ ᠳᠤᠷᠠᠳᠴᠠᠢ᠃    ᠬᠤᠷᠠᠯ ᠠᠴᠠ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠲᠠᠰᠢᠷᠠᠮ ᠢᠶᠠᠷ᠂ ᠡᠯ᠎ᠡ ᠰᠤᠷᠭᠠᠭᠤᠯᠢ ︵ᠬᠡᠤᠬᠡᠳ ᠤᠨ ᠴᠡᠴᠡᠷᠯᠢᠭ︶ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠰᠡᠷᠭᠡᠭ ᠢᠶᠠᠷ ᠲᠠᠨᠢᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠪᠠᠶᠢᠳᠠᠯ ᠵᠢᠴᠢ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠰᠤᠷᠭᠠᠭᠤᠯᠢ ᠶᠢᠨ ᠬᠦᠷᠢᠶᠡᠨ ᠤ ᠠᠵᠢᠯ ᠤᠨ ᠴᠢᠬᠤᠯᠠ ᠠᠴᠠ ᠴᠢᠬᠤᠯᠠ ᠵᠦᠢᠯ ᠪᠣᠯᠭᠠᠨ ᠠᠳᠬᠤᠬᠤ ᠬᠡᠷᠡᠭᠲᠡᠢ᠃ ᠨᠢᠭᠡ ᠳᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠪᠠᠶᠢᠳᠠᠯ ᠵᠢᠴᠢ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠰᠤᠷᠭᠠᠭᠤᠯᠢ ᠶᠢᠨ ᠬᠦᠷᠢᠶᠡᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠨ ᠠᠳᠬᠤᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠤᠰᠤᠨ ᠳᠤ ᠵᠢᠪᠬᠦ ᠶᠢ ᠰᠡᠷᠭᠡᠶᠢᠯᠡᠬᠦ᠂ ᠳᠣᠷᠣᠮᠵᠢᠯᠠᠯ ᠢ ᠰᠡᠷᠭᠡᠶᠢᠯᠡᠬᠦ ᠪᠠ ᠬᠦᠴᠦᠷᠬᠡᠭᠯᠡᠯ ᠢ ᠰᠡᠷᠭᠡᠶᠢᠯᠡᠬᠦ᠂ ᠲᠤᠷᠰᠢᠯᠲᠠ ᠶᠢᠨ ᠲᠠᠰᠤᠭ ᠵᠢᠴᠢ ᠠᠶᠤᠯᠲᠠᠶ ᠬᠢᠮᠢ ᠶᠢᠨ ᠪᠣᠳᠠᠰ ᠤᠨ ᠬᠠᠮᠢᠶᠠᠷᠤᠯᠲᠠ᠂ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠵᠡᠷᠭᠡ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭ᠎ᠠ ᠪᠣᠳᠠᠲᠠᠶ ᠠᠳᠬᠤᠬᠤ ᠬᠡᠷᠡᠭᠲᠡᠶ᠃ ᠭᠤᠷᠪᠠ ᠳᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ︽ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ︾᠎ ᠶᠢ ᠰᠢᠯᠭᠠᠨ ᠠᠪᠴᠤ ᠦᠨᠡᠯᠡᠨ ᠲᠣᠭᠲᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠲᠦᠷᠪᠡ ᠳᠤ᠂ ᠦᠬᠠᠢ ᠬᠤᠳᠠ ᠶᠢᠨ ᠰᠤᠷᠭᠠᠨ ᠬᠥᠮᠦᠵᠢᠯ ᠤᠨ ᠲᠤᠪᠴᠢᠶ᠎ᠠ ᠶᠢᠨ 2024 ᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠱᠠᠭᠠᠷᠳᠠᠪᠠ᠃    ᠬᠤᠷᠠᠯ ᠠᠴᠠ᠂ ᠡᠯ᠎ᠡ ᠰᠤᠷᠭᠠᠭᠤᠯᠢ ︵ᠬᠡᠤᠬᠡᠳ ᠤᠨ ᠴᠡᠴᠡᠷᠯᠢᠭ︶ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠠᠮᠤᠷ ᠲᠦᠪᠰᠢᠨ ᠤ ᠠᠵᠢᠯ ᠢ ᠢᠮᠠᠭᠲᠠ ᠰᠡᠳᠬᠢᠯ ᠳᠡᠭᠡᠨ ᠪᠤᠳᠤᠵᠤ᠂ ᠮᠥᠷᠥᠨ ᠳᠡᠭᠡᠷ᠎ᠡ ᠪᠠᠨ ᠡᠭᠦᠷᠭᠡᠯᠡᠵᠦ᠂ ᠭᠠᠷ ᠲᠠᠭᠠᠨ ᠠᠳᠬᠤᠵᠤ᠂ ᠶᠠᠮᠠᠷᠪᠠ ᠴᠠᠭ ᠦᠶ᠎ᠡ᠂ ᠶᠠᠮᠠᠷᠪᠠ ᠪᠠᠶᠢᠳᠠᠯ ᠳᠣᠤᠷ᠎ᠠ ᠴᠥᠮ ᠠᠮᠤᠷ ᠲᠦᠪᠰᠢᠨ ᠤ ᠠᠵᠢᠯ ᠢ ᠰᠤᠯᠠᠷᠠᠭᠤᠯᠵᠤ ᠪᠣᠯᠬᠤ ᠥᠬᠡᠶ᠂ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠤ ᠬᠠᠮᠤᠭ ᠤᠨ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠶ  ᠭᠡᠵᠤ ᠴᠢᠬᠤᠯᠠᠴᠢᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号