ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠨ ᠬᠥᠮᠦᠵᠢᠯ ᠤᠨ ᠰᠢᠰᠲ᠋ᠧᠮ ᠤᠨ 2024 ᠣᠨ ᠤ ᠰᠤᠷᠭᠠᠭᠤᠯᠢ ᠡᠬᠢᠯᠡᠬᠦ ᠪᠠᠶᠢᠷᠢᠯᠠᠭᠤᠯᠤᠯᠲᠠ ᠶᠢᠨ ᠬᠤᠷᠠᠯ ᠵᠢᠴᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/29
    ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠭᠠᠨ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠲᠥᠯᠥᠪᠵᠢᠭᠦᠯᠦᠨ ᠪᠠᠶᠢᠷᠢᠯᠠᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠣᠶᠢᠷ᠎ᠠ ᠳᠤ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠡᠬᠢᠯᠡᠬᠦ ᠪᠠᠶᠢᠷᠢᠯᠠᠭᠤᠯᠤᠯᠲᠠ ᠶᠢᠨ ᠬᠤᠷᠠᠯ ᠵᠢᠴᠢ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ᠃ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠬᠡᠦᠬᠡᠳ ᠤᠨ ᠴᠡᠴᠡᠷᠯᠢᠭ ᠤᠨ ᠳᠠᠷᠤᠭ᠎ᠠ ᠬᠤᠷᠠᠯ ᠳᠤ ᠣᠷᠣᠯᠴᠠᠪᠠ᠃   ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠭᠤᠣᠯ ᠤᠳᠤᠷᠢᠳᠤᠯᠭ᠎ᠠ ᠰᠤᠷᠤᠯᠭ᠎ᠠ ᠡᠬᠢᠯᠡᠬᠦ ᠠᠵᠢᠯ ᠤᠨ ᠪᠦᠬᠦ ᠲᠠᠯ᠎ᠠ ᠶᠢᠨ ᠮᠡᠳᠡᠭᠦᠯᠦᠯᠲᠡ ᠬᠢᠵᠦ᠂ ᠥᠩᠭᠡᠷᠡᠭᠰᠡᠨ ᠨᠢᠭᠡ ᠵᠢᠯ ᠤᠨ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠠᠮᠵᠢᠯᠲᠠ ᠪᠦᠲᠦᠮᠵᠢ ᠪᠣᠯᠤᠨ ᠲᠠᠪᠰᠢᠯᠳᠠ ᠶᠢ ᠡᠷᠭᠢᠴᠡᠭᠦᠯᠬᠦ ᠶᠢᠨ ᠬᠠᠮᠲᠤ ᠣᠳᠣᠬᠠᠨ ᠤ ᠰᠤᠷᠭᠠᠨ ᠬᠥᠮᠦᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠤᠨ ᠡᠭᠦᠷᠭᠡ ᠶᠢ ᠨᠠᠷᠢᠨ ᠵᠠᠳᠠᠯᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠵᠢᠯ ᠤᠨ ᠬᠠᠷᠠᠯᠲᠠ ᠪᠣᠯᠤᠨ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠪᠠ᠃    ᠬᠤᠷᠠᠯ ᠠᠴᠠ᠂ ᠡᠨᠡ ᠵᠢᠯ ᠤᠨ ᠰᠤᠷᠭᠠᠨ ᠬᠥᠮᠦᠵᠢᠯ ᠤᠨ ᠬᠦᠷᠢᠶᠡᠨ ᠳᠤ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠷ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠡᠵᠡᠮᠳᠡᠵᠦ᠂ ᠡᠯ᠎ᠡ ᠵᠦᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃    ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠪᠠᠶᠢᠳᠠᠯ ᠢ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠦᠨ᠎ᠡ᠃ ᠭᠤᠷᠪᠠ ᠳᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ︽ᠬᠤᠶᠠᠷ ᠢ ᠬᠦᠩᠬᠡᠷᠡᠭᠦᠯᠬᠦ︾ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ︽ᠪᠦᠯᠦᠭᠵᠢᠭᠦᠯᠬᠦ︾ ᠰᠤᠷᠭᠠᠭᠤᠯᠢ ᠡᠷᠭᠢᠯᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠦᠬᠦᠯᠢ ᠴᠣᠭᠴᠠ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠪᠡ᠃    ᠬᠤᠷᠠᠯ ᠬᠤᠷᠠᠯᠳᠤᠭᠰᠠᠨ ᠨᠢ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠭᠠᠨ ᠬᠥᠮᠦᠵᠢᠯ ᠤᠨ ᠠᠵᠢᠯ ᠤᠨ ᠴᠢᠭᠯᠡᠯ ᠢ ᠲᠣᠳᠣᠷᠬᠠᠢ ᠵᠢᠭᠠᠵᠤ᠂ ᠪᠠᠰᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠪᠠᠶᠢᠳᠠᠯ ᠢ ᠡᠭᠦᠳᠦᠨ ᠪᠠᠶᠢᠭᠤᠯᠬᠤ ᠠᠵᠢᠯ ᠪᠣᠯᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠰᠤᠷᠭᠠᠨ ᠬᠥᠮᠦᠵᠢᠯ ᠤᠨ ᠰᠢᠰᠲ᠋ᠧᠮ ᠢ ᠬᠡᠷᠡᠭᠵᠢᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ 2024 ᠣᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠦᠷᠭᠦᠯᠵᠢᠯᠡᠨ ᠥᠷᠭᠡᠨ ᠤᠯᠠᠨ ᠰᠤᠷᠭᠠᠨ ᠬᠥᠮᠦᠵᠢᠯ ᠤᠨ ᠠᠵᠢᠯᠳᠠᠨ ᠪᠣᠯᠤᠨ ᠨᠡᠶᠢᠭᠡᠮ ᠤᠨ ᠡᠯ᠎ᠡ ᠡᠲᠡᠭᠡᠳ ᠲᠠᠢ ᠭᠠᠷ ᠬᠤᠯᠪᠣᠯᠴᠠᠵᠤ᠂ ᠰᠤᠷᠭᠠᠨ ᠬᠥᠮᠦᠵᠢᠯ ᠤᠨ ᠦᠢᠯᠡᠰ ᠤᠨ ᠭᠡᠷᠡᠯ ᠰᠠᠴᠤᠷᠠᠩᠭᠤᠢ ᠬᠠᠭᠤᠳᠠᠰᠤ ᠶᠢ ᠬᠠᠮᠲᠤᠪᠠᠷ ᠪᠢᠴᠢᠭᠯᠡᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号