ᠵᠠᠰᠠᠭ ᠤᠨ ᠣᠷᠳᠣᠨ ᠤ ᠠᠵᠢᠯ ᠤᠨ ᠢᠯᠡᠳᠬᠡᠯ ︵2024 ᠤᠨ︶
ᠨᠡᠶᠢᠲᠡᠯᠡᠭᠰᠡᠨ ᠴᠠᠭ᠄
2024/2/3
    2024 ᠣᠨ ᠤ 1 ᠰᠠᠷ᠎ᠠ ᠶᠢᠨ 23᠎ ᠤ ᠡᠳᠦᠷ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠡᠭᠡᠷ᠎ᠡ    ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ           ᠼᠦᠢ ᠬᠤᠩ ᠪᠥᠸᠧᠲᠥᠯᠥᠭᠡᠯᠡᠭᠴᠢᠳ ᠡ᠄    ᠤᠳᠤ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃    ᠨᠢᠭᠡ᠂ 2023 ᠣᠨ ᠤ ᠠᠵᠢᠯ ᠤᠨ ᠡᠷᠭᠢᠴᠡᠭᠦᠯᠦᠯ    2023᠎ ᠤᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠭᠤᠷᠪᠠᠨ ᠵᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠡᠰᠡᠭ ᠰᠢᠯᠵᠢᠭᠰᠡᠨ ᠤ ᠳᠠᠷᠠᠭᠠᠬᠢ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢᠨ ᠨᠢᠭᠡ ᠵᠢᠯ ᠮᠥᠨ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠳᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ ᠂ ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠦᠢᠯᠡᠰ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠪᠠ᠃ ᠪᠥᠬᠦ ᠵᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 45.3%᠎ ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 0.3%᠎ ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 4.6%᠎ ᠪᠠᠷ ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 3.9%᠂ 6%᠎ ᠪᠠᠷ ᠨᠡᠮᠡᠭᠳᠡᠪᠡ᠃    ᠨᠢᠭᠡ ᠵᠢᠯ ᠤᠨ ᠲᠤᠷᠰᠢ᠂ ᠪᠢᠳᠡ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠢᠯᠡᠷᠡᠭᠦᠯᠵᠡᠢ᠃  ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠣᠷᠣᠨ ᠪᠦᠰᠡ ᠶᠢᠨ ᠠᠭᠠᠷ ᠤᠨ ᠶᠠᠰᠤ ᠴᠢᠨᠠᠷ ᠦᠷᠭᠦᠯᠵᠢᠯᠡᠨ ᠰᠠᠶᠢᠵᠢᠷᠠᠵᠤ᠂ ᠪᠦᠬᠦ ᠵᠢᠯ ᠤᠨ ᠠᠭᠠᠷ ᠤᠨ ᠰᠠᠶᠢᠨ ᠰᠠᠶᠢᠬᠠᠨ ᠡᠳᠦᠷ ᠤᠨ ᠲᠤᠭ᠎ᠠ 279 ᠡᠳᠦᠷ ᠪᠣᠯᠪᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠶ ᠪᠡᠶᠡᠯᠡᠭᠦᠯᠵᠦ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ 51 ᠬᠤᠪᠢ ᠰᠢᠢᠤᠡᠪᠤᠷᠢᠯᠡᠪᠡ᠃ ᠣᠳᠣ ᠦᠶ᠎ᠡ ᠶᠢᠨ ᠡᠨᠧᠷᠭᠢ ᠶᠢᠨ ᠰᠢᠰᠲ᠋ᠧᠮ ᠢ ᠯᠠᠪᠳᠠᠭᠤᠨ ᠪᠠᠲᠤ ᠲᠠᠢ ᠠᠬᠢᠭᠤᠯᠪᠠ᠃ ᠠᠭᠤᠷᠬᠠᠶ ᠶᠢᠨ ᠦᠢᠯᠡᠰ ᠤᠨ ᠡᠷᠬᠡ ᠶᠢ ᠡᠮᠬᠢᠯᠡᠨ ᠨᠡᠶᠢᠯᠡᠭᠦᠯᠬᠦ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠨᠡᠭᠦᠷᠡᠰᠦᠨ ᠠᠭᠤᠷᠬᠠᠶ ᠶᠢ ᠡᠮᠬᠢᠯᠡᠨ ᠨᠡᠶᠢᠯᠡᠭᠦᠯᠬᠦ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠨᠡᠭᠦᠷᠡᠰᠦᠨ ᠠᠭᠤᠷᠬᠠᠶ ᠶᠢᠨ ᠪᠤᠰᠤ 5 ᠠᠭᠤᠷᠬᠠᠶ ᠶᠢ ᠦᠨᠳᠦᠰᠦᠨ ᠳᠡᠭᠡᠨ ᠡᠮᠬᠢᠯᠡᠨ ᠨᠡᠶᠢᠯᠡᠭᠦᠯᠵᠦ ᠪᠡᠶᠡᠯᠡᠭᠦᠯᠪᠡ︔ ᠰᠢᠨ᠎ᠡ ᠡᠨᠧᠷᠭᠢ ᠪᠠᠷ ᠭᠤᠣᠯ ᠨᠡᠮᠡᠭᠳᠡᠯ ᠤᠨ ᠬᠡᠮᠵᠢᠶ᠎ᠡ ᠪᠣᠯᠭᠠᠵᠤ᠂ ᠴᠢᠩ ᠲᠤᠤ᠂ ᠷᠦᠩ ᠵᠢᠶᠧ ᠵᠡᠷᠭᠡ ᠨᠢᠭᠡ ᠪᠦᠯᠦᠭ ᠰᠢᠨ᠎ᠡ ᠡᠨᠧᠷᠭᠢ ᠶᠢᠨ ᠠᠵᠤ ᠦᠢᠯᠡᠰ ᠤᠨ ᠭᠡᠷ᠎ᠡ ᠲᠣᠭᠲᠠᠬᠤ ᠶᠢ ᠨᠠᠶᠢᠳᠠᠪᠤᠷᠢᠵᠢᠭᠤᠯᠪᠠ᠃ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠪᠡ᠃ ᠲᠠᠷᠢᠶᠠᠯᠠᠩ ᠤᠨ ᠲᠥᠷᠥᠯ ᠵᠦᠢᠯ 4 ᠪᠠᠶᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠠᠷᠢᠮᠠᠯ ᠤᠨ ᠶᠡᠷᠦᠩᠬᠡᠶ ᠳᠠᠷᠢᠬᠤ ᠲᠠᠯᠠᠪᠠᠶ ᠶᠢ 1.44 ᠲᠦᠮᠡᠨ ᠮᠥ ᠳᠤ ᠬᠦᠷᠦᠭᠦᠯᠵᠦ᠂ ᠢᠳᠡᠰᠢᠨ ᠨᠣᠭᠤᠭ᠎ᠠ᠂ ᠦᠵᠦᠮ ᠳᠠᠷᠢᠬᠤ ᠲᠠᠯᠠᠪᠠᠶ ᠶᠢ ᠲᠣᠰ ᠲᠣᠰ 6300 ᠮᠥ ᠪᠠ 11000 ᠮᠥ ᠳᠤ ᠬᠦᠷᠦᠭᠦᠯᠵᠦ᠂ ᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠢᠳᠡᠪᠬᠢᠲᠡᠢ ᠦᠷ᠎ᠡ ᠪᠦᠲᠦᠮᠵᠢ ᠣᠯᠪᠠ᠃ ᠭᠠᠳᠠᠭᠠᠳᠤ ᠪᠡᠯᠡ ᠶᠢ ᠣᠷᠣᠭᠤᠯᠤᠨ ᠠᠪᠴᠢᠷᠠᠭᠰᠠᠨ ᠶᠠᠪᠤᠳᠠᠯ ᠨᠢ ︽ᠲᠡᠭ ︾᠎ ᠢ ᠠᠮᠵᠢᠯᠲᠠ ᠲᠠᠢ ᠳᠠᠪᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠤᠭ᠎ᠠ 1104 ᠲᠦᠮᠡᠨ ᠲᠥᠭᠦᠷᠢᠭ ᠢ ᠪᠡᠶᠡᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠰᠢᠶᠠᠨ ᠢᠶᠠᠷ ᠦᠨᠡᠯᠡᠭᠳᠡᠪᠡ᠃ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠲᠣᠭᠲᠠᠭᠤᠨ ᠪᠠᠶᠢᠵᠤ᠃ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠰᠢᠨ᠎ᠡ ᠪᠠᠷ ᠬᠥᠭᠵᠢᠭᠰᠡᠨ ᠬᠤᠳᠠᠯᠳᠤᠭᠠᠨ ᠤ ᠬᠤᠲᠠ ᠶᠢᠨ ᠬᠦᠨᠳᠦ ᠶᠡᠭᠡ ᠭᠠᠯ ᠤᠨ ᠭᠠᠮᠰᠢᠭ ᠤᠨ ᠳᠠᠯᠳᠠ ᠬᠡᠮ ᠳᠤ ᠫᠠᠶᠢᠰᠠ ᠠᠪᠴᠤ ᠪᠣᠷᠣᠯᠠᠭᠤᠯᠤᠭᠰᠠᠨ ᠬᠡᠷᠡᠭ ᠢ ᠪᠡᠶᠡᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠪᠠ᠃ ᠨᠠᠮ ᠤᠨ ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠦᠷᠭᠦᠯᠵᠢᠯᠡᠨ ᠳᠡᠯᠭᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠶᠢᠰᠦᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠪᠣᠯᠭᠠᠨ ᠠᠮᠵᠢᠯᠲᠠ ᠲᠠᠢ ᠡᠭᠦᠳᠦᠨ ᠪᠠᠶᠢᠭᠤᠯᠪᠠ᠃     ᠨᠢᠭᠡ ᠵᠢᠯ ᠤᠨ ᠲᠤᠷᠰᠢ᠂ ᠪᠢᠳᠡ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠪᠦᠲᠦᠴᠡ ᠪᠠᠨ ᠲᠣᠬᠢᠷᠠᠭᠤᠯᠵᠤ᠂ ᠠᠵᠤ ᠠᠬᠤᠢ ᠶᠢᠨ ᠬᠥᠭᠵᠢᠯᠲᠡ ᠨᠢ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠪᠡ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ  ᠴᠢᠩᠭᠠᠤᠡᠬᠠᠪᠠ᠃ ︽ᠲᠡᠷᠢᠭᠦᠨ ᠳᠤ ᠣᠷᠣᠬᠤ ᠪᠠᠷ ᠴᠢᠷᠮᠠᠶᠢᠬᠤ᠂ ᠮᠣᠷᠢ ᠤᠷᠤᠯᠳᠤᠵᠦ ᠠᠳᠠᠯᠢᠳᠬᠠᠬᠤ︾ ᠡᠷᠴᠢ ᠵᠣᠷᠢᠭ ᠢ ᠬᠥᠪᠴᠢᠯᠡᠵᠦ᠂ ᠶᠡᠷᠦᠩᠬᠡᠶ ᠪᠡᠯᠡ ᠣᠷᠣᠭᠤᠯᠤᠯᠲᠠ ᠶᠢᠨ 448.4 ᠳ᠋ᠦᠩᠰᠢᠭᠤᠷ ᠲᠥᠭᠦᠷᠢᠭ ᠤᠨ 61 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠶᠢᠯᠡᠨ ᠠᠵᠢᠯ ᠡᠬᠢᠯᠡᠭᠦᠯᠵᠦ ᠰᠡᠷᠭᠦᠭᠡᠭᠰᠡᠨ ᠨᠣᠷᠮ᠎ᠠ 100%᠎ ᠳᠤ ᠬᠦᠷᠪᠡ᠃ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠲᠦᠴᠡ ᠴᠣ᠋ ᠰᠢᠨ᠎ᠡ ᠰᠢᠯᠢᠳᠡᠭᠵᠢᠪᠡ᠃ ᠬᠡᠤᠷᠰᠢᠭᠦᠯᠬᠦ ᠠᠵᠢᠯ ᠲᠥᠷᠥᠯ ᠤᠨ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠲᠦᠷᠭᠡᠳᠬᠡᠨ ᠰᠢᠭᠰᠢᠭᠳᠡᠭᠦᠯᠵᠦ᠂ 2 ᠰᠠᠭᠤᠷᠢ 4.3 ᠮᠧᠲᠷ ᠤᠨ ᠬᠡᠤᠷᠰᠢᠭᠦᠯᠬᠦ ᠵᠤᠤᠬ᠎ᠠ ᠶᠢ ᠬᠠᠭᠠᠵᠤ ᠵᠣᠭᠰᠣᠭᠠᠨ ᠪᠤᠴᠠᠭᠠᠨ ᠭᠠᠷᠭᠠᠵᠤ᠂ ᠵᠢᠶᠦ᠋ᠨ ᠫᠢᠩ 300 ᠲᠦᠮᠡᠨ ᠲᠣᠨ ᠬᠡᠤᠷᠰᠢᠭᠦᠯᠬᠦ ᠡᠮᠬᠢᠯᠡᠨ ᠨᠡᠶᠢᠯᠡᠭᠦᠯᠬᠦ ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠪᠠ︔ ᠨᠡᠭᠦᠷᠡᠰᠦ ᠮᠠᠯᠲᠠᠬᠤ ᠤᠬᠢᠶᠠᠨ ᠰᠣᠩᠭᠤᠬᠤ᠂ ᠬᠠᠳᠠᠭᠠᠯᠠᠵᠤ ᠳᠣᠭᠢᠷᠠᠭᠤᠯᠬᠤ ᠲᠡᠭᠡᠭᠡᠪᠦᠷᠢ ᠶᠢᠨ ᠪᠥᠬᠦ ᠶᠠᠪᠤᠴᠠ ᠶᠢ ᠨᠢᠭᠡ ᠴᠤᠭᠴᠠᠵᠢᠭᠤᠯᠬᠤ ᠶᠢ ᠲᠦᠷᠭᠡᠳᠬᠡᠨ ᠪᠡᠶᠡᠯᠡᠭᠦᠯᠵᠦ᠂ ᠶᠢᠨ ᠷᠦᠩ  ᠪᠠᠢ ᠴᠤᠸᠠᠨ ᠤ ᠮᠢᠩᠭᠠᠨ ᠲᠦᠮᠡᠨ ᠲᠣᠨ ᠤ ᠲᠠᠰ ᠤᠨ ᠨᠡᠭᠦᠷᠡᠰᠦᠨ ᠤ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭᠴᠢᠲᠤ ᠡᠳ᠋ᠰᠢᠭᠦᠯᠬᠦ ᠠᠷᠠᠯᠵᠢᠶᠠᠨ ᠤ ᠠᠵᠤ ᠦᠢᠯᠡᠰ ᠤᠨ ᠬᠦᠷᠢᠶᠡᠯᠡᠩ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠺᠠᠪᠦ᠋ᠴᠢ᠂ ᠮᠦᠸᠧ ᠡᠯ ᠭᠸᠤ᠂ ᠭᠤᠸᠠᠩ ᠨᠠ ᠵᠡᠷᠭᠡ 3 ᠠᠵᠤ ᠦᠢᠯᠡᠰ ᠤᠨ ᠬᠦᠷᠢᠶᠡᠯᠡᠩ ᠢ ᠡᠮᠬᠢ ᠵᠢᠷᠤᠮ ᠲᠠᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠭᠤᠷᠪᠠᠨ ᠬᠡᠮᠵᠢᠯᠳᠦ BDO ᠨᠢᠭᠡ ᠴᠤᠬᠴᠠᠵᠢᠭᠤᠯᠤᠬᠰᠠᠨ ᠨᠢᠭᠡᠳᠦᠭᠡᠷ ᠬᠤᠭᠤᠴᠠᠭᠠᠨ ᠤ ᠲᠦᠷᠦᠯ ᠵᠦᠢᠯ᠂ ᠤᠯᠤᠰ ᠤᠨ ᠡᠨᠧᠷᠭᠢ ᠶᠢᠨ ᠯᠦᠩ ᠶᠤᠸᠠᠨ ᠤ ᠢᠳᠡᠪᠬᠢ ᠠᠯᠳᠠᠭᠴᠢ ᠨᠢᠳ᠋ᠷᠤ ᠥᠬᠡᠶᠢᠳᠡᠭᠦᠯᠬᠦ ᠲᠦᠷᠭᠡᠳᠬᠡᠭᠦᠷ ᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠢ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠵᠤ᠂ ᠱᠠᠨᠰᠢ ᠶᠢᠨ ᠮᠠᠰᠢᠨ ᠲᠡᠷᠭᠡᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠥᠭᠡᠮ ᠢᠶᠠᠷ ᠦᠢᠯᠡᠳᠪᠦᠷᠢᠯᠡᠬᠦ ᠪᠤᠯᠵᠤ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠴᠠᠬᠢᠯᠭᠠᠨ ᠴᠡᠨᠡᠭᠯᠡᠬᠦ ᠦᠷᠳᠡᠭᠡ ᠶᠢ 10 ᠪᠠᠷᠢᠯᠭ᠎ᠠ ᠡᠬᠢᠯᠡᠭᠦᠯᠦᠨ ᠪᠦᠳᠦᠭᠡᠨ ᠪᠠᠶᠢᠭᠤᠯᠵᠤ᠂ ᠬᠥᠰᠢᠭᠦᠷᠭᠡ ᠶᠢᠨ ᠤᠰᠤᠲᠥ᠋ᠷᠥᠭᠴᠢ ᠨᠡᠮᠡᠬᠦ ᠦᠷᠳᠡᠭᠡ ᠶᠢ ᠲᠤᠷᠰᠢᠨ ᠡᠵᠡᠩᠨᠡᠵᠦ᠂ ᠳ᠋ᠦᠩ ᠹᠠᠩ ᠭᠡᠷᠡᠯ ᠴᠡᠨᠡᠭ ᠤᠨ ᠪᠦᠬᠦ ᠠᠵᠤ ᠦᠢᠯᠡᠰ ᠤᠨ ᠬᠡᠯᠬᠢᠶ᠎ᠡ᠂ ᠴᠢᠩ ᠲᠤᠤ ᠬᠠᠲᠠᠭᠤ ᠯᠢᠲ᠋ᠢ ᠶᠢᠨ ᠯᠢᠲ᠋ᠢ ᠳ᠋ᠢᠶᠠᠨ ᡂᠢ᠂ ᠷᠦᠩ ᠵᠢᠶᠧ ᠯᠢᠲ᠋ᠢ ᠶᠢᠨ ᠢᠶᠣᠨ ᠳ᠋ᠢᠶᠠᠨ ᡂᠢ ᠵᠢᠴᠢ ᠪᠢᠯᠢᠭ ᠲᠦᠢᠯ ᠤᠨ ᠮᠠᠲ᠋ᠧᠷᠢᠶᠠᠯ ᠵᠡᠷᠭᠡ ᠲᠦᠷᠦᠯ ᠵᠦᠢᠯ ᠢ ᠡᠮᠬᠢ ᠵᠢᠷᠤᠮ ᠲᠠᠢ ᠠᠬᠢᠭᠤᠯᠵᠤ᠂ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ ᠨᠢᠭᠡᠳᠦᠭᠡᠷ ᠬᠤᠭᠤᠴᠠᠭ᠎ᠠ ᠶᠢ ᠲᠣᠭᠲᠠᠭᠤᠨ ᠢᠶᠠᠷ ᠬᠡᠷᠡᠭᠵᠢᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠶᠢ ᠬᠦᠰᠡᠪᠡ᠃ ᠬᠦᠷᠢᠶᠡᠯᠡᠩ ᠲᠣᠭᠤᠷᠢᠭ ᠤᠨ ︽ᠰᠢᠨ᠎ᠡ ᠶᠢ ᠡᠭᠦᠳᠴᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ︾ ᠠᠵᠢᠯᠯᠠᠭ᠎ᠠ ᠶᠢ ᠬᠡᠷᠡᠭᠵᠢᠭᠦᠯᠵᠦ᠂ ᠨᠣᠭᠤᠭᠠᠷᠠᠭᠤᠯᠤᠯᠲᠠ ᠶᠢᠨ ᠲᠠᠯᠠᠪᠠᠶ ᠶᠢ 3.6 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠂ 82 ᠾᠧᠺᠲ᠋ᠠᠷ ᠰᠤᠯᠠ ᠪᠠᠶᠢᠭ᠎ᠠ ᠭᠠᠵᠠᠷ ᠰᠢᠷᠣᠶ ᠶᠢ ᠬᠤᠷᠢᠶᠠᠨ ᠠᠪᠴᠤ᠂ 98 ᠾᠧᠺᠲ᠋ᠠᠷ ᠭᠠᠵᠠᠷ ᠰᠢᠷᠣᠶ ᠶᠢ ᠠᠮᠢᠳᠤᠯᠢᠭ ᠪᠣᠯᠭᠠᠵᠤ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠪᠦᠲᠦᠮᠵᠢᠲᠡᠶ ᠳᠡᠭᠡᠭᠰᠢᠯᠡᠭᠦᠯᠪᠡ᠃ ᠦᠢᠯᠡᠴᠢᠯᠡᠭᠡᠨ ᠤ ᠦᠢᠯᠡᠰ ᠤᠨ ᠰᠠᠴᠤᠷᠠᠭ ᠤᠨ ᠴᠢᠳᠠᠪᠤᠷᠢ ᠢᠯᠡᠷᠬᠡᠢ ᠴᠢᠩᠬᠠᠷᠠᠪᠠ᠃ ᠶᠡᠷᠦᠩᠬᠡᠢ ᠪᠡᠯᠡ ᠣᠷᠣᠭᠤᠯᠤᠯᠲᠠ 1.9 ᠳ᠋ᠦᠩᠰᠢᠭᠤᠷ ᠲᠥᠭᠦᠷᠢᠭ ᠲᠤ ᠬᠦᠷᠦᠭᠰᠡᠨ ᠬᠤᠸᠠ ᠸᠧᠢ ᠮᠠᠰᠢᠨ ᠲᠡᠷᠭᠡᠨ ᠤ ᠲᠤᠰᠢᠶᠠᠬᠤ ᠲᠥᠪ ᠵᠡᠷᠭᠡ 7 ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠵᠢᠶᠠᠨ ᠯᠦᠩ ᠲᠦᠷᠭᠡᠨ ᠪᠥᠭᠡᠳ ᠤᠶᠤᠨᠲᠤ ᠪᠣᠳᠠᠰ ᠤᠨ ᠬᠤᠯᠪᠣᠭ᠎ᠠ ᠶᠢᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠠᠪᠴᠠᠩ ᠤᠨ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠬᠤᠭᠤᠰᠣᠨ ᠲᠦᠷᠦᠯ ᠲᠡᠮᠳᠡᠭ ᠢ 40 ᠰᠢᠨ᠎ᠡ ᠪᠠᠷ ᠨᠡᠮᠡᠭᠳᠡᠭᠦᠯᠪᠡ︔ ᠦᠵᠡᠰᠬᠦᠯᠡᠩ ᠢ ᠡᠷᠬᠢᠯᠡᠵᠦ᠂ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 20 ᠭᠠᠷᠤᠢ ᠤᠳᠠᠭ᠎ᠠ ᠡᠷᠬᠢᠯᠡᠵᠦ᠂ ᠬᠡᠷᠡᠭᠯᠡᠭᠡ ᠶᠢ 14 ᠳ᠋ᠦᠩᠰᠢᠭᠤᠷ ᠲᠥᠭᠦᠷᠢᠭ ᠳᠠᠶᠢᠴᠢᠯᠠᠪᠠ︔ ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶᠡᠨ ᠤ ᠲᠤᠷᠰᠢᠯᠲᠠ ᠶᠢᠨ ᠴᠡᠭ ᠢ 5 ᠰᠢᠨ᠎ᠡ ᠪᠠᠷ ᠨᠡᠮᠡᠭᠳᠡᠭᠦᠯᠪᠡ︔ ︽ᠫᠣᠷᠲ᠋ᠦ᠋ᠭᠠᠯ ᠤᠨ ᠨᠣᠭᠤᠭᠠᠨ ᠵᠠᠮ︾᠎ ᠤᠨ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠴᠡᠭᠡᠯ ᠠᠭᠤᠯᠠ ᠪᠠᠯᠭᠠᠰᠤᠨ ᠤ ᠲᠤᠸᠠᠨ ᠵᠢᠶᠧ ᠰᠢᠨ᠎ᠡ ᠲᠣᠰᠬᠤᠨ ᠵᠢᠴᠢ ᠶᠦᠨ ᠹᠸᠢ ᠡᠯᠡᠰᠦᠨ ᠴᠦᠯ ᠤᠨ ᠦᠵᠦᠮ ᠤᠨ ᠠᠷᠢᠬᠢᠨ ᠡᠳ᠋ᠯᠡᠩ ᠲᠣᠰ ᠲᠣᠰ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠭᠳᠡᠪᠡ᠃ ᠪᠥᠬᠦ ᠲᠤᠭᠤᠷᠢᠭ ᠳᠤ ᠵᠤᠭᠠᠴᠠᠭᠰᠠᠳ ᠢ ᠨᠡᠶᠢᠲᠡ 346 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠪᠥᠬᠦ ᠵᠢᠯ ᠤᠨ ᠵᠤᠭᠠᠴᠠᠯ ᠤᠨ ᠣᠷᠣᠯᠭ᠎ᠠ 19.29 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 92.24%᠎ ᠪᠠᠷ ᠨᠡᠮᠡᠭᠳᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠦᠲᠦᠮᠵᠢᠲᠡᠢ ᠵᠣᠯᠭᠠᠭᠤᠯᠤᠨ᠎ᠠ᠃ ᠪᠥᠬᠦ ᠬᠤᠲᠠ ᠶᠢᠨ ᠠᠩᠬᠠᠳᠠᠭᠴᠢ ᠮᠧᠬᠠᠨᠢᠭᠵᠢᠯᠲᠠ᠂ ᠪᠠᠷᠢᠮᠵᠢᠶᠠᠵᠢᠯᠲᠠ᠂ ᠲᠣᠭᠠᠴᠢᠯᠠᠭᠰᠠᠨ ᠳᠡᠭᠡᠳᠦ ᠲᠠᠰ ᠤᠨ ᠰᠣᠳᠣᠨ ᠲᠠᠷᠢᠶᠠᠯᠠᠩ ᠤᠨ ᠵᠢᠱᠢᠶ᠎ᠡ ᠦᠵᠡᠭᠦᠯᠬᠦ ᠲᠥᠷᠥᠯ ᠵᠦᠢᠯ ᠪᠣᠯᠬᠤ ᠠᠮᠧᠷᠢᠺᠠ ᠶᠢᠨ ᠪᠥᠸᠧ ᠯᠢ ᠲᠠᠷᠢᠶᠠᠯᠠᠩ ᠤᠨ ᠲᠠᠯᠠᠪᠠᠶ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠠᠵᠤ ᠦᠢᠯᠡᠳᠪᠦᠷᠢᠵᠢᠯᠲᠡ᠂ ᠤᠶᠤᠨᠴᠢᠯᠠᠭᠰᠠᠨ ᠣᠲᠣ ᠦᠶ᠎ᠡ ᠶᠢᠨ ᠲᠠᠷᠢᠶᠠᠯᠠᠩ ᠤᠨ ᠰᠡᠳᠦᠪ ᠢ ᠡᠪᠳᠡᠨ ᠡᠬᠢᠯᠡᠭᠦᠯᠪᠡ︔ ᠪᠡᠯᠡᠳᠭᠡᠮᠵᠢᠳᠤ ᠦᠵᠦᠮ ᠳᠠᠷᠢᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠦᠬᠠᠶ ᠶᠢᠨ ᠦᠵᠦᠮ︾᠎ ᠤᠨ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ ᠹᠢᠯᠢᠮ ᠢ ᠲᠥᠪ ᠲᠧᠯᠸᠢᠰ ᠪᠣᠯᠭᠠᠵᠤ᠂ ᠲᠤᠸᠠᠨ ᠵᠢᠶᠧ ᠰᠢᠨ᠎ᠡ ᠲᠣᠰᠬᠤᠨ᠂ ᠰᠢᠨ ᠹᠧᠩ ᠲᠣᠰᠬᠤᠨ᠂ ᠸᠠᠩ ᠶᠤᠸᠠᠨ ᠳ᠋ᠢ ᠲᠣᠰᠬᠤᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠲᠣᠭᠤᠷᠢᠭ ᠠᠩᠬ᠎ᠠ ᠠᠯᠬᠤᠮ ᠬᠡᠪᠴᠢᠶᠡᠵᠢᠵᠦ᠂ ᠪᠥᠬᠦ ᠲᠤᠭᠤᠷᠢᠭ ᠤᠨ 44 ᠲᠣᠰᠬᠤᠨ ᠤ ᠬᠠᠮᠲᠤ ᠶᠢᠨ ᠠᠵᠤ ᠠᠬᠤᠶ ᠶᠢᠨ ᠵᠢᠯ ᠤᠨ ᠣᠷᠣᠯᠭ᠎ᠠ ᠵᠠᠭᠤᠨ ᠲᠦᠮᠡᠨ ᠲᠥᠭᠦᠷᠢᠭ ᠢ ᠳᠠᠪᠠᠪᠠ᠃ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾᠎ ᠢ 25 ᠺᠢᠯᠤᠮᠧᠲᠷ ᠥᠭᠡᠷᠡᠴᠢᠯᠡᠨ ᠰᠠᠶᠢᠵᠢᠷᠠᠭᠤᠯᠵᠤ᠂ 1300 ᠭᠠᠷᠤᠶ ᠵᠠᠮ ᠤᠨ ᠳ᠋ᠧᠩ ᠢ ᠰᠢᠨ᠎ᠡ ᠪᠠᠷ ᠨᠡᠮᠡᠭᠳᠡᠭᠦᠯᠦᠭᠰᠡᠨ ᠪᠠ ᠥᠭᠡᠷᠡᠴᠢᠯᠡᠨ ᠰᠠᠶᠢᠵᠢᠷᠠᠭᠤᠯᠵᠤ᠂ ᠲᠠᠷᠢᠶᠠᠯᠠᠬᠤ ᠣᠷᠣᠨ ᠤ ᠵᠠᠰᠠᠭ ᠵᠠᠬᠢᠷᠭᠠᠨ ᠤ ᠲᠣᠰᠬᠤᠨ ᠤ ᠬᠠᠲᠠᠭᠤᠷᠠᠭᠤᠯᠤᠭᠰᠠᠨ ᠵᠠᠮ ᠤᠨ ᠪᠦᠷᠬᠦᠴᠡ ᠶᠢᠨ ᠨᠣᠷᠮ᠎ᠠ᠂ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠨᠣᠷᠮ᠎ᠠ᠂ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠤ ᠨᠣᠷᠮ᠎ᠠ ᠪᠦᠬᠦᠨ ᠢᠶᠠᠷ ᠢᠶᠠᠨ 100%᠎ ᠳᠤ ᠬᠦᠷᠴᠦ᠂ ᠲᠣᠰᠬᠤᠨ ᠤ ᠳᠦᠷᠰᠦ ᠪᠠᠶᠢᠳᠠᠯ ᠴᠤ᠋ ᠰᠢᠨ᠎ᠡ ᠪᠣᠯᠤᠭᠰᠠᠨ ᠪᠠᠶᠢᠨ᠎ᠠ᠃ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾᠎ ᠪᠠᠷ ᠳᠠᠮᠵᠢᠭᠤᠯᠤᠨ ᠲᠠᠷᠢᠶᠠᠯᠠᠬᠤ ᠣᠷᠣᠨ ᠤ ᠰᠠᠭᠤᠭᠠᠯᠢ ᠠᠷᠠᠳ 200 ᠭᠠᠷᠤᠶ ᠲᠦᠮᠡᠨ ᠲᠥᠭᠦᠷᠢᠭ ᠤᠨ ᠣᠷᠣᠯᠭ᠎ᠠ ᠣᠯᠵᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠣᠯᠠᠨ ᠲᠠᠯ᠎ᠠ ᠪᠠᠷ ᠥᠷᠭᠡᠳᠬᠡᠪᠡ᠃ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠣᠯᠠᠨ ᠤᠳᠠᠭ᠎ᠠ ᠬᠡᠷ ᠲᠤᠨᠢ ᠬᠦᠷᠴᠦ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠨᠡᠶᠢᠲᠡ 41 ᠲᠥᠷᠥᠯ ᠵᠦᠢᠯ ᠤᠨ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ 400 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 100.19% ᠨᠡᠮᠡᠭᠳᠡᠪᠡ᠃     ᠨᠢᠭᠡ ᠵᠢᠯ ᠤᠨ ᠲᠤᠷᠰᠢ᠂ ᠪᠢᠳᠡ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠪᠠᠷ ᠵᠠᠰᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠭᠠᠷ ᠮᠠᠨᠳᠠᠯ᠂ ᠬᠥᠷᠥᠰᠥ ᠰᠢᠷᠣᠢ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠶᠠᠰᠤ ᠴᠢᠨᠠᠷ ᠢᠯᠡᠳᠲᠡ ᠰᠠᠶᠢᠵᠢᠷᠠᠪᠠ᠃ ᠠᠭᠤᠷᠬᠠᠢ ᠶᠢᠨ ᠣᠷᠣᠨ ᠤ ᠵᠠᠰᠠᠯᠲᠠ ᠢᠯᠡᠳᠲᠡ ᠦᠷ᠎ᠡ ᠪᠦᠲᠦᠮᠵᠢ ᠤᠯᠪᠠ᠃ ᠵᠠᠳᠠᠭᠠᠢ ᠨᠡᠭᠦᠷᠡᠰᠦᠨ ᠠᠭᠤᠷᠬᠠᠢ ᠶᠢᠨ ᠰᠢᠷᠣᠢ ᠭᠠᠳᠠᠭᠰᠢᠯᠠᠭᠤᠯᠬᠤ ᠲᠠᠯᠠᠪᠠᠢ ᠶᠢ 2250 ᠮᠦ ᠵᠠᠰᠠᠵᠤ᠂ ᠭᠠᠨᠳᠠᠷᠢ ᠭᠤᠣᠯ ᠤᠨ ᠬᠠᠶᠠᠭᠳᠠᠮᠠᠯ ᠡᠯᠡᠰᠦ ᠮᠠᠯᠲᠠᠬᠤ ᠲᠠᠯᠠᠪᠠᠢ ᠶᠢᠨ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ 229.5 ᠮᠦ ᠵᠠᠰᠠᠵᠤ ᠰᠡᠷᠭᠦᠭᠡᠭᠰᠡᠨ ᠪᠠ ᠬᠥᠬᠡᠬᠤᠲᠠ ᠲᠡᠮᠦᠷ ᠵᠠᠮ ᠤᠨ ᠲᠣᠪᠴᠢᠶ᠎ᠠ ᠶᠢᠨ ᠬᠠᠶᠢᠷ ᠴᠢᠯᠠᠭᠤᠨ ᠠᠭᠤᠷᠬᠠᠢ᠂ ᠬᠠᠶᠢᠯᠠᠷ ᠤᠨ ᠬᠤᠶᠢᠲᠤ ᠵᠠᠮ ᠤᠨ ᠡᠵᠡᠭᠦᠢ ᠡᠯᠡᠰᠦᠨ ᠲᠠᠯᠠᠪᠠᠢ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠭᠠᠵᠠᠷ ᠢ ᠵᠠᠰᠠᠵᠤ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠠᠭᠠᠷ ᠮᠠᠨᠳᠠᠯ ᠤᠨ ᠰᠡᠷᠭᠡᠶᠢᠯᠡᠨ ᠵᠠᠰᠠᠬᠤ ᠠᠵᠢᠯ ᠪᠣᠳᠠᠲᠠᠢ ᠦᠷ᠎ᠡ ᠠᠰᠢᠭᠲᠠᠢ᠃ 17 ᠠᠭᠠᠷ ᠮᠠᠨᠳᠠᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠥᠷᠥᠯ ᠵᠦᠢᠯ ᠤᠨ ᠠᠵᠢᠯ ᠳᠠᠭᠤᠰᠴᠤ᠂ 5 ᠬᠡᠤᠷᠰᠢᠭᠦᠯᠬᠦ ᠠᠵᠤ ᠠᠬᠤᠶᠢᠯᠠᠯ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠵᠠᠰᠠᠯᠲᠠ ᠶᠢ ᠪᠡᠶᠡᠯᠡᠭᠦᠯᠵᠦ᠂ ᠴᠡᠭᠡᠯ ᠠᠭᠤᠯᠠᠨ ᠤ ᠨᠡᠭᠦᠷᠡᠰᠦ ᠬᠡᠤᠷᠰᠢᠭᠦᠯᠬᠦ᠂ ᠵᠢᠶᠠᠨ ᠯᠦᠩ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠸᠠᠨ ᠲᠧᠩ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ 34 ᠠᠵᠤ ᠤᠶᠢᠯᠡᠤᠡᠪᠤᠷᠢ ᠶᠢᠨ ᠵᠤᠤᠬ᠎ᠠ ᠶᠢ ᠴᠥᠮ ᠭᠦᠨᠵᠡᠭᠡᠶ ᠵᠠᠰᠠᠬᠤ ᠶᠢ ᠪᠡᠶᠡᠯᠡᠭᠦᠯᠵᠦ᠂ ᠪᠥᠬᠦ ᠲᠤᠭᠤᠷᠢᠭ ᠤᠨ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠤᠰᠤ ᠬᠥᠷᠥᠰᠥ ᠶᠢ ᠰᠡᠷᠭᠡᠶᠢᠯᠡᠨ ᠵᠠᠰᠠᠬᠤ ᠶᠢ ᠭᠦᠨᠵᠡᠭᠡᠶ ᠬᠡᠷᠡᠭᠵᠢᠭᠦᠯᠪᠡ᠃ ᠠᠶᠢᠮᠠᠭ ᠬᠤᠲᠠ ᠠᠯᠤᠰᠯᠠᠭᠰᠠᠨ ᠬᠠᠲᠤᠨ ᠭᠤᠤᠯ ᠤᠨ ᠤᠰᠤᠨ ᠤ ᠡᠷᠬᠡ ᠶᠢ ᠰᠢᠯᠵᠢᠭᠦᠯᠦᠨ ᠥᠭᠬᠦ ᠭᠦᠢᠴᠡᠳᠬᠡᠬᠦ ᠲᠤᠭ᠎ᠠ ᠶᠢ 645 ᠲᠦᠮᠡᠨ ᠪᠣᠰᠤᠭ᠎ᠠ ᠳᠥᠷᠪᠡᠯᠵᠢᠨ ᠮᠧᠲᠷ ᠢᠶᠠᠷ ᠴᠢᠷᠮᠠᠶᠢᠨ᠂ ᠤᠰᠤ ᠳᠤᠲᠠᠭᠳᠠᠵᠤ ᠪᠠᠶᠢᠭ᠎ᠠ ᠠᠰᠠᠭᠤᠳᠠᠯ ᠢ ᠨᠠᠮᠳᠠᠭᠤᠯᠪᠠ ᠃ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ ᠪᠠ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ︽ᠨᠢᠭᠡ ᠠᠮᠠᠰᠠᠷ ᠲᠤ ᠨᠢᠭᠡ ᠠᠷᠭ᠎ᠠ ᠪᠤᠳᠤᠯᠭ᠎ᠠ︾᠎ ᠶᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠭᠤᠣᠯ ᠮᠥᠷᠡᠨ ᠤ ᠳᠣᠲᠣᠷᠠᠬᠢ ᠬᠤᠭ ᠨᠣᠪᠰᠢ ᠶᠢ 830 ᠭᠠᠷᠤᠢ ᠲᠣᠨ ᠴᠡᠪᠡᠷᠯᠡᠵᠦ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ 59 ᠠᠮᠠ ᠶᠢ ᠪᠠᠶᠢᠴᠠᠭᠠᠨ ᠴᠡᠭᠴᠡᠯᠡᠪᠡ᠃ ᠢ ᠬᠤᠸᠠ ᠬᠠᠨ ᠯᠢᠨ ᠹᠦ᠋ ᠵᠡᠷᠭᠡ 7 ᠲᠦᠷᠦᠯ ᠵᠦᠢᠯ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠲᠤᠯ ᠤᠨ ᠪᠠᠶᠢᠴᠠᠭᠠᠯᠲᠠ ᠶᠢ ᠪᠡᠶᠡᠯᠡᠭᠦᠯᠵᠦ᠂ 35 ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠶᠤᠯᠲᠠᠢ ᠬᠠᠶᠠᠭᠳᠠᠮᠠᠯ ᠪᠣᠳᠠᠰ ᠤᠨ ᠵᠢᠷᠤᠮᠵᠢᠭᠰᠠᠨ ᠣᠷᠴᠢᠨ ᠲᠣᠭᠤᠷᠢᠨ ᠤ ᠬᠠᠮᠢᠶᠠᠷᠤᠯᠲᠠ ᠶᠢ ᠦᠨᠡᠯᠡᠨ ᠵᠢᠱᠢᠬᠦ ᠶᠢ ᠪᠠᠷᠢᠮᠵᠢᠶ᠎ᠠ ᠳᠤ ᠬᠦᠷᠭᠡᠵᠦ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠣᠢ ᠰᠢᠭᠤᠢ ᠵᠢᠨ‌ᠢᠨᠵᠧᠨᠧᠷᠢᠩ  ᠤᠨ ᠠᠮᠵᠢᠯᠲᠠ ᠪᠦᠲᠦᠮᠵᠢ᠃ 2.37 ᠲᠦᠮᠡᠨ ᠮᠦ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠶᠢ ᠪᠡᠶᠡᠯᠡᠭᠦᠯᠵᠦ᠂ ᠭᠠᠨᠳᠠᠷᠢ ᠠᠭᠤᠯᠠ ᠶᠢᠨ ᠪᠠᠷᠠᠭᠤᠨ ᠬᠠᠵᠠᠭᠤ ᠵᠡᠷᠭᠡ ᠭᠠᠵᠠᠷ ᠣᠷᠣᠨ ᠳᠤ 240 ᠮᠦ ᠡᠯᠡᠰᠦ ᠶᠢ ᠲᠣᠭᠲᠠᠪᠤᠷᠢᠵᠢᠭᠤᠯᠬᠤ ᠡᠪᠡᠰᠦᠨ ᠳᠥᠷᠪᠡᠯᠵᠢ ᠳᠡᠪᠢᠰᠦᠭᠰᠡᠨ ᠪᠠᠶᠢᠨ᠎ᠠ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠪᠠ᠃    ᠨᠢᠭᠡ ᠵᠢᠯ ᠤᠨ ᠲᠤᠷᠰᠢ᠂ ᠪᠢᠳᠡ ᠪᠣᠳᠠᠲᠤ ᠪᠠᠶᠢᠳᠠᠯ ᠳᠤ ᠰᠠᠭᠤᠷᠢᠯᠠᠨ᠂ ᠢᠳᠡᠪᠬᠢᠲᠡᠶ ᠪᠠᠷ ᠠᠷᠭ᠎ᠠ ᠤᠬᠠᠭᠠᠨ ᠰᠦᠪᠡᠭᠴᠢᠯᠡᠵᠦ᠂ ᠬᠤᠲᠠ ᠶᠢᠨ ᠳᠠᠭᠠᠭᠠᠴᠠ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ︽ᠬᠤᠲᠠ ᠶᠢ ᠰᠢᠨᠡᠳᠬᠡᠬᠦ︾ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠨᠢᠭᠡᠳᠦᠯᠲᠡᠶ ᠲᠥᠯᠥᠪᠵᠢᠭᠦᠯᠬᠦ᠂ ᠵᠦᠶ ᠵᠣᠬᠢᠰᠲᠠᠶ ᠪᠠᠶᠢᠷᠢᠯᠠᠭᠤᠯᠬᠤ ᠶᠢ ᠪᠠᠷᠢᠮᠲᠠᠯᠠᠵᠤ᠂ ᠬᠤᠲᠠ ᠶᠢᠨ ᠠᠷᠠᠳ ᠤᠨ ᠵᠣᠯ ᠵᠢᠷᠭᠠᠯ ᠢ ︽ᠳᠡᠰ ᠳᠡᠪᠰᠢᠭᠦᠯᠬᠦ︾᠎ ᠶᠢ ᠪᠡᠶᠡᠯᠡᠭᠦᠯᠪᠡ᠃ ᠭᠡᠷ  ᠪᠠᠶᠢᠰᠢᠩ ᠭᠠᠵᠠᠷ ᠬᠥᠷᠥᠩᠭᠡ ᠶᠢᠨ ︽ᠭᠤᠷᠪᠠᠨ ᠬᠦᠴᠢᠷ︾ ᠠᠰᠠᠭᠤᠳᠠᠯ ᠢ ᠪᠦᠲᠦᠮᠵᠢᠲᠡᠢ ᠰᠢᠢᠤᠡᠪᠤᠷᠢᠯᠡᠪᠡ᠃ ᠴᠠᠪᠴᠢᠶᠠᠯ ᠲᠤᠭᠤᠷᠢᠭ ᠤᠨ ᠨᠤᠷᠠᠭᠠᠨ ᠨᠡᠬᠦᠯᠭᠡᠭᠰᠡᠨ ᠤ ᠦᠯᠡᠳᠡᠭᠳᠡᠯ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠵᠦ᠂ 2200 ᠭᠠᠷᠤᠢ ᠡᠷᠦᠬᠡ ᠴᠢᠶᠠᠨ ᠭᠠᠩ ᠨᠡᠶᠢᠭᠡᠮ ᠲᠤᠭᠤᠷᠢᠭ ᠤᠨ ᠬᠦᠴᠢᠷᠳᠡᠯ ᠢ ᠰᠢᠢᠳᠪᠦᠷᠢᠯᠡᠬᠦ ᠢᠨᠵᠧᠨᠧᠷᠢᠩ ᠢ ᠡᠬᠢᠯᠡᠨ ᠪᠠᠶᠢᠭᠤᠯᠵᠦ᠂ ︽ᠠᠰᠠᠭᠤᠳᠠᠯ ᠲᠠᠢ ᠠᠰᠠᠷ︾᠎ ᠢ 2594 ᠢᠵᠢ ᠲᠤᠰᠢᠶᠠᠨ ᠦᠭᠴᠦ᠂ ᠪᠤᠴᠠᠭᠠᠨ ᠨᠡᠭᠦᠯᠭᠡᠵᠦ ᠲᠦᠪᠬᠢᠨᠡᠭᠦᠯᠦᠭᠰᠡᠨ ᠨᠤᠷᠮ᠎ᠠ 98%᠎ ᠳᠤ ᠬᠦᠷᠴᠦ᠂ 7800 ᠭᠠᠷᠤᠢ ᠦᠯᠦ ᠬᠦᠳᠡᠯᠬᠦ ᠬᠦᠷᠦᠩᠭᠡ ᠶᠢ ᠵᠤᠬᠢᠴᠠᠭᠤᠯᠤᠨ ᠰᠢᠢᠳᠪᠦᠷᠢᠯᠡᠵᠦ᠂ ᠰᠠᠭᠤᠭᠠᠯᠢ ᠠᠷᠠᠳ ᠢ ᠤᠯᠠᠨ ᠵᠢᠯ ᠭᠠᠴᠢᠭᠳᠠᠭᠤᠯᠤᠭᠰᠠᠨ ᠲᠡᠤᠬᠡᠨ ᠦᠯᠡᠳᠡᠭᠳᠡᠯ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠣᠷᠣᠰᠢᠨ ᠰᠠᠭᠤᠬᠤ ᠣᠷᠴᠢᠨ ᠨᠥᠬᠦᠴᠡᠯ ᠲᠠᠰᠤᠷᠠᠯᠲᠠ ᠦᠭᠡᠢ ᠰᠠᠶᠢᠵᠢᠷᠠᠪᠠ᠃ 48 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ ᠳᠠᠭᠤᠰᠬᠠᠭᠠᠳ᠂ 3 ᠪᠠᠶᠢᠰᠢᠩ ᠬᠡᠷ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠡᠬᠢᠯᠡᠭᠦᠯᠵᠦ᠂ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ 5873 ᠡᠷᠦᠬᠡ ᠶᠢ ᠪᠡᠶᠡᠯᠡᠭᠦᠯᠵᠦ᠂ ᠡᠮᠦᠨ᠎ᠡ ᠬᠡᠰᠡᠭ ᠤᠨ ᠬᠤᠲᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠮᠤᠵᠢ ᠶᠢᠨ ᠵᠠᠮ 217 ᠱᠤᠭᠤᠮ ᠳᠠᠭᠠᠤ ᠶᠢᠨ ᠨᠢᠴᠦᠭᠦᠨ ᠭᠠᠵᠠᠷ ᠰᠢᠷᠣᠶ ᠶᠢ ᠴᠡᠭᠴᠡᠯᠡᠨ ᠵᠠᠰᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠴᠡᠴᠡᠭᠲᠦ ᠰᠢᠪᠠᠭᠤᠨ ᠤ ᠵᠠᠬ᠎ᠠ ᠳᠡᠯᠭᠡᠭᠦᠷ᠂ ᠭᠠᠯᠲᠤ ᠲᠡᠷᠭᠡᠨ ᠤ ᠥᠷᠲᠡᠭᠡ ᠶᠢᠨ ᠡᠮᠦᠨᠡᠬᠢ ᠠᠭᠤᠳᠠᠮ ᠲᠠᠯᠠᠪᠠᠶ ᠶᠢ ᠥᠭᠡᠷᠡᠴᠢᠯᠡᠨ ᠰᠠᠶᠢᠵᠢᠷᠠᠭᠤᠯᠵᠤ᠂ 12 ︽ᠬᠠᠷᠮᠠᠨ︾ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠴᠡᠴᠡᠷᠯᠢᠭ᠂ ᠨᠣᠭᠤᠭᠠᠨ ᠭᠠᠵᠠᠷ ᠤᠨ ᠲᠠᠯᠠᠪᠠᠶ ᠶᠢ 6.3 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠬᠡᠷ ᠤᠨ ᠡᠭᠦᠳᠡᠨ ᠳᠤ ᠳᠡᠭᠡᠭᠰᠢᠯᠡᠭᠦᠯᠪᠡ᠃ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠨᠠᠷᠢᠯᠢᠭ ᠣᠨᠣᠴᠠᠲᠠᠶ ᠪᠠᠷ ᠲᠡᠭᠦᠯᠳᠡᠷᠵᠢᠭᠦᠯᠪᠡ᠃ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠲᠦᠷᠦᠯ ᠵᠦᠢᠯ ᠢ ᠡᠮᠬᠢ ᠵᠢᠷᠤᠮ ᠲᠠᠢ ᠠᠬᠢᠭᠤᠯᠵᠤ᠂ ᠠᠷᠠᠳ ᠤᠨ ᠵᠠᠮ᠂ ᠰᠢᠨᠬᠤᠸᠠ ᠵᠡᠭᠡᠯᠢ᠂ S217 ᠲᠤᠰᠠᠯᠠᠬᠤ ᠵᠠᠮ ᠵᠡᠷᠭᠡ ᠵᠠᠮ ᠵᠡᠭᠡᠯᠢ ᠶᠢ 31.5  ᠺᠢᠯᠤᠮᠧᠲᠷ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠵᠦ᠂ 10 ᠵᠤᠷᠪᠤᠰ ᠲᠠᠰᠤᠷᠬᠠᠢ ᠵᠠᠮ ᠢ ᠨᠡᠪᠲᠡᠷᠡᠭᠦᠯᠵᠦ᠂ ᠶᠠᠪᠤᠵᠤ ᠰᠠᠭᠤᠬᠤ ᠣᠷᠴᠢᠨ ᠲᠣᠭᠤᠷᠢᠨ ᠢ ᠨᠡᠩ ᠳᠥᠭᠦᠮ ᠳᠥᠲᠡ ᠪᠣᠯᠭᠠᠪᠠ᠃ ᠰᠢᠲᠠᠮᠠᠬᠠᠶ ᠬᠡᠶ ᠶᠢᠨ ᠬᠤᠭᠤᠯᠠᠶ ᠶᠢᠨ ᠲᠣᠤᠷ ᠢ 152 ᠺᠢᠯᠤᠮᠧᠲᠷ ᠥᠭᠡᠷᠡᠴᠢᠯᠡᠬᠦ ᠶᠢ ᠪᠡᠶᠡᠯᠡᠭᠦᠯᠵᠦ᠂ ᠨᠡᠶᠢᠲᠡ ᠶᠢᠨ ᠬᠡᠷᠡᠭᠯᠡᠭᠡᠨ ᠤ ᠪᠣᠬᠢᠷ ᠤᠰᠤᠨ ᠤ ᠬᠤᠭᠤᠯᠠᠶ ᠶᠢᠨ ᠲᠣᠤᠷ ᠢ 16 ᠺᠢᠯᠤᠮᠧᠲᠷ᠂ ᠤᠰᠤ ᠠᠷᠪᠢᠯᠠᠬᠤ ᠬᠤᠭᠤᠯᠠᠶ ᠶᠢᠨ ᠲᠣᠤᠷ ᠢ 24.3 ᠺᠢᠯᠤᠮᠧᠲᠷ ᠰᠢᠨ᠎ᠡ ᠪᠠᠷ ᠪᠠᠶᠢᠭᠤᠯᠵᠤ᠂ ᠬᠤᠲᠠ ᠶᠢᠨ ᠭᠠᠵᠠᠷ ᠳᠣᠤᠷᠠᠬᠢ ︽ᠰᠤᠳᠠᠰᠤ︾᠎ ᠶᠢ ᠨᠠᠩ ᠰᠠᠭᠠᠳ ᠥᠬᠡᠶ ᠨᠡᠪᠲᠡᠷᠡᠭᠦᠯᠪᠡ᠃ ᠬᠤᠭ ᠨᠣᠪᠰᠢ ᠪᠤᠯᠠᠬᠤ ᠲᠠᠯᠠᠪᠠᠢ ᠶᠢᠨ ᠰᠢᠮᠡᠳᠦᠨ ᠱᠦᠭᠦᠬᠦ ᠰᠢᠩᠭᠡᠨ ᠢ ᠰᠢᠢᠳᠪᠦᠷᠢᠯᠡᠬᠦ ᠲᠥᠪ᠂ ᠪᠠᠷᠢᠯᠭ᠎ᠠ ᠶᠢᠨ ᠬᠤᠭ ᠨᠣᠪᠰᠢ ᠶᠢ ᠰᠢᠩᠭᠡᠭᠡᠬᠦ ᠲᠠᠯᠠᠪᠠᠢ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ ᠂ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠢ ᠶᠢᠨ ᠨᠢᠭᠡᠳᠦᠭᠡᠷ ᠬᠤᠭᠤᠴᠠᠭᠠᠨ ᠤ ᠪᠢᠲᠡᠭᠦᠮᠵᠢᠯᠡᠬᠦ᠂ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠤᠷᠤᠭᠰᠢᠲᠠᠢ ᠶᠠᠪᠤᠭᠳᠠᠵᠤ᠂ ᠬᠤᠭ ᠨᠣᠪᠰᠢ ᠶᠢ ᠵᠠᠰᠠᠬᠤ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠪᠡ᠃ ᠬᠠᠤᠯᠢ ᠲᠤᠭᠲᠠᠭᠠᠯ ᠶᠤᠰᠤᠭᠠᠷ 3150 ᠲᠡᠭᠰᠢ ᠳᠦᠷᠪᠡᠯᠵᠢᠨ ᠮᠧᠲᠷ ᠤᠨ ᠳᠦᠷᠢᠮ ᠠᠴᠠ ᠵᠦᠷᠢᠴᠡᠭᠰᠡᠨ ᠪᠠᠷᠢᠯᠭ᠎ᠠ ᠶᠢ ᠨᠤᠷᠠᠭᠠᠵᠤ᠂ 1807 ᠲᠡᠷᠭᠡᠨ ᠵᠤᠭᠰᠤᠭᠠᠯ ᠢ ᠰᠢᠨ᠎ᠡ ᠪᠠᠷ ᠨᠡᠮᠡᠭᠳᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠠᠷᠬᠠᠭ ᠭᠡᠮ ᠢ ᠪᠦᠲᠦᠮᠵᠢᠲᠡᠶ  ᠵᠠᠰᠠᠪᠠ᠃    ᠨᠢᠭᠡ ᠵᠢᠯ ᠤᠨ ᠲᠤᠷᠰᠢ᠂ ᠪᠢᠳᠡ ᠪᠤᠶᠠᠨ ᠵᠢᠷᠭᠠᠯ ᠢ ᠬᠠᠮᠲᠤ ᠪᠠᠷ ᠰᠦᠪᠡᠭᠴᠢᠯᠡᠵᠦ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠠᠷᠠᠳ ᠤᠨ ᠠᠮᠢᠳᠤᠷᠠᠯ ᠢ ᠪᠦᠬᠦ ᠲᠠᠯ᠎ᠠ ᠪᠠᠷ ᠰᠠᠶᠢᠵᠢᠷᠠᠭᠤᠯᠪᠠ᠃ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠥᠲᠡᠯᠪᠡᠯ ᠬᠦᠷᠲᠡᠬᠦ ᠠᠰᠠᠷᠠᠮᠵᠢ ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ ᠪᠠᠶᠢᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠷᠠᠳ ᠤᠨ ᠠᠮᠢᠳᠤᠷᠠᠯ ᠤᠨ ᠦᠢᠯᠡᠰ ᠲᠤ ᠰᠢᠨ᠎ᠡ ᠪᠠᠶᠢᠳᠠᠯ ᠢᠯᠡᠷᠡᠪᠡ᠃ ᠠᠵᠢᠯ ᠣᠯᠭᠤᠯᠲᠠ ᠶᠢᠨ ᠪᠠᠶᠢᠳᠠᠯ ᠤᠨ ᠲᠤᠭᠲᠠᠭᠤᠨ ᠪᠠᠶᠢᠳᠠᠯ ᠢ ᠪᠠᠲᠤᠯᠠᠪᠠ᠃ ᠬᠤᠲᠠ ᠪᠠᠯᠭᠠᠰᠤᠨ ᠤ 3349 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠳᠠᠯ  ᠤᠶᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢ 4224 ᠲᠦᠮᠡᠨ ᠲᠥᠭᠦᠷᠢᠭ ᠲᠠᠯᠪᠢᠵᠤ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠬᠤᠲᠠ ᠶᠢᠨ ᠰᠢᠨ᠎ᠡ ᠠᠷᠠᠳ ᠤᠨ ᠬᠤᠲᠠ ᠶᠢᠨ ᠬᠠᠷᠢᠶᠠᠯᠠᠭᠳᠠᠬᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠪᠡ᠃ ᠨᠡᠶᠢᠭᠡᠮ ᠤᠨ ᠪᠠᠲᠤᠯᠠᠭ᠎ᠠ ᠦᠷᠭᠦᠯᠵᠢᠯᠡᠨ ᠲᠡᠭᠦᠯᠳᠡᠷᠵᠢᠪᠡ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠰᠠᠷ᠎ᠠ ᠶᠢᠨ ᠪᠠᠷᠢᠮᠵᠢᠶ᠎ᠠ ᠶᠢ 903 ᠲᠥᠭᠦᠷᠢᠭ ᠪᠣᠯᠭᠠᠨ ᠳᠡᠭᠡᠭᠰᠢᠯᠡᠭᠦᠯᠵᠦ ᠂ 50 ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠤᠶᠢᠯᠡᠴᠢᠯᠡᠭᠡᠨ ᠤ ᠥᠷᠲᠡᠭᠡ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ 42 ᠨᠡᠶᠢᠭᠡᠮ ᠲᠣᠭᠤᠷᠢᠭ ᠤᠨ ᠨᠠᠰᠤᠵᠢᠯ ᠤᠨ ᠤᠶᠢᠯᠡᠴᠢᠯᠡᠭᠡᠨ ᠤ ᠲᠥᠪ ︵ᠥᠷᠲᠡᠭᠡ︶᠎ ᠢ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠵᠦ᠂ ᠡᠯ᠎ᠡ ᠲᠥᠷᠥᠯ ᠤᠨ ᠬᠦᠴᠢᠷᠳᠡᠯᠲᠡᠶ ᠠᠪᠤᠷᠠᠨ ᠲᠤᠰᠠᠯᠠᠬᠤ ᠨᠥᠬᠦᠪᠥᠷᠢ ᠶᠢ 3630 ᠲᠦᠮᠡᠨ ᠲᠥᠭᠦᠷᠢᠭ ᠲᠠᠷᠬᠠᠭᠠᠵᠤ᠂ 5495 ᠲᠠᠷᠢᠶᠠᠯᠠᠬᠤ ᠣᠷᠣᠨ ᠤ ᠰᠠᠭᠤᠭᠠᠯᠢ ᠠᠷᠠᠳ ᠲᠤ 769 ᠲᠦᠮᠡᠨ ᠲᠥᠭᠦᠷᠢᠭ ᠤᠨ ᠳᠤᠯᠠᠭᠠᠯᠠᠭ᠎ᠠ ᠶᠢᠨ ᠨᠥᠬᠦᠪᠥᠷᠢ ᠣᠯᠭᠤᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠᠲᠤ ᠴᠢᠩᠭ᠎ᠠ ᠬᠦᠴᠦᠨ ᠲᠠᠢ ᠪᠣᠯᠪᠠ᠃ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠪᠠᠶᠢᠳᠠᠯ ᠢ ᠭᠦᠨᠵᠡᠭᠡᠶ ᠠᠬᠢᠭᠤᠯᠪᠠ᠃ ᠪᠥᠯᠬᠦᠮᠳᠡᠯ ᠰᠤᠷᠭᠠᠭᠤᠯᠢ ᠡᠷᠭᠢᠯᠡᠬᠦ ᠲᠠᠯ᠎ᠠ ᠪᠠᠷ ᠲᠣᠪᠤᠶᠢᠮ᠎ᠠ ᠦᠷ᠎ᠡ ᠪᠦᠲᠦᠮᠵᠢ ᠣᠯᠵᠤ᠂ ᠴᠡᠭᠡᠯ ᠠᠭᠤᠯᠠᠨ ᠤ ᠰᠤᠷᠭᠠᠭᠤᠯᠢ ᠬᠢᠭᠡᠳ ᠪᠦᠯᠬᠦᠮᠳᠡᠯ ᠪᠠᠭ᠎ᠠ ᠰᠤᠷᠭᠠᠭᠤᠯᠢ ᠶᠢ ᠡᠮᠬᠢᠯᠡᠨ ᠨᠡᠶᠢᠯᠡᠭᠦᠯᠵᠦ ᠪᠡᠶᠡᠯᠡᠭᠦᠯᠪᠡ︔ 194 ᠪᠠᠭᠰᠢ ᠶᠢ ᠤᠷᠢᠨ ᠠᠪᠴᠢᠷᠠᠵᠤ᠂ ︽ᠨᠠᠰᠤ ᠵᠢᠯ ᠤᠨ ᠲᠤᠰᠠᠯᠠᠬᠤ ᠪᠠᠭᠰᠢ︾᠎ ᠶᠢᠨ ᠠᠰᠢᠭᠲᠠᠢ ᠨᠥᠬᠦᠪᠦᠷᠢ ᠶᠢ ᠨᠥᠬᠦᠪᠦᠷᠢᠯᠡᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠦᠷᠭᠦᠯᠵᠢᠯᠡᠨ ᠰᠢᠯᠢᠳᠡᠭᠵᠢᠭᠦᠯᠪᠡ᠃ ᠳᠥᠷᠪᠡᠳᠦᠭᠡᠷ ᠬᠡᠦᠬᠡᠳ ᠤᠨ ᠴᠡᠴᠡᠷᠯᠢᠭ ᠢ ᠨᠡᠭᠦᠯᠭᠡᠨ ᠪᠠᠶᠢᠭᠤᠯᠵᠤ ᠳᠠᠭᠤᠰᠬᠠᠪᠠ᠂ ᠪᠢᠨ ᠾᠧ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠠᠭᠤᠰᠴᠤ᠂ ᠠᠷᠪᠠᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠰᠠᠷ ᠤᠨ ᠣᠷᠣᠢ ᠶᠢ ᠪᠢᠲᠡᠭᠦᠮᠵᠢᠯᠡᠵᠦ᠂ 556 ᠲᠦᠮᠡᠨ ᠲᠥᠭᠦᠷᠢᠭ ᠤᠨ ᠪᠡᠯᠡ ᠣᠷᠣᠭᠤᠯᠵᠤ ᠵᠢᠭᠠᠨ ᠰᠤᠷᠭᠠᠬᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠪᠡ᠃ 2.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠢᠲᠠᠳ ᠡᠮᠨᠡᠯᠭᠡ ᠶᠢᠨ ᠬᠤᠷᠢᠶ᠎ᠠ ᠶᠢᠨ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ 5 ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠪᠠ︔ ᠤᠯᠤᠰ ᠤᠨ ᠲᠠᠰ ᠤᠨ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ 92 ᠡᠮᠴᠢᠯᠡᠭᠡᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠡᠪᠡᠳᠴᠢᠨ ᠦᠵᠡᠭᠦᠯᠬᠦ ᠣᠷᠴᠢᠨ ᠲᠣᠭᠤᠷᠢᠨ ᠬᠢᠭᠡᠳ ᠡᠮᠴᠢᠯᠡᠭᠡᠨ ᠤ ᠦᠢᠯᠡᠴᠢᠯᠡᠭᠡ ᠶᠢᠨ ᠬᠤᠤᠰ ᠳᠡᠭᠡᠭᠰᠢᠯᠡᠯᠲᠡ ᠲᠠᠢ ᠪᠣᠯᠪᠠ᠃ ᠰᠣᠶᠣᠯ ᠢᠶᠠᠷ ᠠᠷᠠᠳ ᠲᠤ  ᠠᠰᠢᠭ ᠬᠦᠷᠳᠡᠭᠡᠪᠡ᠃ ᠦᠬᠠᠢ ᠶᠢᠨ ︽ᠡᠵᠢ ᠭᠤᠣᠯ ᠤᠨ ᠠᠶᠠᠯᠠᠯ︾ ᠮᠠᠷᠠᠰᠤᠨ ᠤᠷᠤᠯᠳᠤᠭᠠᠨ ᠤ ᠵᠠᠮ ᠤᠨ ᠨᠢᠭᠡᠳᠦᠭᠡᠷ ᠬᠤᠭᠤᠴᠠᠭᠠᠨ ᠤ ᠠᠰᠢᠭᠯᠠᠯᠲᠠ ᠳᠤ ᠣᠷᠣᠭᠰᠠᠨ ᠨᠣᠮ ᠤᠨ ᠰᠠᠩ ᠤᠨ ᠪᠦᠬᠦᠯᠢ ᠴᠣᠭᠴᠠ ᠶᠢᠨ ᠳᠡᠰ ᠳᠡᠪᠰᠢᠯᠡᠭᠦᠯᠬᠦ ᠥᠭᠡᠷᠡᠴᠢᠯᠡᠯᠲᠡ ᠳᠠᠭᠤᠰᠴᠠᠢ᠃ ᠴᠠᠭᠠᠨ ᠰᠠᠷ᠎ᠠ ᠶᠢᠨ ᠦᠳᠡᠰᠢᠯᠡᠭᠡ᠂ ᠵᠢᠯᠣᠭᠤᠴᠢ ᠥᠬᠡᠶ ᠨᠢᠰᠬᠡᠯ ᠤᠨ ᠳ᠋ᠧᠩ ᠤᠨ ᠦᠵᠡᠭᠦᠯᠦᠯᠭᠡ ᠵᠡᠷᠭᠡ ᠰᠣᠶᠣᠯ ᠲᠠᠮᠢᠷ ᠤᠨ ᠠᠵᠢᠯᠯᠠᠭ᠎ᠠ ᠶᠢ 50 ᠭᠠᠷᠤᠶ ᠤᠳᠠᠭ᠎ᠠ ᠠᠮᠵᠢᠯᠲᠠ ᠲᠠᠢ ᠡᠷᠭᠢᠯᠡᠵᠦ᠂ ᠣᠷᠣᠯᠴᠠᠭᠰᠠᠨ ᠬᠥᠮᠦᠨ ᠤ ᠲᠤᠭ᠎ᠠ 51 ᠲᠦᠮᠡᠨ ᠬᠥᠮᠦᠨ ᠤᠳᠠᠭ᠎ᠠ ᠳᠤ ᠬᠦᠷᠴᠦ᠂ ᠰᠠᠭᠤᠭᠠᠯᠢ ᠠᠷᠠᠳ ᠤᠨ ᠰᠣᠶᠣᠯ ᠲᠠᠮᠢᠷ ᠤᠨ ᠠᠮᠢᠳᠤᠷᠠᠯ ᠤᠯᠠᠮ ᠨᠢᠭᠡ ᠠᠯᠬᠤᠮ ᠪᠠᠶᠠᠯᠢᠭᠵᠢᠭᠤᠯᠪᠠ᠃    ᠨᠢᠭᠡ ᠵᠢᠯ ᠤᠨ ᠲᠤᠷᠰᠢ᠂ ᠪᠢᠳᠡ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠪᠦᠬᠦ ᠲᠠᠯ᠎ᠠ ᠪᠠᠷ ᠥᠭᠡᠷᠡᠴᠢᠯᠡᠯᠲᠡ ᠬᠢᠵᠦ ᠲᠦᠷᠭᠡᠨ ᠪᠥᠭᠡᠳ ᠯᠠᠪᠳᠠᠭᠤᠨ ᠢᠶᠠᠷ ᠤᠷᠤᠭᠰᠢᠯᠠᠪᠠ᠃ ᠠᠵᠤ ᠠᠬᠤᠶᠢᠯᠠᠯ ᠳᠤ ᠠᠰᠢᠭ ᠬᠦᠷᠲᠡᠭᠡᠵᠦ ᠬᠦᠴᠢᠷᠳᠡᠯ ᠢ ᠰᠢᠢᠳᠪᠦᠷᠢᠯᠡᠬᠦ ᠪᠠᠷ ᠬᠠᠷᠠᠯᠲᠠ ᠪᠣᠯᠭᠠᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠵᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠠᠯᠬᠤᠴᠠ ᠪᠠᠨ ᠲᠦᠷᠭᠡᠳᠬᠡᠪᠡ᠃ ᠭᠠᠶᠢᠯᠢ   ᠰᠤᠶᠢᠤᠡᠭᠡᠯ ᠤᠨ ᠲᠥᠷᠥ ᠶᠢᠨ ᠪᠤᠳᠣᠯᠭ᠎ᠠ ᠶᠢ ᠭᠦᠢᠴᠡᠤᠡ ᠬᠡᠷᠡᠭᠯᠡᠪᠡ᠃ ᠡᠯ᠎ᠡ ᠵᠦᠢᠯ ᠤᠨ ᠭᠠᠶᠢᠯᠢ ᠪᠤᠴᠠᠭᠠᠬᠤ ᠭᠠᠶᠢᠯᠢ ᠶᠢ ᠬᠥᠩᠭᠡᠯᠡᠬᠦ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠲᠡ 13.74 ᠳ᠋ᠦᠩᠰᠢᠭᠤᠷ ᠲᠥᠭᠦᠷᠢᠭ ᠤᠨ ᠭᠠᠶᠢᠯᠢ ᠪᠤᠴᠠᠭᠠᠵᠤ᠂ ᠭᠠᠶᠢᠯᠢ ᠶᠢ ᠤᠳᠠᠭᠠᠰᠢᠷᠠᠭᠤᠯᠤᠨ ᠰᠦᠢᠳᠬᠡᠯ ᠢ ᠪᠠᠭᠤᠷᠠᠭᠤᠯᠤᠨ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ 1300 ᠲᠦᠮᠡᠨ ᠲᠥᠭᠦᠷᠢᠭ ᠠᠴᠠ ᠳᠠᠪᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠣᠰ ᠲᠣᠰ 925 ᠳ᠋ᠦᠩᠰᠢᠭᠤᠷ ᠲᠥᠭᠦᠷᠢᠭ ᠪᠠ 470 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 9.25% ᠪᠠ 17.76 %᠎ ᠪᠠᠷ ᠨᠡᠮᠡᠭᠳᠡᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠡᠳᠦᠷ ᠢᠷᠡᠬᠦᠶ᠎ᠡ ᠰᠢᠯᠢᠳᠡᠭᠵᠢᠪᠡ᠃ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠣᠷᠣᠵᠤ ᠰᠠᠭᠤᠬᠤ ᠨᠣᠷᠮ᠎ᠠ ᠶᠢ 100%᠎ ᠳᠤ ᠬᠦᠷᠭᠡᠪᠡ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾᠂ ︽ᠨᠢᠭᠡ ᠯᠡ ᠤᠳᠠᠭ᠎ᠠ ᠳᠤ ᠭᠦᠢᠴᠡᠳᠭᠡᠬᠦ︾ ᠵᠡᠷᠭᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠦᠷᠢᠶ᠎ᠡ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠪᠡ᠃ ︽ᠭᠡᠷᠡᠴᠢ ᠦᠨᠡᠮᠯᠡᠯ ᠢ ᠬᠠᠮᠲᠤᠷᠠᠨ ᠭᠦᠢᠴᠡᠳᠭᠡᠬᠦ︾ ᠦᠢᠯᠡᠴᠢᠯᠡᠭᠡ ᠶᠢᠨ ᠰᠢᠨ᠎ᠡ ᠶᠢ ᠡᠭᠦᠳᠴᠦ᠂ ᠥᠪᠡᠷᠲᠡᠭᠡᠨ ᠵᠠᠰᠠᠬᠤ ᠣᠷᠣᠨ ᠳᠤ ᠭᠢᠯᠠᠰ ᠴᠡᠭ ᠤᠨ ᠠᠵᠢᠯ ᠪᠣᠯᠭᠠᠨ ᠳᠡᠯᠭᠡᠷᠡᠭᠦᠯᠪᠡ᠃ ᠬᠠᠪᠰᠤᠷᠤᠨ ᠭᠦᠢᠴᠡᠤᠡᠭᠡᠬᠦ ᠣᠷᠣᠯᠠᠨ ᠭᠦᠢᠴᠡᠤᠡᠭᠡᠬᠦ  ᠤᠶᠢᠯᠡᠴᠢᠯᠡᠭᠡ ᠨᠢ ᠦᠨᠳᠦᠰᠦᠨ ᠱᠠᠲᠤ ᠶᠢ ᠤᠷᠲᠤᠳᠬᠠᠵᠤ᠂ ᠠᠵᠤ ᠤᠶᠢᠯᠡᠰ ᠤᠨ ᠬᠦᠷᠢᠶᠡᠯᠡᠩ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠵᠢᠯ ᠤᠨ ᠥᠷᠲᠡᠭᠡ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠤᠶᠢᠯᠡᠴᠢᠯᠡᠭᠡ ᠨᠢ ᠰᠢᠨ᠎ᠡ ᠪᠠᠶᠢᠷᠢᠰᠢᠯ ᠠᠩᠬ᠎ᠠ ᠠᠯᠬᠤᠮ ᠦᠷ᠎ᠡ ᠪᠦᠲᠦᠮᠵᠢ ᠣᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠲᠠᠰᠤᠷᠠᠯᠲᠠ ᠦᠭᠡᠢ ᠴᠢᠩᠭᠠᠷᠠᠪᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ  ᠠᠬᠢᠭᠤᠯᠪᠠ᠃    ᠨᠢᠭᠡ ᠵᠢᠯ ᠤᠨ ᠲᠤᠷᠰᠢ᠂ ᠪᠢᠳᠡ ᠠᠶᠤᠯ ᠲᠦᠭᠰᠢᠭᠦᠷᠢ ᠶᠢ ᠰᠡᠷᠭᠡᠶᠢᠯᠡᠵᠦ᠂ ᠭᠤᠣᠯᠳᠠᠯᠭ᠎ᠠ ᠶᠢ ᠴᠢᠩᠭ᠎ᠠ ᠠᠳᠬᠤᠵᠤ᠂ ᠨᠡᠶᠢᠭᠡᠮ ᠤᠨ ᠶᠡᠭᠡ ᠲᠠᠯ᠎ᠠ ᠦᠷᠭᠦᠯᠵᠢᠯᠡᠨ ᠡᠶ᠎ᠡ ᠵᠣᠬᠢᠴᠠᠩᠭᠤᠢ ᠲᠣᠭᠲᠠᠭᠤᠨ ᠪᠣᠯᠪᠠ᠃ ᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠥᠷᠢ ᠥᠭᠴᠡᠭᠡ ᠶᠢᠨ ᠲᠦᠭᠰᠢᠭᠦᠷᠢ ᠶᠢᠨ ᠵᠡᠷᠭᠡ ᠳᠡᠰ ᠢ ︽ᠤᠯᠠᠪᠢᠷ ᠤᠯᠠᠭᠠᠭᠴᠢ︾ ᠪᠤᠯᠭᠠᠪᠠ᠃ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠬᠢᠨᠠᠨ ᠵᠢᠯᠣᠭᠤᠳᠴᠤ ᠪᠠᠶᠢᠴᠠᠭᠠᠵᠤ ᠬᠠᠷᠢᠭᠤ ᠲᠤᠰᠬᠠᠭᠰᠠᠨ 104 ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠂ ᠥᠪᠡᠷᠲᠡᠭᠡᠨ ᠵᠠᠰᠠᠬᠤ ᠣᠷᠣᠨ ᠤ ᠬᠦᠨᠳᠦ ᠶᠡᠭᠡ ᠠᠳᠡᠯ ᠤᠨ ᠳᠠᠯᠳᠠ ᠬᠡᠮ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ ᠬᠠᠷᠢᠭᠤ ᠲᠤᠰᠬᠠᠭᠰᠠᠨ 39 ᠠᠰᠠᠭᠤᠳᠠᠯ ᠢ ᠪᠡᠶᠡᠯᠡᠭᠦᠯᠵᠦ᠂ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠥᠪᠡᠰᠦᠪᠡᠨ ᠪᠠᠷᠢᠭᠰᠠᠨ ᠬᠡᠷ ᠪᠠᠶᠢᠰᠢᠩ᠂ ᠭᠠᠯ ᠤᠨᠲᠠᠷᠠᠭᠠᠬᠤ ᠦᠯᠡᠳᠡᠭᠳᠡᠯ ᠲᠥᠷᠥᠯ ᠵᠦᠢᠯ ᠵᠡᠷᠭᠡ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ 11.37 ᠲᠦᠮᠡᠨ ᠡᠷᠦᠬᠡ ᠰᠠᠭᠤᠭᠠᠯᠢ ᠠᠷᠠᠳ ᠲᠤ ᠰᠢᠲᠠᠮᠠᠬᠠᠶ ᠬᠡᠶ ᠶᠢᠨ ᠮᠡᠷᠭᠡᠵᠢᠯ ᠤᠨ ᠰᠡᠷᠭᠡᠶᠢᠯᠡᠯᠲᠡ ᠶᠢᠨ ᠲᠥᠬᠦᠭᠡᠷᠦᠮᠵᠢ ᠤᠭᠰᠠᠷᠠᠪᠠ᠃ ᠳᠡᠭᠡᠳᠦ ᠱᠠᠲᠤᠨ ᠠᠴᠠ 87 ᠬᠤᠪᠢ ᠵᠠᠬᠢᠳᠠᠯ ᠰᠤᠷᠪᠤᠯᠵᠢᠯᠠᠯ ᠤᠨ ᠬᠡᠷᠡᠭ ᠢ ᠪᠦᠬᠦᠨ ᠢ ᠰᠢᠢᠳᠪᠦᠷᠢᠯᠡᠪᠡ᠃ ᠢᠳᠡᠭᠡᠨ ᠤ ᠵᠦᠢᠯ᠂ ᠦᠢᠯᠡᠳᠬᠦᠨ ᠤ ᠶᠠᠰᠤ ᠴᠢᠨᠠᠷ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ︽ᠰᠢᠤᠸᠠᠢ ᠯᠢᠶᠠᠩ ᠢᠨᠵᠧᠨᠧᠷᠢᠩ︾᠎ ᠢ ᠭᠦᠨᠵᠡᠭᠡᠶ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠨᠡᠶᠢᠭᠡᠮ ᠤᠨ ᠲᠣᠭᠲᠠᠭᠤᠨ ᠬᠠᠮᠠᠭᠠᠯᠠᠯᠲᠠ ᠶᠢ ᠬᠦᠴᠦᠲᠡᠶ ᠠᠬᠢᠭᠤᠯᠪᠠ᠃     ᠨᠢᠭᠡ ᠵᠢᠯ ᠤᠨ ᠲᠤᠷᠰᠢ᠂ ᠪᠢᠳᠡ ᠰᠤᠷᠤᠯᠴᠠᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠲᠠᠰᠤᠷᠠᠯᠲᠠ ᠦᠭᠡᠢ ᠳᠡᠭᠡᠭᠰᠢᠯᠡᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠠᠷᠢᠮᠲᠠᠯᠠᠪᠠ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠭᠤᠣᠯ ᠴᠣᠭᠴᠠ ᠶᠢᠨ ᠬᠠᠷᠢᠭᠤᠴᠠᠯᠭ᠎ᠠ︾ ᠪᠠ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾᠎ ᠶᠢ ᠦᠨᠡᠨ ᠬᠦ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠡᠭᠦᠷᠭᠡ 41 ᠵᠦᠢᠯ ᠢ ᠪᠡᠶᠡᠯᠡᠭᠦᠯᠵᠦ᠂ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠪᠠ᠃ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠲᠦᠷᠭᠡᠳᠭᠡᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾ ᠵᠡᠷᠭᠡ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠡᠷᠭᠡ ᠠᠰᠠᠭᠤᠳᠠᠯ ᠢ ᠴᠥᠬᠦᠷᠡᠰᠢ ᠥᠬᠡᠶ ᠵᠠᠯᠠᠷᠠᠭᠤᠯᠤᠨ ᠵᠠᠰᠠᠵᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ︽ᠭᠤᠷᠪᠠᠨ ᠴᠢᠬᠤᠯᠠ ᠨᠢᠭᠡ ᠶᠡᠭᠡ︾ ᠬᠠᠮᠲᠤ ᠶᠢᠨ  ᠰᠢᠢᠤᠡᠪᠤᠷᠢᠳᠤ ᠪᠣᠳᠣᠯᠭ᠎ᠠ ᠲᠣᠭᠲᠠᠭᠠᠬᠤ ᠵᠡᠷᠭᠡ ᠳᠦᠷᠢᠮ ᠢ ᠪᠠᠷᠢᠮᠲᠠᠯᠠᠨ᠂ ᠡᠯ᠎ᠡ ᠲᠥᠷᠥᠯ ᠤᠨ ᠬᠡᠷᠡᠭ ᠵᠥᠪᠯᠡᠬᠦ ᠳᠡᠰ ᠳᠠᠷᠠᠭᠠᠯᠠᠯ ᠢ ᠵᠢᠷᠤᠮᠵᠢᠭᠤᠯᠵᠤ᠂ ᠰᠢᠨᠵᠢᠯᠡᠬᠦ ᠤᠬᠠᠭᠠᠨᠴᠢ ᠪᠠᠷ ᠰᠢᠢᠤᠡᠪᠤᠷᠢᠳᠤ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠤᠡᠪᠤᠷᠢᠳᠤ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠶᠢ ᠦᠨᠡᠨᠬᠦ ᠪᠠᠳᠤᠯᠠᠪᠠ᠃ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠪᠠᠶᠢᠴᠠᠭᠠᠯᠲᠠ ᠦᠨᠡᠯᠡᠯᠲᠡ ᠶᠢ ᠤᠷᠤᠭᠰᠢᠲᠠᠶ ᠪᠠᠲᠤᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠠᠩ ᠬᠦᠴᠦᠲᠡᠶ ᠪᠣᠯᠭᠠᠪᠠ᠃ ᠪᠦᠬᠦ ᠤᠯᠤᠰ ᠤᠨ ᠠᠷᠠᠳᠴᠢᠯᠠᠯ ᠬᠠᠤᠯᠢᠵᠢᠯ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠲᠡᠰ ᠤᠨ 8 ᠵᠢᠱᠢᠶ᠎ᠡ ᠦᠵᠡᠭᠦᠯᠬᠦ ᠲᠣᠰᠬᠤᠨ ᠨᠡᠶᠢᠭᠡᠮ ᠲᠣᠭᠤᠷᠢᠭ ᠢ ᠪᠠᠶᠢᠭᠤᠯᠵᠤ᠂ ᠦᠨᠳᠦᠰᠦᠨ ᠱᠠᠲᠤᠨ ᠤ ᠬᠠᠤᠯᠢᠵᠢᠯ ᠤᠨ ᠵᠠᠰᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ 199 ᠬᠤᠪᠢ ᠭᠦᠢᠴᠡᠳᠬᠡᠵᠦ᠂ ᠬᠠᠨᠤᠮᠵᠢ ᠶᠢᠨ ᠨᠤᠷᠮ᠎ᠠ 100%᠎ ᠳᠤ ᠬᠦᠷᠪᠡ᠃ ᠠᠷᠠᠳ ᠤᠨ ᠠᠮᠢᠳᠤᠷᠠᠯ ᠤᠨ 5 ᠪᠣᠳᠠᠲᠤ ᠶᠠᠪᠤᠳᠠᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠲᠥᠷᠥᠯ ᠵᠦᠢᠯ ᠢ ᠴᠢᠨᠠᠷ ᠰᠠᠢᠲᠠᠢ ᠪᠡᠶᠡᠯᠡᠭᠦᠯᠪᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠵᠠᠯᠠᠭᠤᠴᠤᠳ ᠤᠨ ᠬᠥᠭᠵᠢᠯᠲᠡ᠂ ᠡᠮᠡᠭᠲᠡᠶᠢᠴᠦᠳ ᠬᠡᠦᠬᠡᠳ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠠᠷᠠᠳ ᠤᠨ ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠬᠦ ᠵᠢᠴᠢ ᠵᠡᠮᠳᠡᠭᠴᠦᠳ ᠵᠡᠷᠭᠡ ᠠᠵᠢᠯ ᠴᠥᠮ ᠰᠢᠨ᠎ᠡ ᠠᠮᠵᠢᠯᠲᠠ ᠣᠯᠪᠠ᠃     ᠲᠥᠯᠥᠭᠡᠯᠡᠭᠴᠢᠳ ᠡ᠂ 2023 ᠣᠨ ᠢ ᠡᠷᠭᠢᠴᠡᠭᠦᠯᠪᠡᠯ᠂ ᠪᠢᠳᠡ ᠡᠯ᠎ᠡ ᠵᠦᠢᠯ ᠤᠨ ᠬᠦᠴᠢᠷ ᠪᠡᠷᠬᠡᠰᠢᠶᠡᠯ ᠢ ᠢᠳᠡᠪᠬᠢᠲᠡᠢ ᠢᠯᠠᠨ ᠳᠠᠪᠠᠵᠤ᠂ ᠡᠯ᠎ᠡ ᠵᠦᠢᠯ ᠤᠨ ᠰᠢᠯᠭᠠᠯᠲᠠ ᠶᠢ ᠠᠷᠭᠠᠴᠠᠵᠤ᠂ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠢ ᠨᠡᠶᠢᠭᠡᠮ ᠤᠨ ᠦᠢᠯᠡᠰ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠨᠡᠯᠢᠶᠡᠳ ᠰᠠᠶᠢᠨ ᠠᠮᠵᠢᠯᠲᠠ ᠣᠯᠵᠠᠢ᠃ ᠡᠨᠡ ᠪᠣᠯ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠤᠭᠰᠠᠨ ᠤ ᠦᠷ᠎ᠡ ᠳ᠋ᠦᠩ ᠮᠥᠨ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠶᠢᠨ ᠦᠷ᠎ᠡ ᠳ᠋ᠦᠩ ᠮᠥᠨ᠂ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢᠯᠠᠯ ᠬᠠᠪᠰᠤᠷᠤᠯᠭ᠎ᠠ ᠶᠢᠨ ᠦᠷ᠎ᠡ ᠳ᠋ᠦᠩ ᠮᠥᠨ᠂ ᠪᠦᠬᠦ ᠲᠤᠭᠤᠷᠢᠭ ᠤᠨ ᠺᠠᠳ᠋ᠷ ᠤᠯᠠᠨ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠭᠰᠠᠨ ᠤ ᠦᠷ᠎ᠡ ᠳ᠋ᠦᠩ ᠮᠥᠨ᠃ ᠠᠳᠡ᠂ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠪᠦᠬᠦ ᠲᠣᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠪᠠ ᠬᠠᠶᠢᠷᠤᠪ ᠤᠨ ᠲᠤᠬᠤᠢ ᠲᠣᠭᠤᠷᠢᠭ ᠤᠨ ᠬᠥᠭᠵᠢᠯᠲᠡ ᠶᠢ ᠳᠡᠮᠵᠢᠭᠰᠡᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕    ᠲᠥᠯᠥᠭᠡᠯᠡᠭᠴᠢᠳ ᠡ᠂ ᠠᠮᠵᠢᠯᠲᠠ ᠪᠠᠨ ᠣᠯᠵᠤ ᠦᠵᠡᠬᠦ ᠶᠢᠨ ᠬᠠᠮᠲᠤ ᠪᠢᠳᠡ ᠠᠰᠠᠭᠤᠳᠠᠯ ᠳᠤ ᠨᠡᠩ ᠰᠢᠭᠤᠳ ᠬᠠᠨᠳᠤᠬᠤ ᠬᠡᠷᠡᠭᠲᠡᠶ᠃ 2023 ᠣᠨ ᠠᠴᠠ ᠨᠠᠰᠢ᠂ ᠮᠠᠨ ‍ᠤ‌‍ᠲ᠋ᠤᠭᠤᠷᠢᠭ ᠣᠯᠠᠨ ᠵᠦᠢᠯ ᠤᠨ ᠤᠯᠠᠮᠵᠢᠯᠠᠯᠲᠤ ᠠᠵᠤ ᠦᠢᠯᠡᠰ ᠤᠨ ᠦᠢᠯᠡᠳᠬᠦᠨ ᠤ ᠦᠨ᠎ᠡ ᠬᠠᠩᠰᠢ ᠶᠢᠨ ᠪᠠᠭᠤᠷᠠᠯᠲᠠ ᠶᠢᠨ ᠬᠡᠮᠵᠢᠶ᠎ᠡ ᠨᠡᠯᠢᠶᠡᠳ ᠶᠡᠭᠡ᠂ ᠭᠤᠤᠯᠳᠠᠯᠭ᠎ᠠ ᠲᠠᠢ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠭᠦᠢᠴᠡᠳ ᠪᠠᠳᠠᠷᠠᠭᠤᠯᠤᠭᠰᠠᠨ ᠥᠬᠡᠶ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢ ᠴᠠᠭ ᠲᠤᠬᠠᠶ ᠳᠤᠨᠢ ᠵᠠᠯᠭᠠᠯᠳᠤᠭᠤᠯᠤᠭᠰᠠᠨ ᠥᠬᠡᠶ ᠵᠡᠷᠭᠡ ᠪᠤᠰᠤᠳᠴᠢ ᠬᠦᠴᠦᠨ ᠵᠦᠢᠯ ᠤᠨ ᠬᠢᠵᠠᠭᠠᠷᠯᠠᠯ ᠠᠴᠠ ᠪᠣᠯᠵᠣ᠂ ᠠᠵᠤ ᠠᠬᠤᠶ ᠶᠢᠨ ᠪᠠᠭᠤᠷᠠᠯᠲᠠ ᠶᠢᠨ ᠪᠠᠶᠢᠳᠠᠯ ᠢ ᠲᠦᠷᠭᠡᠳᠭᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ ᠪᠠᠭᠤᠷᠠᠭᠤᠯᠵᠤ᠂ GDP᠎ ᠶᠢᠨ ᠨᠡᠮᠡᠭᠳᠡᠯ ᠤᠨ ᠬᠤᠷᠳᠤᠴᠠ ᠶᠢ ᠵᠢᠱᠢᠯᠲᠡ ᠳᠤ ᠬᠦᠷᠦᠭᠦᠯᠦᠭᠰᠡᠨ ᠥᠬᠡᠶ᠂ ᠮᠠᠨ ᠤ ᠲᠤᠭᠤᠷᠢᠭ ᠤᠨ ᠨᠡᠭᠦᠷᠡᠰᠦ ᠳᠤ ᠲᠦᠰᠢᠭᠯᠡᠬᠦ ᠡᠨᠧᠷᠭᠢ ᠬᠦᠨᠳᠦ ᠴᠢᠬᠤᠯᠠ ᠠᠵᠤ ᠦᠢᠯᠡᠰ ᠤᠨ ᠪᠦᠲᠦᠴᠡ ᠶᠢ ᠲᠦᠷᠭᠡᠨ ᠬᠤᠪᠢᠷᠠᠭᠤᠯᠬᠤ ᠴᠢᠬᠤᠯᠠᠲᠠᠢ ᠪᠠᠶᠢᠬᠤ ᠶᠢ ᠬᠠᠷᠠᠭᠤᠯᠵᠤ ᠪᠠᠶᠢᠨ᠎ᠠ᠃ ᠡᠭᠦᠨ ᠤ ᠬᠠᠮᠲᠤ᠂ ᠣᠳᠣᠬᠠᠨ ᠳᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠮᠥᠨ ᠬᠦ ᠮᠠᠰᠢ ᠣᠯᠠᠨ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠨ᠎ᠠ᠂ ᠭᠤᠤᠯ ᠢᠯᠡᠷᠡᠯ ᠨᠢ᠄ ᠬᠦᠷᠢᠶᠡᠯᠡᠩ ᠲᠣᠭᠤᠷᠢᠭ ᠤᠨ ᠭᠠᠵᠠᠷ ᠰᠢᠷᠣᠶ ᠵᠡᠷᠭᠡ ᠬᠦᠴᠦᠨ ᠵᠦᠢᠯ ᠤᠨ ᠪᠠᠲᠤᠯᠠᠭ᠎ᠠ ᠬᠦᠷᠦᠯᠴᠡᠬᠦ ᠦᠭᠡᠢ᠂ ᠲᠣᠮᠣ ᠬᠡᠯᠪᠡᠷᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠬᠤ ᠶᠢ ᠬᠢᠵᠠᠭᠠᠷᠯᠠᠵᠤ ᠪᠠᠶᠢᠨ᠎ᠠ︔ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠣᠷᠣᠭᠤᠯᠤᠯᠲᠠ ᠨᠢ ᠵᠠᠰᠠᠭ ᠤᠨ ᠣᠷᠳᠣᠨ ᠤ ᠥᠷᠢ ᠰᠢᠷᠢ ᠠᠷᠢᠯᠭᠠᠬᠤ ᠲᠠᠯ᠎ᠠ ᠪᠠᠷ ᠲᠣᠪᠤᠶᠢᠮ᠎ᠠ ᠵᠥᠷᠢᠴᠡᠯ ᠣᠷᠣᠰᠢᠵᠤ ᠪᠠᠶᠢᠨ᠎ᠠ︔ ᠬᠤᠲᠠ ᠶᠢᠨ ᠰᠠᠭᠤᠷᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠴᠢᠩᠭᠠᠳᠬᠠᠬᠤ ᠴᠢᠬᠤᠯᠠᠲᠠᠶ ᠪᠠᠶᠢᠨ᠎ᠠ︔ ᠡᠬᠢ ᠪᠠᠶᠠᠯᠢᠭ ᠣᠷᠴᠢᠨ ᠠᠬᠤᠶ ᠶᠢᠨ ᠬᠢᠵᠠᠭᠠᠷᠯᠠᠯ ᠡᠳᠦᠷ ᠢᠷᠡᠬᠦᠶ᠎ᠡ ᠲᠣᠪᠤᠶᠢᠮ᠎ᠠ ᠪᠣᠯᠵᠣ ᠪᠠᠶᠢᠨ᠎ᠠ᠂ ᠣᠷᠴᠢᠨ ᠠᠬᠤᠶ ᠶᠢᠨ ᠬᠠᠮᠠᠭᠠᠯᠠᠯᠲᠠ ᠪᠠ ᠪᠣᠬᠢᠷᠲᠤᠯ ᠢ ᠵᠠᠰᠠᠬᠤ ᠡᠭᠦᠷᠭᠡ ᠬᠠᠲᠠᠭᠤ ᠪᠡᠷᠬᠡ ᠪᠠᠶᠢᠨ᠎ᠠ︔ ᠬᠡᠰᠡᠭ ᠺᠠᠳ᠋ᠷᠴᠤᠳ ᠲᠡᠮᠡᠴᠡᠯ ᠤᠨ ᠤᠬᠠᠮᠰᠠᠷ ᠪᠠ ᠵᠠᠮ ᠨᠡᠭᠡᠭᠡᠨ ᠤᠷᠤᠭᠰᠢᠯᠠᠬᠤ ᠵᠣᠷᠢᠭ ᠰᠠᠨᠠᠭ᠎ᠠ ᠪᠠᠷ ᠳᠤᠲᠠᠮᠠᠭ ᠪᠠᠶᠢᠵᠤ᠂ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠠᠵᠠ ᠵᠠᠪᠰᠢᠶᠠᠨ ᠢᠶᠠᠷ ᠪᠠ ᠬᠤᠶᠢᠷᠭᠤᠰᠢᠬᠤ ᠪᠣᠳᠣᠯ ᠣᠷᠣᠰᠢᠵᠤ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠢᠨᠠᠮᠠᠭᠠᠶ ᠰᠤᠳᠤᠯᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠠᠪᠴᠤ ᠪᠠᠶᠢᠭᠠᠳ  ᠰᠢᠢᠤᠡᠪᠤᠷᠢᠯᠡᠨ᠎ᠡ᠃      ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ    2024᠎ ᠤᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠭᠦᠨᠵᠡᠭᠡᠢ ᠬᠡᠷᠡᠭᠵᠢᠭᠦᠯᠬᠦ ᠪᠣᠭᠤᠮᠲᠠ ᠰᠢᠪᠲᠤᠯᠬᠤ ᠵᠢᠯ ᠪᠣᠯᠤᠨ᠎ᠠ᠂ ᠮᠥᠨᠴᠦ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠠᠵᠠ ᠲᠣᠬᠢᠶᠠᠯ ᠢ ᠠᠮᠵᠢᠵᠤ᠂ ᠰᠢᠨ᠎ᠡ ᠥᠷᠢᠰᠥᠯᠳᠦᠭᠡᠨ ᠢ ᠤᠭᠲᠤᠵᠤ᠂ ᠰᠢᠨ᠎ᠡ ᠬᠥᠭᠵᠢᠯᠲᠡ ᠶᠢ ᠡᠷᠢᠯᠬᠢᠯᠡᠬᠦ ᠴᠢᠬᠤᠯᠠ ᠵᠢᠯ ᠪᠣᠯᠤᠨ᠎ᠠ᠂ ᠪᠦᠬᠦ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ ᠶᠤᠮ᠃ ᠪᠢᠳᠡ ᠰᠠᠨᠠᠭᠠᠴᠢᠯᠠᠭ᠎ᠠ ᠠᠴᠠ ᠪᠠᠨ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠠᠷᠢᠮᠵᠢᠶᠠᠯᠠᠨ ᠬᠠᠷᠭᠤᠭᠤᠯᠵᠤ᠂ ︽ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠲᠥᠰᠦᠪᠯᠡᠯᠲᠡ︾᠎ ᠪᠠᠷ ᠭᠠᠷᠳᠠᠴᠠ ᠪᠣᠯᠭᠠᠵᠤ᠂ ᠨᠠᠩ ᠥᠷᠭᠡᠨ ᠬᠠᠷᠠᠭᠠᠰᠤ᠂ ᠨᠠᠩ ᠥᠨᠳᠥᠷ ᠬᠠᠷᠠᠯᠲᠠ ᠱᠠᠭᠠᠷᠳᠠᠯᠭ᠎ᠠ᠂ ᠨᠠᠩ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠬᠥᠭᠵᠢᠯᠲᠡ ᠶᠢ ᠡᠷᠢᠯᠬᠢᠯᠡᠵᠦ᠂ ᠳᠠᠪᠰᠢᠯᠲᠠ ᠶᠢ ᠰᠦᠪᠡᠭᠴᠢᠯᠡᠵᠦ ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃    2024 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ︽ᠬᠤᠶᠠᠷ ᠶᠡᠭᠡ ᠶᠠᠪᠤᠳᠠᠯ︾᠎ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ︽ᠨᠢᠭᠡ ᠭᠤᠣᠯ ᠰᠢᠵᠢᠮ ᠢ ᠲᠤᠤᠱᠯᠠᠭᠤᠯᠵᠤ᠂ ᠨᠢᠭᠡ ᠵᠢᠷᠤᠮᠯᠠᠯ ᠢ ᠪᠠᠷᠢᠮᠲᠠᠯᠠᠵᠤ᠂ ᠨᠢᠭᠡ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠬᠤᠶᠠᠷ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ︿ᠭᠤᠷᠪᠠᠨ ᠴᠢᠨᠠᠷ ᠰᠠᠶᠢᠳᠠᠢ ﹀ ᠬᠠᠷᠠᠯᠲᠠ ᠶᠢ ᠪᠡᠶᠡᠯᠡᠭᠦᠯᠬᠦ︾ ᠬᠥᠭᠵᠢᠯᠲᠡ ᠶᠢᠨ ᠰᠡᠳᠬᠢᠴᠡ ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠷᠭᠤᠳᠤᠭᠠᠷ ᠢᠨᠵᠧᠨᠧᠷᠢᠩ︾᠂ ᠬᠤᠲᠠ ᠶᠢᠨ ᠨᠠᠮ ᠤᠨ ᠬᠤᠷᠢᠶᠠᠨ ᠤ 12 ᠵᠦᠢᠯ ᠤᠨ ᠭᠤᠤᠯᠳᠠᠯᠭ᠎ᠠ ᠲᠠᠢ ᠠᠵᠢᠯ ᠪᠠ ᠲᠣᠭᠤᠷᠢᠭ ᠤᠨ ᠨᠠᠮ ᠤᠨ ᠬᠤᠷᠢᠶᠠᠨ ᠤ ︽ᠵᠢᠷᠭᠤᠭᠠᠨ ᠠᠵᠢᠯᠯᠠᠭ᠎ᠠ︾᠎ ᠶᠢ ᠨᠠᠶᠢᠳᠠᠪᠤᠷᠢᠵᠢᠭᠤᠯᠬᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠪᠣᠬᠢᠷᠲᠤᠯ ᠥᠬᠡᠶ ᠬᠥᠭᠵᠢᠯᠲᠡ ᠶᠢ ᠬᠦᠴᠦᠯᠡᠨ ᠠᠬᠢᠭᠤᠯᠵᠤ᠂ ᠠᠮᠤᠷ ᠲᠦᠪᠰᠢᠨ ᠲᠣᠭᠲᠠᠭᠤᠨ ᠢ ᠬᠦᠴᠦᠯᠡᠨ ᠬᠠᠮᠠᠭᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠥᠲᠥᠭᠡᠨ ᠪᠠᠶᠢᠭᠤᠯᠬᠤ ᠶᠠᠪᠤᠴᠠ ᠳᠤ ᠬᠠᠶᠢᠷᠤᠪ ᠤᠨ ᠲᠣᠬᠤᠶ ᠶᠢᠨ ᠬᠦᠴᠦᠨ ᠴᠢᠳᠠᠯ ᠢᠶᠠᠨ ᠡᠷᠭᠦᠨ᠎ᠡ᠃      2024 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ  ᠤᠶᠢᠯᠡᠤᠡᠪᠤᠷᠢᠯᠡᠯ ᠤᠨ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 6% ᠣᠷᠴᠢᠮ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠤᠡᠪᠤᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7% ᠣᠷᠴᠢᠮ ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 20% ᠣᠷᠴᠢᠮ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 5% ᠣᠷᠴᠢᠮ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ  ᠵᠤᠶᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 4% ᠣᠷᠴᠢᠮ ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠪᠠ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠣᠯᠵᠤ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠤᠯᠠᠮ ᠨᠢᠭᠡ ᠠᠯᠬᠤᠮ ᠰᠠᠶᠢᠵᠢᠷᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠪᠠ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠠᠷᠠᠯᠲᠠ ᠡᠭᠦᠷᠭᠡ ᠶᠢ ᠪᠡᠶᠡᠯᠡᠭᠦᠯᠪᠡ᠃    ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃    ︵ᠨᠢᠭᠡ︶ ᠲᠦᠷᠦᠯ ᠵᠦᠢᠯ ᠤᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ᠃ ︽ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ ᠠᠮᠵᠢᠵᠤ᠂ ᠨᠡᠩ ᠶᠡᠭᠡ ᠵᠣᠷᠢᠭ᠂ ᠨᠡᠩ ᠴᠢᠩᠭ᠎ᠠ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠲᠦᠷᠦᠯ ᠵᠦᠢᠯ ᠢ ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠠᠵᠤ ᠤᠶᠢᠯᠡᠰ ᠤᠨ ᠬᠥᠭᠵᠢᠯᠲᠡ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠵᠠᠮ ᠬᠠᠷᠢᠯᠴᠠᠭ᠎ᠠ ᠡᠨᠧᠷᠭᠢ ᠵᠡᠷᠭᠡ ᠭᠤᠤᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠶᠡᠷᠦᠩᠬᠡᠶ ᠪᠠᠯᠠ ᠣᠷᠣᠭᠤᠯᠤᠯᠲᠠ ᠶᠢᠨ 834.76 ᠳ᠋ᠦᠩᠰᠢᠭᠤᠷ ᠲᠥᠭᠦᠷᠢᠭ ᠤᠨ 64 ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ  ᠵᠤᠶᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃ ᠡᠨᠡ ᠡᠪᠦᠯ ᠢᠷᠡᠬᠦ ᠬᠠᠪᠤᠷ ᠤᠨ ᠵᠠᠩᠭᠢᠯᠠᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ︽ᠨᠢᠭᠡ ᠵᠦᠢᠯ ᠨᠢᠭᠡ ᠲᠠᠩᠰᠠ ᠡᠪᠬᠡᠮᠡᠯ︾᠎ ᠤᠨ ᠠᠷᠭ᠎ᠠ ᠮᠠᠶ᠋ᠢᠭ ᠶᠣᠰᠣᠭᠠᠷ᠂ ᠲᠥᠷᠥᠯ ᠵᠦᠢᠯ ᠤᠨ ᠭᠠᠷᠳᠠᠮ ᠢ ᠭᠦᠢᠴᠡᠳᠬᠡᠭᠰᠡᠨ ᠪᠠᠶᠢᠳᠠᠯ᠂ ᠬᠦᠴᠦᠨ ᠵᠦᠢᠯ ᠤᠨ ᠪᠠᠲᠤᠯᠠᠭ᠎ᠠ ᠶᠢᠨ ᠪᠠᠶᠢᠳᠠᠯ ᠢ ᠴᠢᠩᠭ᠎ᠠ ᠠᠩᠬᠠᠷᠴᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠶ ᠪᠥᠭᠡᠳ ᠨᠠᠷᠢᠯᠢᠭ ᠬᠢᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠭᠤᠤᠯ ᠭᠠᠷᠳᠠᠮ ᠢ ᠡᠷᠲᠡᠬᠡᠨ ᠬᠦᠢᠴᠡᠳᠭᠡᠵᠦ ᠳᠠᠭᠤᠰᠬᠠᠬᠤ ᠶᠢ ᠦᠨᠡᠨᠬᠦ ᠪᠠᠲᠤᠯᠠᠵᠤ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠲᠥᠯᠥᠪᠯᠡᠭᠡ ᠶᠣᠰᠣᠭᠠᠷ ᠠᠵᠢᠯ ᠢᠶᠠᠨ ᠰᠡᠷᠭᠦᠭᠡᠵᠦ ᠪᠥᠲᠥᠭᠡᠨ ᠪᠠᠶᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ ᠭᠠᠷᠭᠠᠨ᠎ᠠ᠃ ᠠᠷᠭ᠎ᠠ ᠪᠦᠬᠦᠨ ᠢ ᠰᠦᠪᠡᠭᠴᠢᠯᠡᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠠᠳᠬᠤᠨ᠎ᠠ᠃ ᠬᠤᠳᠠᠯᠳᠤᠭᠠᠴᠢᠨ ᠤᠷᠢᠬᠤ ᠪᠠᠶᠢᠩᠭᠤᠵᠢᠭᠤᠯᠤᠭᠰᠠᠨ ᠲᠣᠭᠲᠠᠴᠠ ᠶᠢ ᠨᠠᠶᠢᠳᠠᠪᠤᠷᠢᠵᠢᠭᠤᠯᠵᠤ᠂ ᠪᠥᠬᠦ ᠠᠵᠢᠯᠲᠠᠨ᠂ ᠪᠥᠬᠦ ᠣᠷᠣᠨ ᠪᠦᠰᠡ᠂ ᠪᠥᠬᠦ ᠵᠢᠯ ᠳᠤ ᠬᠤᠳᠠᠯᠳᠤᠭᠠᠴᠢᠨ ᠤᠷᠢᠬᠤ ᠶᠢ ᠥᠷᠨᠢᠭᠦᠯᠦᠨ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠴᠢᠩᠭᠠᠷᠠᠭᠤᠯᠵᠤ᠂ ᠲᠤᠰᠬᠠᠶ ᠮᠡᠷᠭᠡᠵᠢᠯ ᠢᠶᠠᠷ ᠬᠤᠳᠠᠯᠳᠤᠭᠠᠴᠢᠨ ᠤᠷᠢᠬᠤ ᠶᠢ ᠴᠢᠩᠭᠠᠷᠠᠭᠤᠯᠤᠨ᠂ ᠬᠤᠳᠠᠯᠳᠤᠭᠠᠴᠢᠨ ᠤᠷᠢᠬᠤ ᠭᠤᠤᠯᠳᠠᠯᠭ᠎ᠠ᠂ ᠴᠢᠭᠯᠡᠯ᠂ ᠬᠠᠷᠠᠯᠲᠠᠲᠤ ᠠᠵᠤ ᠠᠬᠤᠶᠢᠯᠠᠯ ᠢ ᠣᠨᠣᠪᠴᠢᠲᠠᠶ ᠪᠠᠶᠢᠷᠢ ᠲᠣᠭᠲᠠᠭᠠᠵᠤ᠂ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠨᠠᠷᠢᠨ ᠬᠠᠭᠤᠳᠠᠰᠤ ᠶᠢ ᠲᠥᠷᠥᠯ ᠪᠦᠯᠦᠭ ᠬᠤᠪᠢᠶᠠᠨ ᠲᠣᠭᠲᠠᠭᠠᠵᠤ᠂ ᠡᠷᠬᠢᠨ ᠲᠣᠭᠤᠷᠢᠨ ᠤ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠠᠶᠢᠷᠢ ᠲᠣᠭᠲᠠᠭᠠᠯᠲᠠ ᠲᠠᠢ ᠤᠶᠠᠯᠳᠤᠭᠤᠯᠤᠨ᠂ ᠳᠣᠤᠷᠠᠳᠤ ᠤᠷᠤᠰᠬᠠᠯ ᠪᠠ ᠦᠵᠦᠭᠦᠷ ᠤᠨ ᠠᠵᠤ ᠦᠢᠯᠡᠰ ᠢ ᠶᠡᠬᠡᠪᠡᠷ ᠣᠷᠣᠭᠤᠯᠤᠨ ᠠᠪᠴᠢᠷᠠᠵᠤ᠂ ᠪᠥᠬᠦ ᠵᠢᠯ ᠳᠤ ᠭᠡᠷ᠎ᠡ ᠲᠣᠭᠲᠠᠭᠰᠠᠨ ᠵᠣᠭᠤᠰ ᠤᠨ ᠲᠤᠭ᠎ᠠ ᠶᠢ 200 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠤᠨ ᠠᠪᠴᠢᠷᠠᠵᠤ᠂ ᠪᠠᠯᠠ ᠮᠥᠩᠭᠦ ᠶᠢᠨ ᠨᠡᠮᠡᠭᠳᠡᠯ ᠤᠨ ᠬᠤᠷᠳᠤᠴᠠ ᠶᠢ 8%᠎ ᠠᠴᠠ ᠳᠡᠭᠡᠭᠰᠢ ᠪᠠᠶᠢᠯᠭᠠᠬᠤ ᠶᠢ ᠪᠡᠶᠡᠯᠡᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠠᠵᠤ ᠠᠬᠤᠶ ᠶᠢᠨ ᠰᠠᠶᠢᠵᠢᠷᠠᠭᠤᠯᠤᠯᠲᠠ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠦᠨ᠎ᠡ ᠬᠠᠩᠰᠢ ᠶᠢᠨ ᠪᠠᠶᠢᠳᠠᠯ ᠢ ᠬᠥᠳᠡᠯᠦᠩᠭᠦᠶ ᠪᠠᠷ ᠣᠶᠢᠯᠠᠭᠠᠬᠤ ᠲᠣᠭᠲᠠᠴᠠ ᠶᠢ ᠭᠦᠢᠴᠡᠳ ᠬᠡᠷᠡᠭᠯᠡᠨ᠂ ᠠᠵᠤ ᠠᠬᠤᠶᠢᠯᠠᠯ ᠤᠨ ᠬᠠᠪᠰᠤᠷᠤᠨ ᠲᠡᠳᠬᠦᠬᠦ ᠶᠢ ᠴᠠᠭ ᠲᠤᠬᠠᠶ ᠳᠤᠨᠢ ᠳᠠᠭᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠳᠡᠭᠡᠷᠡᠬᠢ ᠠᠵᠤ ᠠᠬᠤᠶᠢᠯᠠᠯ ᠤᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠪᠠᠲᠤᠯᠠᠬᠤ ᠶᠢᠨ ᠬᠠᠮᠲᠤ᠂ ᠠᠵᠤ ᠠᠬᠤᠶᠢᠯᠠᠯ ᠤᠨ ᠲᠦᠷᠢᠮ ᠳᠤ ᠣᠷᠣᠵᠤ ᠨᠢᠭᠡᠳᠦᠯᠲᠡᠶ ᠲᠥᠯᠥᠪᠯᠡᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 4 ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠᠷ ᠭᠠᠷᠳᠠᠴᠠ ᠪᠣᠯᠭᠠᠵᠤ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠨ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ ᠦᠷᠭᠦᠯᠵᠢᠯᠡᠨ ᠠᠬᠢᠭᠤᠯᠤᠨ᠎ᠠ᠃ ︽ᠬᠦᠷᠢᠶᠡᠯᠡᠩ ᠲᠣᠭᠤᠷᠢᠭ ᠲᠤ ᠱᠦᠭᠯᠦ ᠦᠯᠢᠶᠡᠵᠦ᠂ ᠰᠠᠯᠠᠭ᠎ᠠ ᠮᠥᠴᠢᠷ ᠤᠨ ᠬᠠᠷᠢᠭᠤᠯᠲᠠ ᠶᠢᠨ ᠬᠠᠭᠤᠳᠠᠰᠤ︾᠎ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠲᠤ ᠣᠷᠣᠭᠤᠯᠬᠤ ᠶᠢ ᠠᠬᠢᠭᠤᠯᠵᠤ᠂ ᠠᠵᠤ ᠠᠬᠤᠶᠢᠯᠠᠯ ᠳᠤ ︽ᠵᠠᠶ ᠥᠬᠡᠶ︾ ᠪᠠᠶᠢᠯᠭᠠᠬᠤ ᠶᠢ ᠠᠬᠢᠭᠤᠯᠤᠨ᠎ᠠ᠃  ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠤᠯᠠ ᠪᠠᠶᠢᠭ᠎ᠠ ᠡᠬᠢ ᠪᠠᠶᠠᠯᠢᠭ ᠢ ᠪᠥᠬᠦ ᠬᠦᠴᠦᠨ ᠢᠶᠠᠷ ᠢᠶᠠᠨ ᠠᠮᠢᠳᠤᠯᠢᠭ ᠪᠣᠯᠭᠠᠨ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠭᠠᠵᠠᠷ ᠰᠢᠷᠣᠢ ᠶᠢᠨ ᠬᠠᠩᠭᠠᠯᠭ᠎ᠠ ᠶᠢ ᠲᠦᠷᠭᠡᠳᠬᠡᠨ ᠪᠡᠶᠡᠯᠡᠭᠦᠯᠵᠦ᠂ ᠡᠬᠢ ᠪᠠᠶᠠᠯᠢᠭ ᠤᠨ ᠡᠯᠧᠮᠧᠨ᠋ᠲ ᠢ ᠠᠷᠪᠢᠲᠠᠢ ᠡᠷᠴᠢᠮᠯᠢᠭ ᠠᠰᠢᠭᠯᠠᠬᠤ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠤᠰᠤ᠂ ᠴᠠᠬᠢᠯᠭᠠᠨ᠂ ᠬᠡᠶ᠂ ᠳᠤᠯᠠᠭᠠᠯᠠᠭ᠎ᠠ᠂ ᠵᠠᠮ᠂ ᠭᠠᠯ ᠤᠨᠲᠠᠷᠠᠭᠠᠬᠤ ᠬᠤᠭᠤᠯᠠᠶ ᠶᠢᠨ ᠲᠣᠤᠷ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠢᠲᠡᠭᠦᠮᠵᠢᠯᠡᠭᠰᠡᠨ ᠬᠠᠮᠢᠶᠠᠷᠤᠯᠲᠠ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠵᠢᠷᠠᠭᠤᠯᠵᠤ᠂ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃ ︽ᠬᠤᠶᠠᠷ ᠡᠷᠡᠰ ᠭᠤᠶᠢᠪᠢᠰᠢ ᠦᠭᠡᠢ︾᠎ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠤᠨ ᠳᠡᠮᠵᠢᠬᠦ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠤᠨ ᠪᠡᠯᠡᠳᠬᠡᠯ ᠬᠥᠮᠥᠷᠭᠡ ᠶᠢ ᠪᠠᠶᠢᠭᠤᠯᠤᠨ ᠪᠦᠷᠢᠨᠰᠢᠭᠦᠯᠵᠦ᠂ ᠨᠢᠭᠡ ᠪᠦᠯᠦᠭ ᠨᠥᠬᠦᠴᠡᠯ ᠳᠤ ᠨᠡᠶᠢᠴᠡᠬᠦ ᠴᠢᠨᠠᠷ ᠰᠠᠶᠢᠲᠠᠶ ᠠᠵᠤ ᠠᠬᠤᠶᠢᠯᠠᠯ ᠢ ᠱᠠᠲᠤ ᠳᠠᠷᠠᠭᠠᠯᠠᠨ ᠰᠢᠭᠰᠢᠨ ᠰᠣᠩᠭᠤᠬᠤ ᠪᠠ ᠬᠥᠮᠦᠵᠢᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠤᠶᠢᠵᠢᠭᠤᠯᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃    ︵ᠬᠤᠶᠠᠷ︶ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠵᠦ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠠᠯᠬᠤᠴᠠ ᠶᠢ ᠲᠦᠷᠭᠡᠳᠬᠡᠨ᠎ᠡ᠃ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠴᠢᠨᠠᠷ ᠰᠠᠶᠢᠲᠠᠢ ᠬᠥᠭᠵᠢᠬᠦ ᠲᠠᠢ ᠨᠢᠭᠲᠠ ᠤᠶᠠᠯᠳᠤᠭᠤᠯᠤᠨ᠂ ᠬᠥᠭᠵᠢᠯᠲᠡ ᠶᠢᠨ ᠬᠦᠴᠦᠯᠡᠬᠦ ᠴᠡᠭ ᠢᠶᠠᠨ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠤᠨ ᠤᠯᠠᠮᠵᠢᠯᠠᠯᠲᠤ ᠠᠵᠤ ᠦᠢᠯᠡᠰ ᠤᠨ ᠬᠤᠶᠠᠷ ᠲᠠᠯ᠎ᠠ ᠠᠴᠠ ᠬᠦᠴᠦᠯᠡᠵᠦ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠡᠮᠬᠢᠯᠡᠨ ᠨᠡᠶᠢᠯᠡᠭᠦᠯᠵᠦ ᠲᠣᠭᠲᠠᠭᠤᠨ ᠪᠠᠶᠢᠯᠭᠠᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠵᠢᠵᠢᠭ᠂ ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ ᠬᠥᠭᠵᠢᠯᠲᠡ ᠶᠢᠨ ᠣᠳᠣᠬᠢ ᠪᠠᠶᠢᠳᠠᠯ ᠢ ᠬᠦᠴᠦᠯᠡᠨ ᠠᠷᠢᠯᠭᠠᠵᠤ᠂ ᠤᠯᠠᠮᠵᠢᠯᠠᠯᠲᠤ ᠠᠵᠤ ᠦᠢᠯᠡᠰ ᠤᠨ ᠪᠦᠯᠦᠭᠵᠢᠬᠦ᠂ ᠬᠡᠪᠴᠢᠶᠡᠵᠢᠬᠦ᠂ ᠪᠣᠬᠢᠷᠲᠤᠯ ᠥᠬᠡᠶ ᠬᠥᠭᠵᠢᠬᠦ ᠶᠢ ᠠᠬᠢᠭᠤᠯᠤᠨ᠎ᠠ᠃ 16 ᠨᠡᠭᠦᠷᠡᠰᠦᠨ ᠠᠭᠤᠷᠬᠠᠶ ᠶᠢ ᠡᠮᠬᠢᠯᠡᠨ ᠨᠡᠶᠢᠯᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ 3 ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠬᠦ ᠣᠷᠣᠨ ᠢ ᠪᠣᠶ ᠪᠣᠯᠭᠠᠨ᠎ᠠ︔ ᠺᠠᠪᠦ᠋ᠴᠢ᠂ ᠮᠦᠸᠧ ᠡᠯ ᠭᠸᠤ ᠵᠡᠷᠭᠡ ᠮᠢᠩᠭᠠᠨ ᠲᠦᠮᠡᠨ ᠲᠣᠨ ᠤ ᠲᠠᠰ ᠤᠨ ᠨᠡᠭᠦᠷᠡᠰᠦᠨ ᠤ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭᠴᠢᠲᠤ ᠡᠳ᠋ᠰᠢᠭᠦᠯᠬᠦ ᠠᠷᠠᠯᠵᠢᠶᠠᠨ ᠤ ᠠᠵᠤ ᠦᠢᠯᠡᠰ ᠤᠨ ᠬᠦᠷᠢᠶᠡᠯᠡᠩ ᠢ ᠠᠵᠢᠯ ᠡᠬᠢᠯᠡᠭᠦᠯᠦᠨ ᠪᠠᠶᠢᠭᠤᠯᠵᠤ᠂ ᠶᠢᠨ ᠷᠦᠩ ᠪᠠᠢ ᠴᠤᠸᠠᠨ ᠤ ᠮᠢᠩᠭᠠᠨ ᠲᠦᠮᠡᠨ ᠲᠣᠨ ᠤ ᠲᠠᠰ ᠤᠨ ᠨᠡᠭᠦᠷᠡᠰᠦᠨ ᠤ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭᠴᠢᠲᠤ ᠡᠳ᠋ᠰᠢᠭᠦᠯᠬᠦ ᠠᠷᠠᠯᠵᠢᠶᠠᠨ ᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠵᠢᠶᠦ᠋ᠨ ᠫᠢᠩ ᠤᠨ 300 ᠲᠦᠮᠡᠨ ᠲᠣᠨ ᠬᠡᠤᠷᠰᠢᠭᠦᠯᠬᠦ ᠡᠮᠬᠢᠯᠡᠨ ᠨᠡᠶᠢᠯᠡᠭᠦᠯᠬᠦ ᠤᠯᠠᠮᠵᠢᠯᠠᠯᠲᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠵᠤ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠳᠠᠪᠠᠭᠤᠯᠢᠭ ᠢ ᠳᠠᠬᠢᠨ ᠪᠣᠶ ᠪᠣᠯᠭᠠᠨ᠎ᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠦᠷᠦᠭᠵᠢᠯ ᠢ ᠠᠬᠢᠭᠤᠯᠤᠨ᠎ᠠ᠃ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠮᠢᠩᠭᠠᠨ ᠳ᠋ᠦᠩᠰᠢᠭᠤᠷ ᠲᠠᠰ ᠤᠨ ᠠᠵᠤ ᠦᠢᠯᠡᠰ ᠤᠨ ᠪᠥᠭᠡᠮᠨᠡᠷᠡᠯ ᠢ 2 ᠪᠠ ᠵᠠᠭᠤᠨ ᠳ᠋ᠦᠩᠰᠢᠭᠤᠷ ᠲᠠᠰ ᠤᠨ ᠠᠵᠤ ᠦᠢᠯᠡᠰ ᠤᠨ ᠬᠡᠯᠬᠢᠶ᠎ᠡ ᠶᠢᠨ ᠪᠦᠯᠦᠭᠵᠢᠯ ᠢ 5 ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠬᠡᠷᠡᠯ ᠴᠡᠨᠡᠭ᠂ ᠡᠨᠧᠷᠭᠢ ᠬᠠᠳᠠᠭᠠᠯᠠᠬᠤ᠂ ᠰᠢᠨ᠎ᠡ ᠡᠨᠧᠷᠭᠢ ᠶᠢᠨ ᠮᠠᠰᠢᠨ ᠲᠡᠷᠭᠡ᠂ BDO ᠵᠡᠷᠭᠡ ᠵᠢᠷᠭᠤᠭᠠᠨ ᠠᠵᠤ ᠦᠢᠯᠡᠰ ᠤᠨ ᠬᠡᠯᠬᠢᠶ᠎ᠡ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠪᠠᠷᠢᠯᠭ᠎ᠠ ᠡᠬᠢᠯᠡᠭᠦᠯᠬᠦ ᠶᠢ ᠴᠢᠩᠭ᠎ᠠ ᠠᠳᠬᠤᠬᠤ ᠶᠢ ᠭᠦᠨᠵᠡᠭᠡᠢ ᠬᠡᠷᠡᠭᠵᠢᠭᠦᠯᠵᠦ᠂ ᠳ᠋ᠦᠩ ᠵᠢᠩ ᠰᠢᠨ᠎ᠡ ᠮᠠᠲ᠋ᠧᠷᠢᠶᠠᠯ ᠤᠨ ᠲᠠᠩ ᠲᠠᠯᠠᠰᠲᠤ ᠬᠡᠷᠴᠢᠮᠡᠯ᠂ ᠴᠢᠩ ᠲᠤᠤ ᠬᠠᠲᠠᠭᠤ ᠲᠦᠯᠦᠪᠲᠦ ᠯᠢᠲ᠋ᠢ ᠳ᠋ᠢᠶᠠᠨ ᡂᠢ᠂ ᠭᠤᠷᠪᠠᠨ ᠬᠡᠮᠵᠢᠯᠲᠦ BDO ᠬᠤᠶᠠᠳᠤᠭᠠᠷ ᠬᠤᠭᠤᠴᠠᠭ᠎ᠠ᠂ ᠷᠦᠩ ᠵᠢᠶᠧ ᠳ᠋ᠢᠶᠠᠨ ᡂᠢ ᠶᠢᠨ PACK ᠵᠢᠴᠢ ᠴᠠᠬᠢᠯᠭᠠᠨ ᠭᠤᠣᠯ᠂ ᠪᠦᠦ ᠵᠢᠶᠧ ᠪᠢᠯᠢᠭ ᠲᠦᠢᠯ ᠤᠨ ᠮᠠᠲ᠋ᠧᠷᠢᠶᠠᠯ᠂ ᠢ ᠵᠢᠶᠧ ᠴᠠᠬᠢᠯᠭᠠᠨ ᠬᠥᠳᠡᠯᠭᠡᠭᠦᠷᠲᠦ ᠠᠭᠤᠷᠬᠠᠢ ᠶᠢᠨ ᠺᠠᠷᠲ᠂ ᠵᠢᠶᠠᠨ ᠯᠦᠩ ᠪᠣᠯᠣᠳ ᠬᠥᠩᠭᠡᠨ ᠴᠠᠭᠠᠨ ᠤ ᠨᠡᠶᠢᠯᠡᠯᠭᠡ ᠬᠦᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ᠂ ᠰᠠᠢ ᠰᠧ ᠫᠦ᠋ ᠬᠤᠶᠠᠳᠤᠭᠠᠷ ᠬᠤᠭᠤᠴᠠᠭ᠎ᠠ᠂ ᠸᠠᠨ ᠰᠧ ᠲᠦᠩ ᠠᠭᠤᠷᠬᠠᠢ ᠶᠢᠨ ᠮᠠᠰᠢᠨ ᠢ ᠵᠠᠳᠠᠯᠬᠤ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠥᠬᠦ ᠬᠦᠴᠦᠨ ᠢᠶᠠᠷ ᠠᠬᠢᠭᠤᠯᠤᠨ᠎ᠠ᠃ ᠮᠣᠩᠭᠤᠯ ᠣᠯᠥᠰ ᠤᠨ ᠨᠡᠬᠦᠷᠡᠰᠦ ᠶᠢ ᠭᠠᠳᠠᠭᠠᠳᠣ ᠠᠴᠠ ᠣᠷᠣᠭᠤᠯᠵᠦ ᠡᠳ᠋ᠰᠢᠬᠦᠯᠬᠦ ᠰᠠᠭᠤᠷᠢᠨ ᠭᠠᠵᠡᠷ ᠢ ᠰᠦᠪᠡᠭᠴᠢᠯᠡᠨ ᠪᠠᠶᠢᠭᠤᠯᠵᠦ᠂ᠭᠠᠭᠴᠠᠮᠤᠳᠤ᠂ ᠴᠡᠭᠡ ᠬᠤᠶᠠᠷ ᠪᠣᠭᠤᠮᠲᠠ ᠶᠢᠨ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠶᠢ ᠰᠦᠪᠡᠭᠴᠢᠯᠡᠵᠦ᠂ ᠪᠣᠭᠤᠮᠲᠠ ᠶᠢᠨ ᠨᠡᠭᠦᠷᠡᠰᠦᠨ ᠤ ᠡᠬᠢ ᠪᠠᠶᠠᠯᠢᠭ ᠤᠨ ᠳᠠᠪᠠᠭᠤᠯᠢᠭ ᠢ ᠬᠠᠶᠢᠷᠤᠪ ᠤᠨ ᠲᠤᠬᠤᠢ ᠲᠣᠭᠤᠷᠢᠭ ᠤᠨ ᠨᠡᠭᠦᠷᠡᠰᠦ ᠶᠢ ᠤᠬᠢᠶᠠᠵᠤ ᠰᠣᠩᠭᠤᠵᠤ ᠡᠳ᠋ᠰᠢᠭᠦᠯᠬᠦ ᠶᠢᠨ ᠳᠠᠪᠠᠭᠤᠯᠢᠭ ᠲᠠᠢ ᠤᠶᠠᠯᠳᠤᠭᠤᠯᠵᠤ᠂ ᠠᠷᠠᠯᠵᠢᠶ᠎ᠠ᠂ ᠪᠣᠭᠤᠮᠲᠠ ᠪᠠᠷ ᠥᠩᠭᠡᠷᠡᠬᠦ᠂ ᠪᠠᠷᠠᠭᠠᠨ ᠤ ᠭᠦᠢᠯᠭᠡᠭᠡ ᠶᠢ ᠨᠢᠭᠡ ᠴᠤᠬᠴᠠᠵᠢᠭᠤᠯᠤᠬᠰᠠᠨ ᠭᠠᠳᠠᠭᠠᠳᠤ ᠠᠷᠠᠯᠵᠢᠶᠠᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠪᠣᠬᠢᠷᠲᠤᠯ ᠥᠬᠡᠢ ᠴᠠᠬᠢᠯᠭᠠᠨ ᠢ ᠰᠢᠩᠬᠡᠬᠡᠨ ᠠᠪᠬᠤ ᠲᠣᠭᠲᠠᠭᠤᠨ ᠬᠥᠭᠦᠷᠭᠡ ᠪᠠᠢᠭᠤᠯᠬᠤ ᠬᠡᠷᠡᠭᠲᠡᠢ᠃ ︽ᠰᠢᠨ᠎ᠡ ᠡᠨᠧᠷᠭᠢ ᠶᠢ ᠰᠢᠩᠭᠡᠭᠡᠨ ᠠᠪᠴᠤ ᠪᠦᠰᠡᠯᠡᠯᠲᠡ ᠶᠢ ᠰᠢᠪᠲᠤᠯᠬᠤ ᠢᠨᠵᠧᠨᠧᠷᠢᠩ︾᠎ ᠢ ᠭᠦᠨᠵᠡᠭᠡᠶ ᠬᠡᠷᠡᠭᠵᠢᠭᠦᠯᠵᠦ᠂ ᠯᠦᠩ ᠶᠤᠸᠠᠨ ᠳ᠋ᠦᠩ ᠹᠠᠩ 0.5GW᠎ ᠶᠢᠨ ᠪᠣᠬᠢᠷᠲᠤᠯ ᠥᠬᠡᠶ ᠴᠠᠬᠢᠯᠭᠠᠨ ᠬᠠᠩᠭᠠᠬᠤ᠂ ᠴᠢᠩ ᠲᠤᠤ ᠬᠠᠲᠠᠭᠤ ᠯᠢᠲ᠋ᠢ ᠶᠢᠨ ᠴᠠᠬᠢᠯᠭᠠᠨ ᠴᠡᠨᠡᠭ ᠤᠨ ᠠᠵᠤ ᠦᠢᠯᠡᠰ ᠤᠨ ᠬᠦᠷᠢᠶᠡᠯᠡᠩ ᠳᠤ 30MW ᠵᠢᠴᠢ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠂ 100MW ᠥᠩᠭᠡ ᠦᠵᠡᠮᠵᠢ ᠶᠢᠨ ᠨᠥᠭᠡᠴᠡ ᠶᠢᠨ ᠲᠡᠷᠭᠡᠨ ᠤ ᠪᠣᠬᠢᠷᠲᠤᠯ ᠥᠬᠡᠶ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠤᠭᠰᠠᠨ᠂ ᠪᠦᠦ ᠡᠦ ᠴᠢᠩ ᠨᠧᠩ 100MW ᠪᠣᠬᠢᠷᠲᠤᠯ ᠥᠬᠡᠶ ᠴᠠᠬᠢᠯᠭᠠᠨ ᠬᠠᠩᠭᠠᠬᠤ᠂ ᠳ᠋ᠦᠩ ᠹᠠᠩ ᠰᠢ ᠸᠠᠩ ᠠᠵᠤ ᠦᠢᠯᠡᠳᠪᠦᠷᠢ ᠶᠢᠨ ᠴᠠᠬᠢᠭᠤᠷ ᠤᠨ ᠣᠯᠠᠨ ᠲᠠᠯᠠᠰᠲᠤ ᠴᠠᠬᠢᠭᠤᠷ ᠤᠨ 50 ᠳ᠋ᠦᠩᠰᠢᠭᠤᠷ ᠭᠷᠠᠳᠦ᠋ᠰ ᠤᠨ ᠪᠣᠬᠢᠷᠲᠤᠯ ᠥᠬᠡᠶ ᠴᠠᠬᠢᠯᠭᠠᠨ ᠤ ᠬᠠᠩᠭᠠᠯᠭ᠎ᠠ ᠵᠡᠷᠭᠡ ᠵᠢᠱᠢᠶ᠎ᠡ ᠦᠵᠡᠭᠦᠯᠬᠦ ᠲᠥᠷᠥᠯ ᠵᠦᠢᠯ ᠢ ᠪᠥᠬᠦ ᠲᠠᠯ᠎ᠠ ᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠪᠣᠬᠢᠷᠲᠤᠯ ᠥᠬᠡᠶ ᠴᠠᠬᠢᠯᠭᠠᠨ ᠴᠡᠨᠡᠭ ᠬᠠᠳᠠᠭᠠᠯᠠᠵᠤ ᠠᠰᠢᠭᠯᠠᠬᠤ ᠠᠮᠢᠳᠤᠯᠢᠭ ᠴᠢᠨᠠᠷ ᠢ ᠳᠡᠭᠡᠭᠰᠢᠯᠡᠭᠦᠯᠦᠨ᠎ᠡ᠃ ᠲᠣᠰ ᠭᠠᠵᠠᠷ ᠤᠨ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠪᠣᠬᠢᠷᠲᠤᠯ ᠥᠬᠡᠶ ᠴᠠᠬᠢᠯᠭᠠᠨ ᠤ ᠰᠢᠩᠭᠡᠭᠡᠨ ᠠᠪᠬᠤ ᠬᠤᠪᠢ ᠶᠢᠨ ᠵᠢᠩ ᠢ ᠳᠡᠭᠡᠭᠰᠢᠯᠡᠭᠦᠯᠵᠦ᠂ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ ᠢ ᠣᠷᠣᠯᠠᠭᠤᠯᠬᠤ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢᠨ ᠬᠠᠮᠲᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠣᠬᠢᠷᠲᠤᠯ ᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠦᠯᠡᠳᠡᠭᠰᠡᠨ ᠨᠡᠮᠡᠭᠳᠡᠯ ᠳᠠᠭᠠᠭᠠᠴᠠ ᠶᠢ ᠭᠠᠳᠠᠭᠰᠢ ᠳᠠᠮᠵᠢᠭᠤᠯᠵᠤ ᠪᠠᠭᠲᠠᠭᠠᠨ ᠰᠢᠩᠭᠡᠭᠡᠬᠦ ᠶᠢ ᠥᠷᠭᠡᠳᠬᠡᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠤᠯᠠᠭᠠᠨᠪᠤᠬ᠎ᠠ ᠶᠢᠨ ᠡᠯᠡᠰᠦᠨ ᠴᠦᠯ ᠤᠨ ᠴᠠᠬᠢᠯᠭᠠᠨ ᠬᠡᠯᠬᠢᠶ᠎ᠡ ᠶᠢ ᠨᠡᠪᠲᠡᠷᠡᠭᠦᠯᠵᠦ᠂ ᠳᠣᠷᠣᠨᠠᠲᠤ᠂ ᠳᠠᠯᠠᠢ ᠳᠠᠭᠠᠤ ᠵᠡᠷᠭᠡ ᠲᠡᠷᠢᠭᠦᠨ ᠤ ᠭᠠᠵᠠᠷ ᠣᠷᠣᠨ ᠲᠠᠢ ᠢᠳᠡᠪᠬᠢᠲᠡᠢ ᠪᠠᠷ ᠵᠣᠯᠭᠠᠭᠤᠯᠤᠨ᠂ ᠣᠷᠣᠨ ᠪᠦᠰᠡ ᠶᠢᠨ ᠪᠣᠬᠢᠷᠳᠤᠯ ᠦᠭᠡᠢ ᠴᠠᠬᠢᠯᠭᠠᠨ ᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠰᠢᠨ᠎ᠡ ᠡᠨᠧᠷᠭᠢ ᠶᠢᠨ ᠬᠠᠩᠭᠠᠯᠭ᠎ᠠ ᠪᠠ ᠪᠠᠭᠲᠠᠭᠠᠨ ᠰᠢᠩᠭᠡᠭᠡᠬᠦ ᠬᠤᠷᠠᠮᠠᠯ ᠬᠤᠯᠪᠣᠯᠳᠤᠭᠰᠠᠨ ᠵᠢᠱᠢᠶ᠎ᠡ ᠦᠵᠡᠭᠦᠯᠬᠦ ᠶᠢ ᠪᠠᠶᠢᠭᠤᠯᠤᠨ᠎ᠠ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ᠃ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠨ ᠠᠷᠠᠯᠵᠢᠶ᠎ᠠ ᠬᠤᠳᠠᠯᠳᠤᠭ᠎ᠠ᠂ ᠣᠨᠴᠠᠯᠢᠭᠲᠤ ᠢᠳᠡᠭᠡᠨ ᠤᠮᠳᠠᠭᠠᠨ ᠵᠡᠷᠭᠡ ᠤᠯᠠᠮᠵᠢᠯᠠᠯᠲᠤ ᠬᠡᠷᠡᠭᠯᠡᠭᠡ ᠶᠢ ᠥᠷᠭᠡᠳᠬᠡᠵᠦ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠶᠡᠭᠡ ᠬᠡᠮᠵᠢᠶᠡᠨ ᠤ ᠲᠠᠸᠠᠷ ᠤᠨ ᠬᠡᠷᠡᠭᠯᠡᠭᠡ ᠶᠢ ᠥᠷᠭᠡᠳᠬᠡᠵᠦ᠂ ᠵᠠᠶᠢᠯᠠᠰᠢ ᠦᠭᠡᠢ ᠪᠠ ᠰᠠᠶᠢᠵᠢᠷᠠᠭᠤᠯᠬᠤ ᠬᠡᠯᠪᠡᠷᠢ ᠶᠢᠨ ᠣᠷᠣᠨ ᠰᠠᠭᠤᠴᠠ ᠶᠢᠨ ᠬᠡᠷᠡᠭᠯᠡᠭᠡ ᠶᠢ ᠳᠡᠮᠵᠢᠨ᠎ᠡ᠃ ᠬᠤᠳᠠᠯᠳᠤᠭᠠᠨ ᠤ ᠦᠢᠯᠡᠴᠢᠯᠡᠭᠡᠨ ᠤ ᠲᠥᠬᠦᠭᠡᠷᠦᠮᠵᠢ ᠶᠢ ᠵᠣᠬᠢᠰᠲᠠᠢ ᠪᠠᠶᠢᠷᠢᠰᠢᠭᠤᠯᠵᠤ᠂ ᠵᠢᠦᠯᠦ᠋ᠢᠩ ᠤᠯᠠᠨ ᠤᠯᠤᠰ ᠪᠣᠯᠤᠨ ᠵᠧᠵᠢᠶᠠᠩ ᠤᠨ ᠬᠤᠳᠠᠯᠳᠤᠭᠠᠨ ᠤ ᠬᠤᠳᠠ ᠶᠢ ᠠᠮᠢᠳᠤᠯᠢᠭ ᠪᠣᠯᠭᠠᠨ᠎ᠠ︔ ᠬᠠᠢ ᠳ᠋ᠠ ᠵᠡᠭᠡᠯᠢ ᠶᠢᠨ ᠭᠠᠷ ᠳᠠᠮᠵᠢᠭᠰᠠᠨ ᠮᠠᠰᠢᠨ ᠲᠡᠷᠭᠡᠨ ᠤ ᠵᠠᠬ᠎ᠠ ᠳᠡᠯᠭᠡᠭᠦᠷ ᠢ ᠪᠦᠬᠦᠯᠢ ᠴᠣᠭᠴᠠ ᠪᠠᠷ ᠨᠢ ᠨᠡᠭᠦᠯᠭᠡᠬᠦ ᠵᠢᠴᠢ ᠰᠢᠨ᠎ᠡ ᠵᠠᠬ᠎ᠠ ᠳᠡᠯᠭᠡᠭᠦᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠡᠬᠢᠯᠡᠭᠦᠯᠵᠦ᠂ ᠬᠠᠢ ᠳ᠋ᠠ ᠵᠡᠭᠡᠯᠢ ᠶᠢᠨ ᠤᠨᠴᠠᠯᠢᠬᠳᠤ ᠬᠤᠳᠠᠯᠳᠤᠭᠠᠨ ᠤ ᠲᠣᠭᠤᠷᠢᠭ ᠢ ᠲᠥᠯᠥᠪᠵᠢᠭᠦᠯᠦᠨ ᠵᠢᠷᠤᠵᠤ ᠲᠥᠯᠥᠪᠯᠡᠵᠦ ᠬᠤᠳᠠᠯᠳᠤᠭᠠᠴᠢᠨ ᠤᠷᠢᠬᠤ ᠠᠵᠢᠯ ᠢ ᠡᠬᠢᠯᠡᠭᠦᠯᠦᠨ᠎ᠡ᠃ ᠵᠢᠶᠠᠨ ᠯᠦᠩ ᠤᠨ ᠺᠤᠸᠠᠢ ᠴᠧᠩ ᠣᠶᠤᠨᠴᠢ ᠪᠣᠳᠠᠰ ᠤᠨ ᠬᠤᠯᠪᠣᠭ᠎ᠠ ᠶᠢᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠠᠪᠴᠠᠩ ᠤᠨ ᠲᠥᠷᠥᠯ ᠵᠦᠢᠯ ᠤᠨ ᠬᠥᠭᠵᠢᠯᠲᠡ ᠶᠢ ᠠᠬᠢᠭᠤᠯᠵᠤ᠂ ᠲᠦᠷᠭᠡᠨ ᠬᠦᠷᠭᠡᠬᠦ ᠦᠢᠯᠡᠰ ᠤᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠣᠶᠤᠨᠴᠢ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃ ᠲᠤᠰ ᠭᠠᠵᠠᠷ ᠤᠨ ᠰᠡᠯᠡᠭᠦᠴᠡᠯ ᠤᠨ ᠵᠢᠭᠤᠯᠴᠢᠯᠠᠯ᠂ ᠪᠦᠬᠦ ᠴᠠᠭ ᠤᠨ ᠵᠢᠭᠤᠯᠴᠢᠯᠠᠯ ᠢ ᠪᠤᠢ ᠪᠣᠯᠭᠠᠵᠤ᠂ ᠸᠠᠩ ᠶᠤᠸᠠᠨ ᠳ᠋ᠢ᠂ ᠲᠤᠸᠠᠨ ᠵᠢᠶᠧ ᠰᠢᠨ᠎ᠡ ᠲᠣᠰᠬᠤᠨ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠦᠢᠯ ᠢ ᠰᠠᠶᠢᠲᠤᠷ ᠠᠳᠬᠤᠨ᠎ᠠ᠃ ᠣᠳᠣ ᠦᠶ᠎ᠡ ᠶᠢᠨ ᠣᠨᠴᠠᠯᠢᠭ ᠲᠠᠢ ᠲᠠᠷᠢᠶᠠᠯᠠᠩ ᠢ ᠬᠦᠴᠦᠷᠬᠡᠭᠵᠢᠭᠦᠯᠦᠨ ᠰᠢᠯᠢᠳᠡᠭᠵᠢᠭᠦᠯᠦᠨ᠎ᠡ᠃ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠵᠦ᠂ ᠪᠦᠬᠦ ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠸᠠᠩ ᠶᠤᠸᠠᠨ ᠳ᠋ᠢ ᠰᠡᠯᠡᠭᠦᠴᠡᠯ ᠤᠨ ᠲᠠᠷᠢᠶᠠᠯᠠᠩ ᠪᠣᠯᠤᠨ ᠶᠦᠨ ᠹᠸᠢ᠂ ᠬᠠᠨ ᠰᠧᠨ ᠦᠵᠦᠮ ᠲᠠᠷᠢᠬᠤ ᠰᠠᠭᠤᠷᠢᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠦᠬᠠᠢ ᠶᠢᠨ ᠦᠵᠦᠮ︾᠎ ᠤᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠬᠡᠪᠴᠢᠶᠡᠵᠢᠭᠦᠯᠦᠨ ᠲᠠᠷᠢᠬᠤ ᠪᠠᠷ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠬᠥᠭᠵᠢᠯᠲᠡ ᠶᠢ ᠠᠬᠢᠭᠤᠯᠬᠤ ᠬᠡᠷᠡᠭᠲᠡᠢ᠃ ︽ᠵᠠᠭᠤᠨ ᠰᠠᠶᠢᠬᠠᠨ ᠠᠶᠢᠯ ᠲᠣᠰᠬᠤᠨ︾᠂ ᠢᠳᠡᠰᠢᠨ ᠨᠣᠭᠤᠭ᠎ᠠ ᠶᠢ ᠰᠢᠭᠤᠳ ᠬᠠᠩᠭᠠᠬᠤ ᠵᠡᠷᠭᠡ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠴᠢᠩᠭ᠎ᠠ ᠠᠩᠬᠠᠷᠴᠤ᠂ ︽ᠦᠵᠦᠮ ᠤᠨ ᠬᠦᠷᠢᠶᠡᠯᠡᠩ ᠤᠨ ᠨᠣᠭᠤᠭᠠᠨ ᠵᠠᠮ︾᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠦᠨ ᠳᠠᠶᠢᠴᠢᠯᠠᠬᠤ  ᠤᠶᠢᠯᠡᠳᠤᠯ ᠢ ᠪᠠᠳᠠᠷᠠᠭᠤᠯᠵᠤ᠂ ᠴᠡᠭᠡᠯ ᠠᠭᠤᠯᠠ ᠪᠠᠯᠭᠠᠰᠤ ᠶᠢ ᠪᠥᠬᠦ ᠤᠯᠤᠰ ᠤᠨ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠦᠴᠦᠷᠬᠡᠭ ᠪᠠᠯᠭᠠᠰᠤ ᠪᠣᠯᠭᠠᠨ ᠪᠥᠲᠥᠭᠡᠨ ᠪᠠᠶᠢᠭᠤᠯᠵᠤ᠂ ᠡᠯ᠎ᠡ ᠵᠡᠭᠡᠯᠢ ᠭᠤᠳᠤᠮᠵᠢ ᠶᠢᠨ ᠲᠠᠷᠢᠶᠠᠯᠠᠩ ᠳᠤ ᠬᠤᠯᠪᠣᠭᠳᠠᠬᠤ ᠨᠡᠶᠢᠭᠡᠮ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠲᠡᠭᠦᠷᠭᠡ ᠶᠢᠨ ᠲᠠᠷᠢᠶᠠᠯᠠᠩ ᠤᠨ ᠤᠨᠴᠠᠯᠢᠭᠳᠤ ᠵᠢᠱᠢᠶ᠎ᠡ ᠦᠵᠡᠭᠦᠯᠬᠦ ᠣᠷᠣᠨ ᠪᠣᠯᠭᠠᠨ ᠪᠥᠲᠥᠭᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠣᠯᠠᠨ ᠠᠷᠭ᠎ᠠ ᠵᠠᠮ᠂ ᠣᠯᠠᠨ ᠡᠰᠢᠵᠢᠭᠰᠡᠨ ᠣᠷᠣᠭᠤᠯᠤᠯᠲᠠ ᠶᠢᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢ ᠲᠡᠮᠡᠴᠡᠨ ᠣᠯᠬᠤ ᠪᠠ ᠣᠷᠣᠭᠤᠯᠤᠯᠲᠠ ᠪᠠᠨ ᠨᠡᠮᠡᠭᠳᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠶᠢ ᠲᠦᠷᠭᠡᠳᠬᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠢᠳᠡᠪᠬᠢᠲᠡᠶ ᠪᠠᠷ ᠪᠤᠶᠢᠵᠢᠭᠤᠯᠤᠨ ᠨᠡᠪᠴᠢᠭᠦᠯᠵᠦ᠂ ᠰᠠᠶᠢᠰᠧᠫᠦ᠋᠂ ᠴᠢᠩ ᠲᠤᠤ ᠡᠨᠧᠷᠭᠢ᠂ ᠯᠦᠩ ᠶᠤᠸᠠᠨ ᠣᠷᠴᠢᠨ ᠲᠣᠭᠤᠷᠢᠨ ᠤ ᠬᠠᠮᠠᠭᠠᠯᠠᠯᠲᠠ᠂ ᠢᠷᠪᠢᠰ ᠮᠤᠯᠢᠪᠳᠧᠨ ᠤ ᠠᠭᠤᠷᠬᠠᠢ ᠶᠢᠨ ᠺᠠᠷᠲ ᠵᠡᠷᠭᠡ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ᠂ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠤᠨ ᠨᠡᠭᠡᠭᠡᠬᠦ ᠲᠥᠪ ᠢ ᠪᠠᠶᠢᠭᠤᠯᠬᠤ ᠶᠢ ᠳᠡᠮᠵᠢᠨ᠎ᠡ︔ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 4᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 20 ᠠᠵᠤ ᠠᠬᠤᠶᠢᠯᠠᠯ ᠢ ᠰᠢᠨ᠎ᠡ ᠪᠠᠷ ᠮᠠᠭᠠᠳᠯᠠᠨ ᠲᠣᠭᠲᠠᠭᠠᠨ᠎ᠠ᠃ ᠦᠬᠠᠶ ᠶᠢᠨ ᠰᠢᠨ᠎ᠡ ᠶᠢ ᠡᠭᠦᠳᠦᠭᠴᠢ ᠶᠢᠨ ᠣᠷᠣᠨ ᠵᠠᠶ ᠶᠢᠨ  ᠤᠶᠢᠯᠡᠳᠤᠯ ᠢ ᠭᠦᠢᠴᠡᠤᠡ ᠪᠠᠳᠠᠷᠠᠭᠤᠯᠵᠤ᠂ ᠨᠠᠭᠠᠳᠤ ᠵᠠᠬ᠎ᠠ ᠳᠠᠭᠠᠨ 20 ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠪᠠ ᠠᠳᠠᠯ ᠤᠶᠢᠯᠡᠰ ᠴᠣᠭᠴᠠᠯᠠᠬᠤ ᠠᠵᠤ ᠠᠬᠤᠶᠢᠯᠠᠯ ᠢ ᠲᠡᠳᠡᠨ ᠣᠷᠣᠭᠤᠯᠵᠤ᠂ ᠲᠣᠰ ᠭᠠᠵᠠᠷ ᠣᠷᠣᠨ ᠤ ᠠᠵᠤ ᠠᠬᠤᠶᠢᠯᠠᠯ ᠤᠨ ᠲᠣᠰ ᠪᠡᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠲᠣᠰ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠢ 10᠎ ᠶᠢ ᠨᠡᠪᠴᠢᠭᠦᠯᠵᠦ᠂ ᠬᠠᠮᠲᠤᠷᠠᠯᠴᠠᠭᠠᠨ ᠤ ᠶᠡᠭᠡ ᠳᠡᠭᠡᠳᠦ ᠰᠤᠷᠭᠠᠭᠤᠯᠢ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ 3᠎ ᠠᠴᠠ ᠳᠡᠭᠡᠭᠰᠢ ᠫᠠᠶᠢᠰᠠ ᠣᠯᠭᠤᠵᠤ᠂ ᠨᠠᠩ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠲᠤᠬᠠᠶ ᠶᠢᠨ ᠭᠠᠵᠠᠷ ᠲᠤᠨᠢ ᠬᠤᠪᠢᠷᠠᠭᠤᠯᠬᠤ ᠶᠢ ᠠᠬᠢᠭᠤᠯᠤᠨ᠎ᠠ᠃      ︵ᠭᠤᠷᠪᠠ︶ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠪᠡ᠃ ︽ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ︾᠎ ᠶᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ᠂ ᠦᠨᠳᠦᠰᠦᠨ ᠠᠴᠠ ᠨᠢ ᠵᠠᠰᠠᠬᠤ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠴᠢᠬᠤᠯᠠ ᠶᠡᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠠᠭᠤᠷᠬᠠᠢ ᠶᠢᠨ ᠣᠷᠣᠨ ᠤ ᠲᠣᠭᠤᠰᠣ ᠰᠢᠷᠣᠢ ᠶᠢ ᠬᠤᠷᠢᠭᠯᠠᠬᠤ ᠠᠵᠢᠯᠯᠠᠭ᠎ᠠ ᠶᠢ ᠬᠡᠷᠡᠭᠵᠢᠭᠦᠯᠵᠦ᠃ ᠠᠵᠤ ᠠᠬᠤᠶᠢᠯᠠᠯ ᠤᠨ ᠲᠣᠭᠤᠰᠣ ᠳᠠᠷᠤᠬᠤ ᠭᠤᠤᠯ ᠮᠡᠷᠭᠡᠵᠢᠯ ᠢ ᠰᠢᠢᠳᠪᠦᠷᠢᠯᠡᠬᠦ ᠶᠢ ᠵᠣᠷᠢᠭᠵᠢᠭᠤᠯᠵᠤ᠂ ᠠᠭᠤᠷᠬᠠᠢ ᠶᠢᠨ ᠣᠷᠣᠨ ᠳᠤ ᠪᠥᠬᠦ ᠲᠠᠯ᠎ᠠ ᠪᠠᠷ ᠬᠡᠷᠡᠭᠵᠢᠭᠦᠯᠦᠨ᠎ᠡ︔ ᠥᠳᠬᠡᠨ ᠳᠠᠪᠤᠰᠤᠲᠤ ᠤᠰᠤ ᠶᠢ ᠡᠭᠡᠭᠦᠯᠦᠨ ᠬᠡᠷᠡᠭᠯᠡᠬᠦ ᠢᠨᠵᠧᠨᠧᠷᠢᠩ ᠢ ᠬᠡᠷᠡᠭᠵᠢᠭᠦᠯᠵᠦ᠂ ᠠᠭᠤᠷᠬᠠᠢ ᠶᠢᠨ ᠣᠷᠣᠨ ᠤ ᠤᠰᠤ ᠬᠡᠷᠡᠭᠯᠡᠬᠦ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ︔ ᠲᠣᠭᠤᠰᠣ ᠳᠡᠭᠳᠡᠬᠦ ᠲᠡᠭᠡᠭᠡᠪᠦᠷᠢ ᠶᠢᠨ ᠲᠡᠷᠭᠡ ᠬᠥᠰᠬᠡ ᠦᠢᠯᠡᠳᠪᠦᠷᠢᠯᠡᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢ ᠰᠦᠪᠡᠭᠴᠢᠯᠡᠵᠦ᠂ ᠪᠦᠷᠬᠦᠪᠴᠢ᠂ ᠵᠠᠮ ᠤᠨ ᠭᠠᠳᠠᠷᠭᠤ ᠶᠢ ᠴᠡᠪᠡᠷ᠂ ᠤᠰᠤ ᠰᠦᠷᠴᠢᠨ ᠲᠣᠭᠤᠰᠣ ᠶᠢ ᠳᠠᠷᠤᠬᠤ᠂ ᠲᠡᠷᠭᠡ ᠬᠥᠰᠬᠡ ᠶᠢ ᠤᠬᠢᠶᠠᠵᠤ ᠴᠡᠪᠡᠷᠯᠡᠬᠦ ᠵᠡᠷᠭᠡ ᠲᠣᠭᠤᠰᠣ ᠳᠡᠭᠳᠡᠬᠦ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠭᠤᠷᠬᠠᠢ ᠶᠢᠨ ᠣᠷᠣᠨ ᠤ PM 10 ᠥᠳᠬᠡᠴᠡ ᠶᠢ ᠬᠤᠶᠠᠳᠤᠭᠠᠷ ᠳᠡᠰ ᠤᠨ ᠪᠠᠷᠢᠮᠵᠢᠶ᠎ᠠ ᠳᠤ ᠬᠦᠷᠦᠭᠦᠯᠬᠦ ᠶᠢ ᠬᠦᠴᠦᠯᠡᠨ ᠠᠬᠢᠭᠤᠯᠵᠤ᠂ ᠠᠭᠤᠷᠬᠠᠢ ᠶᠢᠨ ᠣᠷᠣᠨ ᠤ ᠳᠦᠷᠰᠦ ᠪᠠᠶᠢᠳᠠᠯ ᠢ ᠴᠤ᠋ ᠰᠢᠨ᠎ᠡ ᠪᠣᠯᠭᠠᠬᠤ ᠶᠢ ᠪᠡᠶᠡᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠡᠦᠷᠰᠢᠭᠦᠯᠬᠦ᠂ ᠪᠣᠯᠣᠳ ᠲᠡᠮᠦᠷ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢ ᠥᠭᠡᠷᠡᠴᠢᠯᠡᠬᠦ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠣᠬᠢᠷᠲᠤᠯ ᠪᠣᠳᠠᠰ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠡᠬᠢ ᠡᠭᠦᠰᠦᠯ ᠠᠴᠠ ᠨᠢ ᠪᠠᠭᠠᠰᠬᠠᠵᠤ᠂ ᠪᠣᠬᠢᠷᠲᠤᠯ ᠢ ᠪᠠᠭᠠᠰᠬᠠᠬᠤ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠣᠽᠣᠨ᠂ ᠠᠽᠣᠲ ᠤᠨ ᠢᠰᠦᠮᠡᠭ ᠪᠠ VOCs ᠪᠣᠬᠢᠷᠲᠤᠯ ᠢ ᠪᠦᠲᠦᠮᠵᠢᠲᠡᠶ ᠬᠤᠷᠢᠭᠯᠠᠵᠤ᠂ ᠵᠣᠨ ᠤ ᠤᠯᠠᠷᠢᠯ ᠤᠨ ᠣᠽᠣᠨ ᠤ ᠪᠣᠬᠢᠷᠲᠤᠯ ᠤᠨ ᠡᠳᠦᠷ ᠤᠨ ᠲᠤᠭ᠎ᠠ ᠠᠳᠠᠯᠢ ᠬᠤᠭᠤᠴᠠᠭᠠᠨ ᠤ ᠬᠢ ᠠᠴᠠ ᠪᠠᠭᠠᠰᠬᠤ ᠪᠠᠷ ᠴᠢᠷᠮᠠᠶᠢᠵᠤ᠂ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠴᠣ ᠰᠢᠨ᠎ᠡ ᠪᠠᠶᠢᠳᠠᠯ ᠲᠠᠢ ᠪᠣᠯᠬᠤ ᠶᠢ ᠪᠡᠶᠡᠯᠡᠭᠦᠯᠦᠨ᠎ᠡ᠃ ᠬᠤᠲᠠ ᠶᠢᠨ ᠰᠢᠨ᠎ᠡ ᠳᠦᠷᠰᠦ ᠪᠠᠶᠢᠳᠠᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠢᠯᠡ ᠭᠠᠵᠠᠷ ᠰᠢᠷᠣᠢ ᠪᠣᠯᠤᠨ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠢ ᠶᠢ ᠵᠠᠰᠠᠬᠤ ᠠᠵᠢᠯ ᠢ ᠴᠢᠩᠭᠠᠳᠬᠠᠵᠤ᠂ 217 ᠮᠤᠵᠢ ᠶᠢᠨ ᠵᠠᠮ ᠤᠨ ᠨᠢᠴᠦᠭᠦᠨ ᠭᠠᠵᠠᠷ ᠰᠢᠷᠣᠢ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ ᠬᠤᠲᠠ ᠶᠢᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢᠨ ᠪᠣᠬᠢᠷᠲᠤᠯ ᠤᠨ ᠠᠷᠬᠠᠭ ᠬᠡᠮ ᠢ ᠲᠦᠢᠯᠪᠤᠷᠢᠲᠠᠶ ᠦᠨᠳᠦᠰᠦᠨ ᠠᠴᠠ ᠨᠢ ᠵᠠᠰᠠᠵᠤ᠂ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ︽ᠪᠠᠯᠠᠶ ᠪᠤᠯᠤᠩ ᠤᠨ ᠥᠯᠥ ᠣᠨᠣᠭᠳᠠᠬᠤ ᠭᠠᠵᠠᠷ︾᠎ ᠢ ᠠᠷᠢᠯᠭᠠᠨ᠎ᠠ᠃ ᠢᠳᠡᠭᠡᠨ ᠤᠮᠳᠠᠭᠠᠨ ᠤ ᠲᠠᠯᠠᠪᠤᠷ ᠤᠨ ᠱᠤᠤᠭᠢᠶᠠᠨ᠂ ᠲᠣᠰᠣ ᠤᠲᠤᠭᠠᠨ ᠤ ᠪᠣᠬᠢᠷᠲᠤᠯ ᠵᠡᠷᠭᠡ ᠠᠷᠠᠳ ᠢ ᠦᠢᠮᠡᠬᠦᠯᠬᠦ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠤ᠂ ᠣᠯᠠᠨ ᠲᠦᠮᠡᠨ ᠳᠤ ᠲᠠᠭᠠᠯᠠᠮᠵᠢᠲᠠᠶ᠂ ᠨᠠᠮ ᠵᠢᠮ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ᠂ ᠬᠤᠲᠠ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ ᠴᠣ ᠰᠢᠨ᠎ᠡ ᠪᠣᠯᠪᠠ᠃ ᠪᠣᠬᠢᠷᠲᠤᠯ ᠡᠳ᠋ ᠤᠨ ᠬᠠᠮᠵᠢᠯᠴᠠᠨ ᠡᠵᠡᠮᠳᠡᠬᠦ ᠶᠢ ᠴᠢᠩᠭᠠᠳᠬᠠᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠲᠣᠭᠲᠠᠴᠠ ᠶᠢ ᠴᠠᠭ ᠲᠤᠬᠠᠶ ᠳᠤᠨᠢ ᠡᠬᠢᠯᠡᠭᠦᠯᠦᠨ᠎ᠡ᠃ 8 ᠠᠭᠠᠷ ᠮᠠᠨᠳᠠᠯ ᠤᠨ ᠵᠠᠰᠠᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠪᠥᠬᠦ ᠵᠢᠯ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢ 306 ᠡᠳᠦᠷ ᠠᠴᠠ ᠳᠡᠭᠡᠭᠰᠢ ᠳᠤ ᠬᠦᠷᠦᠭᠦᠯᠦᠨ᠎ᠡ᠃ ︽ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ︽ᠲᠠᠪᠤᠨ ᠤᠰᠤ ᠶᠢ ᠬᠠᠮᠲᠤᠪᠠᠷ ᠵᠠᠰᠠᠬᠤ︾᠎ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠭᠤᠣᠯ ᠤᠨ ᠳᠠᠷᠤᠭ᠎ᠠ ᠶᠢᠨ ᠳᠦᠷᠢᠮ︾᠎ ᠢ ᠴᠢᠩᠭ᠎ᠠ ᠬᠡᠷᠡᠭᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠰᠠᠮᠠᠭᠤᠷᠠᠯ ᠢ ᠠᠷᠢᠯᠭᠠᠬᠤ︾᠂ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠤᠰᠤᠨ ᠤ ᠡᠬᠢ ᠰᠤᠷᠪᠤᠯᠵᠢ ᠶᠢᠨ ᠭᠠᠵᠠᠷ ᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠬᠥᠷᠥᠰᠥ ᠰᠢᠷᠣᠶ ᠶᠢᠨ ᠪᠣᠬᠢᠷᠲᠤᠯ ᠢ ᠡᠬᠢ ᠡᠭᠦᠰᠦᠯ ᠠᠴᠠ ᠨᠢ ᠰᠡᠷᠭᠡᠶᠢᠯᠡᠬᠦ ᠶᠢ ᠴᠢᠩᠭᠠᠳᠬᠠᠵᠤ᠂ ᠬᠥᠷᠥᠰᠥ ᠰᠢᠷᠣᠶ᠂ ᠭᠠᠵᠠᠷ ᠳᠣᠤᠷᠠᠬᠢ ᠤᠰᠤᠨ ᠤ ᠪᠣᠬᠢᠷᠲᠤᠯ ᠤᠨ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠲᠠᠷᠢᠶᠠᠨ ᠡᠮ ᠪᠠ ᠬᠢᠮᠢ ᠶᠢᠨ ᠪᠤᠷᠳᠤᠭᠤᠷ ᠬᠡᠷᠡᠭᠯᠡᠬᠦ ᠬᠡᠮᠵᠢᠶ᠎ᠡ ᠶᠢ ᠵᠡᠷᠭᠡ ᠪᠠᠷ ᠪᠠᠭᠤᠷᠠᠭᠤᠯᠬᠤ ᠶᠢ ᠦᠷᠭᠦᠯᠵᠢᠯᠡᠨ ᠠᠬᠢᠭᠤᠯᠤᠨ᠎ᠠ᠃ 2608 ᠡᠷᠦᠬᠡ ᠰᠠᠭᠤᠭᠠᠯᠢ ᠠᠷᠠᠳ ᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠣᠬᠢᠷᠳᠤᠯ ᠦᠭᠡᠢ ᠴᠡᠪᠡᠷ ᠡᠨᠧᠷᠭᠢ ᠶᠢ ᠶᠡᠬᠡᠪᠡᠷ ᠳᠡᠯᠭᠡᠷᠡᠭᠦᠯᠦᠨ ᠬᠡᠷᠡᠭᠯᠡᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠪᠠ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠰᠠᠩ ᠬᠥᠮᠥᠷᠭᠡ ᠶᠢ ᠲᠤᠭᠤᠰᠢᠲᠠᠢ ᠴᠡᠪᠡᠷᠯᠡᠬᠦ ᠶᠢ ᠠᠬᠢᠭᠤᠯᠬᠤ ᠬᠡᠷᠡᠭᠲᠡᠢ᠃ ︽ᠣᠶ ᠰᠢᠭᠤᠶ ᠶᠢᠨ ᠳᠠᠷᠤᠭ᠎ᠠ ᠶᠢᠨ ᠲᠦᠷᠢᠮ︾᠎ ᠢ ᠭᠦᠨᠵᠡᠭᠡᠶ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠨᠵᠧᠨᠧᠷᠢᠩ ᠪᠠ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ ᠭᠦᠨᠵᠡᠭᠡᠶ ᠥᠷᠨᠢᠭᠦᠯᠵᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠠᠭᠤᠷᠬᠠᠢ ᠶᠢᠨ ᠣᠷᠣᠨ ᠤ ᠭᠠᠵᠠᠷ ᠰᠢᠷᠣᠶ ᠶᠢ ᠶᠡᠷᠦᠩᠬᠡᠶᠢᠯᠡᠨ ᠠᠰᠢᠭᠯᠠᠵᠤ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃       ︵ᠲᠦᠷᠪᠡ︶ ᠬᠤᠲᠠ ᠶᠢᠨ ᠰᠢᠨᠡᠴᠢᠯᠡᠯᠲᠡ ᠶᠢᠨ ᠠᠵᠢᠯ ᠢ ᠰᠠᠶᠢᠲᠤᠷ ᠬᠢᠵᠦ᠂ ᠬᠤᠲᠠ ᠶᠢᠨ ᠴᠢᠳᠠᠮᠵᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠥᠮᠦᠨ ᠢᠶᠠᠷ ᠭᠤᠣᠯ ᠪᠣᠯᠭᠠᠭᠰᠠᠨ ᠦᠷᠳᠡᠭ ᠤᠨ ᠤᠳᠤᠷᠢᠳᠤᠮᠵᠢ ᠶᠢ ᠪᠠᠷᠢᠮᠲᠠᠯᠠᠵᠤ᠂ ᠬᠠᠭᠤᠴᠢᠨ ᠬᠤᠳᠠ ᠰᠢᠨ᠎ᠡ ᠬᠤᠳᠠ ᠶᠢ ᠬᠠᠮᠲᠤ ᠳᠤᠨᠢ ᠠᠳᠬᠤᠬᠤ ᠶᠢ ᠪᠠᠷᠢᠮᠲᠠᠯᠠᠵᠤ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠭᠦᠢᠴᠡᠳ ᠬᠦᠴᠦ ᠣᠷᠣᠭᠤᠯᠵᠤ᠂ ᠬᠤᠳᠠ ᠶᠢᠨ ᠰᠢᠨᠡᠴᠢᠯᠡᠯᠲᠡ ᠶᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠪᠠᠷ ᠠᠬᠢᠭᠤᠯᠵᠤ᠂ ᠬᠤᠳᠠ ᠶᠢᠨ ︽ᠬᠠᠭᠤᠴᠢᠨ ᠳᠦᠷᠰᠦ ᠪᠠᠶᠢᠳᠠᠯ ᠢ ᠰᠢᠨ᠎ᠡ ᠲᠥᠷᠬᠦ︾᠎ ᠪᠠᠷ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨᠬᠦ ᠨᠡᠮᠡᠭᠳᠡᠭᠦᠯᠬᠦ ᠬᠡᠷᠡᠭᠲᠡᠢ᠃ ᠬᠤᠲᠠ ᠶᠢᠨ ᠰᠠᠭᠤᠷᠢ ᠲᠥᠬᠦᠭᠡᠷᠦᠮᠵᠢ ᠶᠢ ᠬᠦᠴᠦᠯᠡᠨ ᠲᠡᠭᠦᠯᠳᠡᠷᠵᠢᠭᠦᠯᠦᠨ᠎ᠡ᠃ ᠰᠢᠨ ᠴᠢᠶᠤᠤ ᠶᠡᠭᠡ ᠵᠡᠭᠡᠯᠢ᠂  ᠱᠤᠸᠠᠩ ᠶᠦᠩ ᠵᠡᠭᠡᠯᠢ ᠵᠡᠷᠭᠡ 3 ᠲᠠᠰᠤᠷᠬᠠᠶ ᠵᠠᠮ ᠢ ᠨᠡᠪᠲᠡᠷᠡᠭᠦᠯᠵᠦ᠂ ᠸᠠᠨ ᠳ᠋ᠠ ᠵᠡᠭᠡᠯᠢ ᠥᠩᠭᠡᠷᠡᠬᠦ ᠬᠥᠭᠦᠷᠭᠡ ᠶᠢ ᠪᠠᠶᠢᠭᠤᠯᠵᠤ᠂ ᠬᠤᠲᠠ ᠶᠢᠨ ᠵᠠᠮ ᠨᠡᠪᠲᠡᠷᠡᠬᠦ ᠴᠢᠨᠠᠷ ᠢ ᠳᠡᠭᠡᠭᠰᠢᠯᠡᠭᠦᠯᠦᠨ᠎ᠡ᠃ ᠬᠠᠶᠢᠮᠢᠶᠠᠨ ᠬᠤᠲᠠ ᠶᠢᠨ ᠣᠨᠣᠯᠵᠢᠬᠤᠨ ᠢ ᠦᠢᠯᠡᠳᠦᠯᠭᠡᠵᠢᠭᠦᠯᠵᠦ᠂ 19 ᠺᠢᠯᠤᠮᠧᠲᠷ ᠤᠨ ᠪᠣᠬᠢᠷ ᠤᠰᠤᠨ ᠤ ᠬᠤᠭᠤᠯᠠᠶ ᠶᠢᠨ ᠲᠣᠤᠷ᠂ 20 ᠺᠢᠯᠤᠮᠧᠲᠷ ᠤᠨ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ᠂ 17.7 ᠺᠢᠯᠤᠮᠧᠲᠷ ᠤᠨ ᠨᠣᠭᠤᠭᠠᠷᠠᠭᠤᠯᠤᠯᠲᠠ ᠶᠢᠨ ᠤᠰᠤ ᠠᠷᠪᠢᠯᠠᠬᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠭᠡᠭᠰᠢᠯᠡᠭᠦᠯᠦᠨ᠎ᠡ᠃ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠠᠷᠠᠳ ᠤᠨ ᠠᠭᠤᠳᠠᠮ ᠲᠠᠯᠠᠪᠠᠶ ᠵᠢᠴᠢ ᠥᠪᠥᠷ ᠮᠣᠩᠭᠤᠯ ᠤᠨ ᠲᠣᠮᠣ ᠠᠰᠠᠷ᠂ ᠴᠢᠶᠠᠨ ᠭᠠᠩ ᠨᠡᠶᠢᠭᠡᠮ ᠲᠣᠭᠤᠷᠢᠭ ᠤᠨ ᠬᠦᠴᠢᠷᠳᠡᠯ ᠢ ᠰᠢᠢᠳᠪᠦᠷᠢᠯᠡᠨ ᠨᠡᠭᠦᠯᠭᠡᠬᠦ᠂ ᠦᠢᠯᠡᠴᠢᠯᠡᠭᠡᠨ ᠤ ᠲᠠᠯ᠎ᠠ ᠪᠠᠷ ᠭᠠᠳᠠᠷ ᠣᠷᠣᠨ ᠤ ᠴᠢᠳᠠᠪᠤᠷᠢᠲᠠᠨ ᠢ ᠲᠠᠲᠠᠬᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠢᠴᠢ ᠰᠢᠶᠠᠨ ᠹᠧᠩ ᠵᠢᠵᠢᠭ ᠲᠣᠭᠤᠷᠢᠭ᠂ 117 ᠭᠠᠵᠠᠷ ᠰᠢᠨᠵᠢᠯᠡᠭᠡᠨ ᠤ ᠠᠩᠭᠢ᠂ ᠪᠠᠶᠢᠰᠢᠩ ᠬᠡᠷ ᠤᠨ ᠲᠣᠭᠤᠷᠢᠭ ᠤᠨ ᠨᠤᠷᠠᠭᠠᠵᠤ ᠨᠡᠭᠦᠯᠭᠡᠵᠦ ᠨᠡᠭᠡᠭᠡᠨ ᠬᠥᠭᠵᠢᠭᠦᠯᠬᠦ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠡᠮᠦᠨ᠎ᠡ ᠬᠡᠰᠡᠭ ᠤᠨ ᠬᠤᠲᠠ ᠶᠢᠨ ᠲᠣᠭᠤᠷᠢᠭ ᠤᠨ ᠰᠢᠰᠲ᠋ᠧᠮ ᠢ ᠰᠢᠨᠡᠳᠬᠡᠨ ᠥᠭᠡᠷᠡᠴᠢᠯᠡᠬᠦ ᠶᠢ ᠬᠡᠷᠡᠭᠵᠢᠭᠦᠯᠦᠨ᠂ ᠬᠠᠭᠤᠴᠢᠨ ᠬᠤᠲᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠦᠢᠯᠡᠴᠢᠯᠡᠭᠡᠨ ᠤ ᠴᠢᠳᠠᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ᠃ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠨᠠᠷᠢᠯᠢᠭ ᠳᠡᠭᠡᠭᠰᠢᠯᠡᠭᠦᠯᠦᠨ᠎ᠡ᠃ ᠲᠣᠮᠣ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠵᠠᠰᠠᠮᠠᠯ ᠵᠠᠮ ᠤᠨ ᠠᠵᠢᠯᠯᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠳᠤᠷ᠎ᠠ ᠪᠠᠷ ᠢᠶᠠᠨ ᠪᠠᠶᠢᠭᠤᠯᠵᠤ ᠳᠤᠷ᠎ᠠ ᠪᠠᠷ ᠢᠶᠠᠨ ᠪᠠᠶᠢᠭᠤᠯᠬᠤ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠨ᠎ᠠ︔ ᠬᠤᠲᠠ ᠲᠣᠭᠤᠷᠢᠭ ᠤᠨ ︽ᠲᠡᠷᠭᠡ ᠵᠣᠭᠰᠣᠭᠠᠬᠤ ᠳᠤ ᠬᠦᠴᠢᠷ︾ ︽ᠲᠡᠷᠭᠡ ᠵᠣᠭᠰᠣᠭᠠᠬᠤ ᠳᠤ ᠳᠤᠷ᠎ᠠ ᠪᠠᠷ ᠪᠠᠶᠢᠬᠤ︾ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠠᠳᠠᠯ ᠠᠬᠤᠶ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠢᠯᠡ ᠪᠦᠷᠬᠦᠭᠦᠯᠬᠦ ᠠᠴᠠ ᠪᠦᠲᠦᠮᠵᠢᠲᠡᠶ ᠬᠠᠮᠤᠷᠬᠤ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠲᠦᠷᠭᠡᠳᠬᠡᠨ ᠠᠬᠢᠭᠤᠯᠵᠤ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠦᠨ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠪᠡᠯᠡᠳᠬᠡᠮᠵᠢ ᠶᠢ ᠢᠵᠢ ᠪᠥᠷᠢᠳᠦᠭᠦᠯᠦᠨ ᠲᠡᠭᠦᠯᠳᠡᠷᠵᠢᠭᠦᠯᠵᠦ᠂ ︽ᠬᠤᠸᠠᠷ ᠬᠠᠳᠬᠤᠬᠤ︾ ᠬᠦᠴᠦ ᠣᠷᠣᠭᠤᠯᠤᠨ ᠬᠤᠲᠠ ᠶᠢᠨ ᠨᠠᠷᠢᠯᠢᠬᠵᠢᠭᠤᠯᠬᠤ᠂ ᠰᠦᠯᠵᠢᠶᠡᠵᠢᠭᠦᠯᠬᠦ ᠬᠠᠮᠢᠶᠠᠷᠤᠯᠲᠠ ᠶᠢ ᠠᠬᠢᠭᠤᠯᠤᠨ᠎ᠠ᠃     ︵ᠲᠠᠪᠤ︶ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃ ︽ᠠᠷᠠᠳ ᠲᠦᠮᠡᠨ ᠢ ᠳᠡᠭᠡᠳᠦᠯᠡᠬᠦ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠢᠵᠠᠭᠠᠷ ᠲᠠᠢ ᠡᠳ᠋ ᠤᠨ ᠬᠦᠴᠦᠨ ᠢ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠦᠷᠢᠶᠡᠨ ᠳᠤ ᠬᠡᠷᠡᠭᠯᠡᠵᠦ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ᠂ ᠬᠥᠯᠥᠰᠥᠨ ᠠᠵᠢᠯᠴᠢᠨ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠬᠦᠴᠦᠯᠡᠨ ᠠᠬᠢᠭᠤᠯᠵᠤ᠂ ᠠᠵᠤ ᠦᠢᠯᠡᠰ ᠤᠨ ᠤᠯᠠᠨ ᠲᠡᠰ ᠳᠠᠪᠬᠤᠷᠭ᠎ᠠ ᠶᠢᠨ ᠠᠵᠢᠯ ᠣᠯᠭᠤᠯᠲᠠ ᠶᠢᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠢ ᠪᠥᠬᠦ ᠴᠠᠷᠠᠭ᠎ᠠ ᠪᠠᠷ ᠪᠦᠷᠬᠦᠭᠦᠯᠬᠦ ᠶᠢ ᠪᠡᠶᠡᠯᠡᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠪᠠᠶᠢᠩᠭᠤᠵᠢᠭᠤᠯᠤᠨ ᠥᠷᠨᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠶᠡᠬᠡᠪᠡᠷ ᠨᠡᠭᠡᠭᠡᠨ ᠬᠥᠭᠵᠢᠭᠦᠯᠵᠦ᠂ ᠠᠵᠢᠯ ᠤᠯᠬᠤ ᠳᠤ ᠬᠦᠴᠢᠷᠲᠡᠶ ᠬᠥᠮᠦᠰ ᠢ ᠦᠨᠳᠦᠰᠦᠨ ᠵᠤᠶᠢᠯ ᠢᠶᠠᠷ ᠨᠢ ᠲᠥᠪᠬᠢᠨᠡᠭᠦᠯᠦᠨ᠂ ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ ᠶᠢ ᠬᠥᠳᠡᠯᠦᠩᠭᠦᠶ ᠪᠠᠷ ᠴᠡᠪᠡᠷᠯᠡᠬᠦ ᠶᠢ ᠦᠨᠡᠨᠬᠦ ᠪᠠᠲᠤᠯᠠᠵᠤ᠂ ᠬᠤᠲᠠ ᠪᠠᠯᠭᠠᠰᠤᠨ ᠤ 3000 ᠭᠠᠷᠤᠶ ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠪᠡᠶᠡᠯᠡᠭᠦᠯᠦᠨ᠎ᠡ᠃ ︽ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ︾᠎ ᠶᠢ ᠪᠠᠷᠢᠮᠲᠠᠯᠠᠵᠤ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠨᠠᠰᠤᠵᠢᠯ ᠤᠨ ᠦᠨᠳᠦᠰᠦᠨ ᠠᠰᠠᠷᠠᠮᠵᠢ᠂ ᠡᠮ ᠡᠮᠨᠡᠯᠭᠡ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ ᠢ ᠨᠠᠶᠢᠳᠠᠪᠤᠷᠢᠵᠢᠭᠤᠯᠤᠨ᠎ᠠ᠃ ᠬᠥᠳᠡᠯᠮᠦᠷᠢ ᠠᠵᠢᠯᠳᠠᠨ ᠤ ᠶᠠᠪᠤᠳᠠᠯ ᠤᠨ ᠮᠠᠷᠭᠤᠯᠳᠤᠭᠠᠨ ᠢ ᠰᠢᠢᠤᠡᠪᠤᠷᠢᠯᠡᠬᠦ ᠠᠵᠢᠯ ᠢ ᠴᠢᠩᠭᠠᠳᠬᠠᠵᠤ᠂ ᠴᠠᠯᠢᠩ ᠥᠷᠢᠲᠦᠭᠰᠡᠨ ᠬᠡᠷᠡᠭ ᠢ ᠰᠢᠢᠤᠡᠪᠤᠷᠢᠯᠡᠬᠦ ᠡᠷᠴᠢᠮ ᠢᠶᠠᠨ ᠴᠢᠩᠭᠠᠷᠠᠭᠤᠯᠵᠤ᠂ ᠨᠡᠩ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠬᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠤᠭᠰᠠᠨ᠂ ᠡᠮᠨᠡᠬᠦ ᠰᠤᠪᠢᠯᠠᠬᠤ ᠡᠷᠡᠭᠦᠯᠵᠢᠭᠦᠯᠬᠦ ᠰᠤᠪᠢᠯᠠᠬᠤ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠠᠬᠢᠭᠤᠯᠤᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠪᠠ ᠠᠰᠠᠷᠠᠨ ᠬᠠᠷᠠᠭᠠᠯᠵᠠᠬᠤ ᠡᠲᠡᠭᠡᠳ ᠲᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ᠂ ᠵᠡᠮᠳᠡᠭᠴᠦᠳ ᠵᠡᠷᠭᠡ ᠠᠮᠢᠳᠤᠷᠠᠯ ᠨᠢ ᠬᠦᠴᠢᠷᠳᠡᠯ ᠲᠠᠢ ᠬᠥᠮᠦᠰ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠦᠨᠳᠦᠰᠦᠨ ᠬᠤᠷᠢᠭ᠎ᠠ ᠱᠤᠭᠤᠮ ᠢ ᠡᠷᠡᠰ ᠪᠠᠲᠤ ᠰᠠᠬᠢᠨ᠎ᠠ᠃ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠶᠣᠰᠣ ᠮᠣᠷᠠᠯ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠤᠭᠴᠢᠳ ᠤᠨ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠦᠩᠬᠡᠷᠡᠭᠦᠯᠬᠦ︾ ᠦᠷ᠎ᠡ ᠪᠦᠲᠦᠮᠵᠢ ᠶᠢ ᠪᠠᠬᠢᠵᠢᠭᠦᠯᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠪᠡᠯᠡᠳᠬᠡᠮᠵᠢ ᠶᠢ ᠰᠢᠨᠡᠳᠬᠡᠨ ᠲᠡᠭᠦᠯᠳᠡᠷᠵᠢᠭᠦᠯᠬᠦ ᠶᠢ ᠲᠦᠷᠭᠡᠳᠬᠡᠨ ᠠᠬᠢᠭᠤᠯᠵᠤ᠂ ᠵᠢᠭᠠᠨ ᠰᠤᠷᠭᠠᠬᠤ ᠵᠢᠭᠠᠨ ᠰᠤᠳᠤᠯᠬᠤ ᠬᠦᠴᠦᠨ ᠢ ᠲᠡᠭᠦᠯᠳᠡᠷᠵᠢᠭᠦᠯᠦᠨ᠂ ᠦᠬᠠᠶ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ︽1+N︾ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠨᠠᠶᠢᠳᠠᠪᠤᠷᠢᠵᠢᠭᠤᠯᠵᠤ᠂ ︽ᠡᠬᠢᠯᠡᠯᠲᠡ ᠶᠢᠨ ᠱᠤᠭᠤᠮ︾ ︽ᠳᠣᠬᠢᠭᠤᠷ︾ ︽ᠬᠢᠨᠠᠯᠲᠠ ᠲᠠᠯᠪᠢᠬᠤ ᠲᠦᠷᠢᠮ︾ ᠵᠡᠷᠭᠡ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠡᠩᠴᠡᠭᠦᠷᠢᠲᠡᠶ ᠳᠣᠭᠢᠷᠠᠭᠤᠯᠬᠤ ᠶᠢ ᠪᠡᠶᠡᠯᠡᠭᠦᠯᠦᠨ᠎ᠡ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠵᠠᠬᠢᠷᠤᠯ᠂ ᠵᠢᠭᠠᠨ ᠰᠤᠳᠤᠯᠤᠭᠴᠢ᠂ ᠠᠩᠭᠢ ᠶᠢᠨ ᠡᠷᠬᠢᠯᠡᠭᠴᠢ᠂ ᠪᠠᠭᠰᠢ ᠶᠢᠨ ︽ᠳᠥᠷᠪᠡᠨ ᠰᠠᠯᠠᠭ᠎ᠠ︾᠎ ᠶᠢᠨ ᠰᠢᠯᠭᠠᠷᠠᠭᠰᠠᠨ ᠡᠩᠨᠡᠭᠡ ᠶᠢ ᠪᠣᠶ ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠪᠠᠷᠢᠮᠵᠢᠶ᠎ᠠ ᠳᠤ ᠬᠦᠷᠭᠡᠵᠦ ᠰᠢᠯᠭᠠᠨ ᠠᠪᠬᠤ ᠶᠢ ᠪᠠᠲᠤᠯᠠᠨ᠎ᠠ ᠃ ᠠᠷᠠᠳ ᠲᠦᠮᠡᠨ ᠤ ᠡᠷᠡᠭᠦᠯ ᠮᠡᠨᠳᠦ ᠶᠢ ᠪᠥᠬᠦ ᠬᠦᠴᠦᠨ ᠢᠶᠠᠷ ᠡᠮᠴᠢᠯᠡᠭᠡᠨ ᠤ ︽1+N︾ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠭᠦᠨᠵᠡᠭᠡᠶ ᠨᠠᠶᠢᠳᠠᠪᠤᠷᠢᠵᠢᠭᠤᠯᠵᠤ᠂ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠲᠡᠭᠦᠯᠳᠡᠷᠵᠢᠭᠦᠯᠦᠨ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠳᠣᠷᠣᠭᠰᠢ ᠪᠠᠭᠤᠯᠭᠠᠬᠤ ᠶᠢ ᠠᠬᠢᠭᠤᠯᠤᠨ᠎ᠠ᠃ ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠪᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠭᠤᠷᠢᠭ ᠤᠨ ᠬᠠᠷᠢᠶ᠎ᠠ ᠪᠥᠬᠦᠶ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠵᠥᠭᠡᠯᠡᠨ ᠬᠠᠲᠠᠭᠤ ᠬᠡᠷᠡᠭᠰᠡᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠡᠯ᠎ᠡ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠲᠠ ᠬᠥᠳᠡᠭᠡ ᠶᠢᠨ ᠡᠷᠡᠭᠦᠯ ᠬᠠᠮᠠᠭᠠᠯᠠᠯ ᠤᠨ ᠤᠶᠢᠯᠡᠰ ᠤᠨ ᠠᠳᠠᠯᠢ ᠲᠡᠭᠰᠢ ᠬᠥᠭᠵᠢᠯᠲᠡ ᠶᠢ ᠠᠬᠢᠭᠤᠯᠤᠨ᠂ ᠪᠦᠬᠦᠯᠢ ᠴᠣᠭᠴᠠ ᠶᠢᠨ ᠡᠮᠴᠢᠯᠡᠭᠡᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ ᠶᠢᠨ ᠦᠢᠯᠡᠰ ᠤᠨ ᠡᠪᠡᠳᠴᠢᠨ ᠡᠮᠭᠡᠭ ᠢ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠶᠡᠬᠡᠪᠡᠷ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠰᠣᠶᠣᠯ ᠪᠡᠶ᠎ᠡ ᠶᠢᠨ ᠲᠠᠮᠢᠷ ᠤᠨ  ᠤᠶᠢᠯᠡᠰ ᠢ ᠲᠠᠰᠤᠷᠠᠯᠲᠠ ᠬᠠᠳᠤᠨ ᠭᠤᠤᠯ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠡᠵᠢ ᠭᠤᠤᠯ ᠤᠨ ᠵᠢᠭᠤᠯᠴᠢᠯᠠᠯ ᠤᠨ ᠮᠠᠷᠠᠰᠤᠨ ᠤᠷᠤᠯᠳᠤᠭᠠᠨ ᠤ ᠵᠠᠮ ᠤᠨ ᠲᠥᠷᠥᠯ ᠵᠤᠶᠢᠯ ᠳᠤ ᠲᠦᠰᠢᠭᠯᠡᠨ᠂ ᠣᠯᠠᠨ ᠤᠯᠤᠰ ᠤᠨ ᠡᠯᠡᠰᠦᠨ ᠲᠠᠩ ᠤᠨ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠪᠥᠬᠦ ᠤᠯᠤᠰ ᠤᠨ ᠮᠠᠷᠠᠰᠤᠨ ᠤᠷᠤᠯᠳᠤᠭᠠᠨ᠂ ᠳᠤᠭᠤᠶ ᠲᠡᠷᠭᠡᠨ ᠤ ᠤᠷᠤᠯᠳᠤᠭᠠᠨ ᠵᠡᠷᠭᠡ ᠴᠢᠬᠤᠯᠠ ᠶᠡᠭᠡ ᠠᠵᠢᠯᠯᠠᠭ᠎ᠠ ᠶᠢ ᠡᠷᠭᠢᠯᠡᠬᠦ ᠪᠠ ᠳᠠᠭᠠᠭᠠᠨ ᠡᠷᠭᠢᠯᠡᠨ᠎ᠡ︔ ᠴᠠᠭᠠᠨ ᠰᠠᠷ᠎ᠠ ᠶᠢᠨ ᠰᠢᠷᠢᠰ ᠠᠵᠢᠯᠯᠠᠭ᠎ᠠ ᠶᠢ ᠲᠠᠰ ᠳᠡᠪᠰᠢᠭᠦᠯᠵᠦ᠂ ︽ᠨᠢᠭᠡ ᠮᠥᠴᠡ︾᠎ ᠶᠢᠨ ᠭᠠᠷᠠᠭ ᠤᠨ ᠰᠡᠭᠦᠯᠴᠢ ᠶᠢᠨ ᠪᠠᠶᠠᠷ ᠤᠨ ᠴᠤᠭᠯᠠᠭᠠᠨ᠂ ᠤᠯᠠᠭᠠᠨᠮᠥ᠋ᠴᠢᠷ ᠢ ᠬᠥᠳᠡᠭᠡ ᠲᠣᠰᠬᠤᠨ ᠳᠤ ᠠᠪᠠᠴᠢᠭᠰᠠᠨ ᠵᠡᠷᠭᠡ ᠣᠯᠠᠨ ᠲᠦᠮᠡᠨ ᠤ ᠰᠣᠶᠣᠯ ᠴᠡᠩᠭᠡᠯ ᠤᠨ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠦᠷᠭᠦᠯᠵᠢᠯᠡᠨ ᠴᠢᠩᠭᠠᠳᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠎ᠠ᠃    ︵ᠵᠢᠷᠭᠤᠭ᠎ᠠ︶ ᠬᠥᠭᠵᠢᠯᠲᠡ ᠬᠢᠭᠡᠳ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠠᠲᠤᠯᠠᠨ᠎ᠠ᠃ ᠰᠠᠨᠠᠭᠠᠰᠢᠷᠠᠨ ᠵᠣᠪᠠᠨᠢᠬᠤ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠲᠣᠭᠲᠠᠭᠤᠨ ᠡᠷᠡᠭᠦᠯ ᠠᠵᠤ ᠠᠬᠤᠢ ᠨᠡᠶᠢᠭᠡᠮ ᠤᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠪᠡᠶᠡᠯᠡᠭᠦᠯᠬᠦ ᠬᠡᠷᠡᠭᠲᠡᠢ᠃ ᠥᠷᠢ ᠥᠭᠴᠡᠭᠡ ᠶᠢ ᠠᠷᠢᠯᠭᠠᠬᠤ ᠶᠢ ᠪᠥᠬᠦ ᠬᠦᠴᠦᠨ ᠢᠶᠠᠷ ᠳᠥᠯᠭᠢᠨ ᠥᠷᠢ ᠥᠭᠴᠡᠭᠡ ᠶᠢᠨ ᠲᠦᠭᠰᠢᠭᠦᠷᠢ ᠶᠢ ᠦᠨᠡᠨᠬᠦ ᠰᠡᠷᠭᠡᠶᠢᠯᠡᠨ ᠠᠷᠢᠯᠭᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠨᠡᠮᠡᠭᠳᠡᠯ ᠤᠨ ᠬᠡᠮᠵᠢᠶ᠎ᠡ ᠶᠢ ᠬᠤᠷᠢᠭᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠨ᠎ᠠ᠃ ᠡᠯ᠎ᠡ ᠲᠥᠷᠥᠯ ᠤᠨ ᠪᠠᠯᠠ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠠᠮᠢᠳᠤᠯᠢᠭ ᠪᠣᠯᠭᠠᠵᠤ᠂ ᠪᠥᠬᠦ ᠵᠢᠯ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠦᠨ᠂ ︽ᠤᠯᠠᠪᠤᠷ︾ ᠥᠷᠢ ᠥᠭᠴᠡᠭᠡ ᠶᠢᠨ ᠲᠦᠭᠰᠢᠭᠦᠷᠢ ᠶᠡᠬᠡᠲᠡᠶ ᠨᠡᠷᠡᠰ ᠠᠴᠠ ᠤᠬᠤᠷᠢᠨ ᠭᠠᠷᠬᠤ ᠪᠠᠷ ᠴᠢᠷᠮᠠᠶᠢᠨ᠎ᠠ᠃ ᠠᠶᠤᠯᠭᠦᠶ ᠦᠢᠯᠡᠳᠪᠦᠷᠢᠯᠡᠯ ᠢ ᠪᠦᠬᠦ ᠬᠦᠴᠦᠨ ᠢᠶᠠᠷ ᠰᠠᠶᠢᠲᠤᠷ ᠠᠳᠬᠤᠨ᠎ᠠ᠃ ᠠᠶᠤᠯ ᠦᠭᠡᠶ ᠦᠢᠯᠡᠳᠪᠦᠷᠢᠯᠡᠯ ᠤᠨ ᠡᠭᠡᠯᠵᠢ ᠳᠤᠭᠤᠶᠢᠯᠠᠩ ᠤᠨ ᠰᠤᠷᠭᠠᠮᠵᠢ ᠶᠢᠨ ᠳᠦᠷᠢᠮ᠂ ᠠᠶᠤᠯ ᠦᠭᠡᠶ ᠦᠢᠯᠡᠳᠪᠦᠷᠢᠯᠡᠯ ᠢ ᠬᠢᠨᠠᠨ ᠪᠠᠶᠢᠴᠠᠭᠠᠵᠤ ᠴᠢᠩᠭ᠎ᠠ ᠰᠢᠳᠬᠡᠬᠦ ᠳᠦᠷᠢᠮ᠂ ᠠᠶᠤᠯ ᠦᠭᠡᠶ ᠦᠢᠯᠡᠳᠪᠦᠷᠢᠯᠡᠯ ᠤᠨ ᠲᠤᠰᠬᠠᠶ ᠮᠡᠷᠭᠡᠵᠢᠯ ᠢ ᠪᠣᠳᠠᠲᠠᠶᠢᠵᠢᠭᠤᠯᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠭᠤᠷᠬᠠᠶ᠂ ᠠᠶᠤᠯ ᠲᠠᠢ ᠬᠢᠮᠢ ᠶᠢᠨ ᠪᠣᠳᠠᠰ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠬᠤᠲᠠ ᠪᠠᠯᠭᠠᠰᠤ ᠶᠢᠨ ᠰᠢᠲᠠᠮᠠᠬᠠᠶ ᠬᠡᠢ᠂ ᠥᠪᠡᠰᠦᠪᠡᠨ ᠭᠡᠷ ᠪᠠᠷᠢᠬᠤ ᠵᠡᠷᠭᠡ ᠭᠤᠣᠯᠳᠠᠯᠭ᠎ᠠ ᠲᠠᠢ ᠠᠵᠢᠯ ᠲᠥᠷᠥᠯ  ᠤᠨ ᠬᠦᠷᠢᠶᠡᠨ ᠤ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠷᠠᠭᠤᠯᠵᠤ᠂ ᠦᠶᠡᠷ  ᠢ ᠰᠡᠷᠭᠡᠶᠢᠯᠡᠨ ᠭᠠᠩ ᠲᠠᠢ ᠲᠡᠮᠡᠴᠡᠬᠦ᠂ ᠤᠢ ᠰᠢᠭᠤᠶ ᠨᠤᠲᠤᠭ ᠪᠡᠯᠴᠢᠭᠡᠷ ᠟  ᠤᠨ ᠭᠠᠯ ᠰᠡᠷᠭᠡᠶᠢᠯᠡᠬᠦ ᠵᠡᠷᠭᠡ ᠠᠵᠢᠯ  ᠢ ᠰᠠᠶᠢᠲᠤᠷ ᠠᠳᠬᠤᠵᠤ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠬᠦᠴᠦᠨ ᠢ ᠨᠢᠭᠡᠳᠦᠯᠲᠡᠶ ᠲᠥᠯᠥᠪᠯᠡᠵᠦ᠂ ᠪᠣᠳᠠᠲᠤ ᠪᠠᠶᠢᠯᠳᠤᠭᠠᠨ ᠤ ᠰᠣᠷᠢᠯᠲᠠ ᠪᠠ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠯᠲᠠ ᠶᠢᠨ ᠵᠢᠯᠣᠭᠤᠳᠬᠤ ᠲᠤᠭ᠎ᠠ ᠪᠠᠷᠢᠮᠲᠠ ᠶᠢᠨ ᠲᠥᠪ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ︽ᠣᠭᠲᠣ ᠥᠯᠥ ᠬᠦᠯᠢᠴᠡᠬᠦ︾ ᠣᠪᠣᠷ ᠢᠶᠠᠷ ᠬᠠᠤᠯᠢ ᠲᠣᠭᠲᠠᠭᠠᠯ ᠠᠴᠠ ᠵᠥᠷᠢᠴᠡᠭᠰᠡᠨ ᠤᠶᠢᠯᠡ ᠠᠵᠢᠯᠯᠠᠭ᠎ᠠ ᠶᠢ ᠬᠠᠤᠯᠢ ᠶᠣᠰᠣᠭᠠᠷ ᠴᠡᠭᠴᠡᠯᠡᠨ ᠵᠠᠰᠠᠵᠤ᠂ ᠠᠷᠠᠳ ᠣᠯᠠᠨ ᠤ ᠢᠳᠡᠭᠡᠨ ᠤᠮᠳᠠᠭᠠᠨ ᠡᠮ ᠲᠠᠩ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠶᠠᠰᠤ ᠴᠢᠨᠠᠷ ᠢᠶᠠᠷ  ᠲᠤᠭᠤᠷᠢᠭ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠨᠡᠶᠢᠭᠡᠮ ᠤᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠬᠠᠮᠠᠭᠠᠯᠠᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠵᠦ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤ ᠨᠠᠮᠳᠠᠭᠤᠯᠵᠤ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠨᠠᠮᠳᠠᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠲᠦᠷᠭᠡᠳᠬᠡᠵᠦ᠂ ︽ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ︾᠎ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠲᠦᠯᠬᠢᠨ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ ᠳᠦᠷᠦᠭᠳᠡᠯ ᠲᠠᠢ ᠪᠦᠲᠦᠮᠵᠢᠲᠡᠢ ᠪᠠᠷ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠴᠣᠭᠴᠠᠯᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠳᠡᠮᠵᠢᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠵᠦ᠂ ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ ︶᠎ ᠶᠢ ᠴᠢᠷᠮᠠᠶᠢᠨ ᠪᠠᠶᠢᠭᠤᠯᠤᠨ᠎ᠠ᠃ ᠨᠡᠶᠢᠭᠡᠮ ᠤᠨ ᠠᠮᠤᠷ ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠯᠲᠡ ᠡᠵᠡᠮᠳᠡᠯ ᠢ ᠴᠢᠩᠭᠠᠳᠬᠠᠵᠤ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠨ᠎ᠠ᠃      ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ    ᠰᠢᠨ᠎ᠡ ᠨᠢᠭᠡ ᠵᠢᠯ ᠳᠤ᠂ ᠵᠠᠰᠠᠭ ᠤᠨ ᠣᠷᠳᠣᠨ ᠤ ᠠᠵᠢᠯ ᠳᠤ ᠵᠠᠪᠠᠯ ᠰᠢᠨ᠎ᠡ ᠵᠢᠳᠬᠦᠯ ᠴᠢᠷᠮᠠᠶᠢᠯᠭ᠎ᠠ ᠰᠢᠨ᠎ᠡ ᠳᠦᠷᠰᠦ ᠪᠠᠶᠢᠳᠠᠯ ᠲᠠᠢ ᠪᠠᠶᠢᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠳᠤ ᠡᠷᠬᠡᠪᠰᠢ ᠰᠢᠨ᠎ᠡ ᠴᠢᠩᠭᠠᠳᠬᠠᠯ ᠰᠢᠨ᠎ᠡ ᠦᠰᠦᠷᠦᠯᠲᠡ ᠲᠠᠢ ᠪᠠᠶᠢᠬᠤ ᠬᠡᠷᠡᠭᠲᠡᠶ᠃ ᠪᠢᠳᠡ ︽ᠭᠤᠷᠪᠠᠨ ᠡᠷᠬᠡᠪᠰᠢ︾᠎ ᠶᠢ ᠪᠠᠲᠤ ᠴᠡᠭᠡᠵᠢᠯᠡᠵᠦ᠂ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠪᠣᠳᠠᠲᠠᠶ ᠠᠵᠢᠯᠯᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃    ︵ᠨᠢᠭᠡ︶ ᠤᠯᠤᠰ ᠲᠦᠷᠦ ᠶᠢᠨ ᠪᠠᠶᠢᠭᠤᠯᠤᠯᠲᠠ ᠪᠠᠷ ᠤᠷᠤᠭᠰᠢᠯᠠᠯᠲᠠ ᠶᠢᠨ ᠴᠢᠭᠯᠡᠯ ᠢ ᠬᠥᠲᠥᠯᠥᠨ ᠳᠠᠭᠠᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠡᠯ᠎ᠡ ᠵᠦᠢᠯ ᠤᠨ ᠠᠵᠢᠯ ᠤᠨ ᠢᠶᠠᠨ ᠭᠤᠣᠯ ᠰᠢᠵᠢᠮ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠮᠠᠭᠲᠠ ᠤᠨᠤᠯ ᠤᠨ ᠲᠠᠯ᠎ᠠ ᠪᠠᠷ ᠰᠡᠷᠭᠡᠭ ᠪᠠᠶᠢᠵᠤ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ ᠪᠠᠶᠢᠬᠤ ᠶᠢ ᠪᠠᠲᠤᠯᠠᠬᠤ ᠬᠡᠷᠡᠭᠲᠡᠢ᠃ ︽ᠬᠤᠶᠠᠷ ᠢ ᠲᠣᠭᠲᠠᠭᠠᠬᠤ︾᠎ ᠶᠢᠨ ᠦᠨᠡᠨᠴᠢ ᠰᠢᠳᠤᠷᠭᠤ ᠬᠦᠷᠢᠶᠡᠯᠡᠭᠴᠢ᠂ ︽ᠬᠤᠶᠠᠷ ᠢ ᠬᠠᠮᠠᠭᠠᠯᠠᠬᠤ︾᠎ ᠶᠢᠨ ᠡᠷᠡᠰ ᠪᠠᠲᠤ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠶ᠃ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠭᠤᠶᠢᠪᠢᠰᠢ ᠥᠬᠡᠶ ᠨᠠᠶᠢᠳᠠᠪᠤᠷᠢᠵᠢᠭᠤᠯᠵᠤ᠂ ᠵᠢᠭᠠᠪᠤᠷᠢ ᠠᠪᠬᠤ ᠪᠠ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠦᠨ᠂ ᠴᠢᠬᠤᠯᠠ ᠶᠡᠭᠡ ᠵᠤᠶᠢᠯᠡᠰ ᠢ ᠲᠤᠭᠤᠷᠢᠭ ᠤᠨ ᠨᠠᠮ ᠤᠨ ᠬᠤᠷᠢᠶ᠎ᠠ ᠠᠴᠠ ᠤᠷᠢᠳᠴᠢᠯᠠᠨ ᠵᠢᠭᠠᠪᠤᠷᠢ ᠠᠪᠬᠤ᠂ ᠭᠤᠤᠯᠳᠠᠯᠭ᠎ᠠ ᠲᠠᠢ ᠠᠵᠢᠯ ᠢ ᠰᠠᠨᠠᠭᠠᠴᠢᠯᠠᠭ᠎ᠠ ᠠᠴᠠ ᠪᠠᠨ ᠲᠤᠭᠤᠷᠢᠭ ᠤᠨ ᠨᠠᠮ ᠤᠨ ᠬᠤᠷᠢᠶ᠎ᠠ ᠳᠤ ᠬᠠᠷᠢᠭᠤ ᠮᠡᠳᠡᠭᠦᠯᠬᠦ᠂ ᠴᠢᠬᠤᠯᠠ ᠶᠡᠭᠡ ᠠᠵᠢᠯᠯᠠᠭ᠎ᠠ ᠵᠢᠴᠢ ᠴᠠᠭ ᠲᠤᠬᠠᠶ ᠳᠤᠨᠢ ᠲᠤᠭᠤᠷᠢᠭ ᠤᠨ ᠨᠠᠮ ᠤᠨ ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠬᠦ ᠶᠢ ᠤᠬᠠᠮᠰᠠᠷ ᠠᠴᠠ ᠪᠠᠨ ᠪᠡᠶᠡᠯᠡᠭᠦᠯᠵᠦ᠂ ᠡᠯ᠎ᠡ ᠵᠤᠶᠢᠯ ᠤᠨ ᠠᠵᠢᠯ ᠤᠶᠢᠯᠡᠰ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃    ︵ᠬᠤᠶᠠᠷ︶ ᠲᠥᠪ ᠭᠤᠣᠯᠴᠢ ᠰᠢᠳᠤᠷᠭᠤ ᠶᠣᠰᠣ ᠪᠠᠷ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠤᠨ᠎ᠠ᠃ ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ  ᠤ ᠪᠠᠶᠢᠭᠤᠯᠤᠯᠲᠠ ᠶᠢ ᠪᠥᠬᠦ ᠬᠦᠴᠦᠨ ᠢᠶᠠᠷ ᠲᠥᠯᠬᠢᠨ ᠠᠬᠢᠭᠤᠯᠤᠨ᠎ᠠ᠃ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠤᠯᠴᠠᠬᠤ ᠳᠦᠷᠢᠮ ᠢ ᠪᠠᠷᠢᠮᠲᠠᠯᠠᠵᠤ᠂ ᠵᠠᠰᠠᠭ ᠤᠨ ᠣᠷᠳᠣᠨ ᠤ ᠤᠳᠤᠷᠢᠳᠬᠤ ᠪᠠᠭ ᠲᠦᠷᠦᠭᠦᠯᠡᠨ ᠬᠠᠤᠯᠢ ᠶᠢ ᠬᠦᠨᠳᠦᠳᠬᠡᠨ ᠬᠠᠤᠯᠢ ᠶᠢ ᠰᠤᠷᠤᠯᠴᠠᠵᠤ ᠬᠠᠤᠯᠢ ᠶᠢ ᠰᠠᠬᠢᠨ ᠬᠠᠤᠯᠢ ᠶᠢ ᠬᠡᠷᠡᠭᠯᠡᠵᠦ᠂ ᠵᠠᠰᠠᠭ ᠤᠨ ᠣᠷᠳᠣᠨ ᠤ ᠰᠢᠰᠲ᠋ᠧᠮ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠤᠬᠠᠮᠰᠠᠷ ᠠᠴᠠ ᠪᠠᠨ ᠬᠡᠷᠡᠭᠯᠡᠨ ᠠᠵᠢᠯ ᠢᠶᠠᠨ ᠥᠷᠨᠢᠭᠦᠯᠵᠦ᠂ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠲᠦᠷᠢᠮ ᠢ ᠬᠢᠨᠠᠮᠠᠭᠠᠶ ᠬᠡᠷᠡᠭᠵᠢᠭᠦᠯᠵᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠠᠩᠰᠠᠯᠠᠨ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠲᠠᠬᠢᠨ ᠵᠥᠪᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠤᠨ᠎ᠡ᠃ ᠲᠦᠷᠦ ᠶᠢᠨ ᠪᠤᠳᠤᠯᠭ᠎ᠠ ᠶᠢ ᠪᠡᠶᠡᠯᠡᠭᠦᠯᠬᠦ ᠪᠠ ᠵᠠᠰᠠᠭ ᠤᠨ ᠣᠷᠳᠣᠨ ᠭᠡᠷ᠎ᠡ ᠪᠠᠨ ᠭᠦᠢᠴᠡᠳᠬᠡᠵᠦ ᠠᠮᠠᠯᠠᠯᠲᠠ ᠪᠠᠨ ᠪᠡᠶᠡᠯᠡᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠶ ᠪᠠᠶᠢᠬᠤ ᠪᠠᠷ ᠤᠯᠠᠨ ᠲᠦᠮᠡᠨ ᠪᠠ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠢᠲᠡᠭᠡᠯ ᠢ ᠣᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠫᠢᠶᠣᠣ ᠪᠠᠷ ᠲᠣᠭᠲᠠᠭᠠᠬᠤ ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠨ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠤᠳᠤᠯᠭ᠎ᠠ ᠲᠣᠭᠲᠠᠭᠠᠬᠤ ᠵᠢᠷᠤᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠴᠢᠬᠤᠯᠠ ᠶᠡᠭᠡ ᠰᠢᠢᠤᠡᠪᠤᠷᠢᠳᠤ ᠪᠤᠳᠤᠯᠭ᠎ᠠ ᠶᠢᠨ ᠰᠢᠨᠵᠢᠯᠡᠬᠦ ᠤᠬᠠᠭᠠᠨᠴᠢ ᠵᠢᠷᠤᠮᠵᠢᠯ ᠢ ᠦᠨᠡᠨ ᠬᠦ ᠪᠠᠲᠤᠯᠠᠨ᠎ᠠ᠃     ︵ᠭᠤᠷᠪᠠ︶ ᠰᠢᠯᠭᠠᠷᠠᠭᠰᠠᠨ ᠰᠤᠷᠲᠠᠯ ᠢᠶᠠᠷ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ ︽ᠴᠢᠩᠭ᠎ᠠ᠂ ᠪᠣᠳᠠᠲᠠᠶ᠂ ᠲᠦᠷᠭᠡᠨ᠂ ᠨᠠᠷᠢᠯᠢᠭ︾ ᠪᠠᠶᠢᠬᠤ ᠰᠤᠷᠲᠠᠯ ᠢ ᠪᠠᠳᠠᠷᠠᠭᠤᠯᠵᠤ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠡᠷᠭᠡ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠵᠤ᠂ ᠨᠠᠷᠢᠨ ᠲᠠᠩᠰᠠᠴᠢᠯᠠᠭᠰᠠᠨ᠂ ᠪᠢᠲᠡᠭᠦᠦ ᠴᠠᠭᠠᠷᠢᠭ ᠤᠨ ᠬᠡᠯᠪᠡᠷᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠷᠢᠭᠤᠴᠠᠯᠭ᠎ᠠ ᠶᠢ ᠪᠣᠳᠠᠲᠠᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠢ ᠭᠤᠭᠴᠤᠭ᠎ᠠ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠶᠢᠨ ︽ᠵᠢᠯᠣᠭᠤᠳᠬᠤ ᠰᠢᠳᠠᠮ︾ ᠪᠠ ︽ᠬᠤᠷᠳᠤᠳᠬᠠᠭᠤᠷ︾᠎ ᠤᠨ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠭᠦᠢᠴᠡᠳᠬᠡᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠪᠠᠬᠢᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃    ︵ᠳᠥᠷᠪᠡ︶ ᠪᠢᠰᠢᠷᠡᠨ ᠵᠢᠷᠦᠬᠡᠰᠢᠶᠡᠬᠦ ᠰᠡᠳᠬᠢᠯᠭᠡ ᠪᠠᠷ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠰᠠᠬᠢᠯᠭ᠎ᠠ ᠪᠠᠲᠤ ᠪᠠ ᠶᠣᠰᠣ ᠲᠦᠷᠢᠮ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾᠎ ᠶᠢ ᠬᠢᠨᠠᠮᠠᠭᠠᠶ ᠭᠦᠢᠴᠡᠳᠬᠡᠪᠡ᠃ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠠᠪᠤᠳᠠᠯ ᠢ ᠦᠷᠭᠦᠯᠵᠢᠯᠡᠨ ᠴᠢᠩᠭ᠎ᠠ ᠠᠩᠬᠠᠷᠴᠤ᠂ ᠮᠥᠩᠭᠦᠨ ᠭᠦᠢᠯᠭᠡᠭᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠨᠧᠷᠭᠢ ᠶᠢᠨ ᠰᠤᠷᠪᠤᠯᠵᠢ᠂ ᠡᠮ ᠡᠮᠨᠡᠯᠭᠡ ᠪᠠ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠡᠯᠪᠡᠭ ᠬᠤᠷᠠᠭᠰᠠᠨ ᠬᠦᠷᠢᠶᠡᠨ ᠳᠠᠬᠢ ᠢᠯᠵᠠᠷᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠠᠶᠤᠯ ᠲᠦᠭᠰᠢᠭᠦᠷᠢ ᠶᠢᠨ ᠲᠠᠯᠳᠠ ᠭᠡᠮ ᠢ ᠴᠡᠪᠡᠷᠯᠡᠨ᠎ᠡ᠃ ᠡᠳ᠋ ᠤᠨ ᠵᠠᠰᠠᠭ ᠤᠨ ᠬᠠᠮᠢᠶᠠᠷᠤᠯᠲᠠ ᠶᠢ ᠨᠠᠷᠢᠯᠢᠬᠵᠢᠭᠤᠯᠬᠤ᠂ ᠵᠢᠷᠤᠮᠵᠢᠭᠤᠯᠬᠤ ᠶᠢ ᠲᠦᠯᠬᠢᠨ ᠠᠬᠢᠭᠤᠯᠵᠤ᠂ ᠰᠢᠯᠵᠢᠭᠦᠯᠦᠨ ᠥᠭᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠴᠢᠩᠳᠠᠯᠠᠨ᠂ ᠬᠢᠨᠠᠯᠲᠠ ᠪᠠᠶᠢᠴᠠᠭᠠᠯᠲᠠ ᠶᠢ ᠤᠯᠠᠨ ᠲᠠᠯ᠎ᠠ ᠠᠴᠠ ᠥᠷᠨᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠢᠨ ᠠᠷᠪᠢᠯᠠᠨ ᠭᠠᠮᠨᠠᠵᠤ ᠠᠮᠢᠳᠤᠷᠠᠬᠤ ᠳᠤ ᠳᠠᠳᠴᠤ᠂ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠣᠭᠤᠰ ᠢᠶᠠᠨ ᠦᠨᠡᠨ ᠬᠦ ᠵᠠᠩᠭᠢᠯᠠᠭ᠎ᠠ ᠶᠢᠨ ᠭᠠᠵᠠᠷ ᠲᠤ ᠵᠠᠷᠤᠴᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠬᠢᠨᠠᠨ ᠪᠤᠳᠤᠬᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠪᠠ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠡᠯ᠎ᠡ ᠲᠦᠷᠦᠯ ᠤᠨ ᠬᠢᠨᠠᠯᠲᠠ ᠶᠢᠨ ᠨᠡᠪᠳᠡᠷᠡᠨ ᠵᠣᠬᠢᠴᠠᠬᠤ ᠶᠢ ᠠᠬᠢᠭᠤᠯᠤᠨ᠎ᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾᠎ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠦᠷᠭᠦᠯᠵᠢᠯᠡᠨ ᠴᠡᠭᠴᠡᠯᠡᠨ ᠵᠠᠰᠠᠵᠤ ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠦᠬᠦ ᠲᠠᠯ᠎ᠠ ᠪᠠᠷ ᠪᠠᠬᠢᠵᠢᠭᠦᠯᠤᠨ᠎ᠡ᠃    ᠲᠥᠯᠥᠭᠡᠯᠡᠭᠴᠢᠳ ᠡ︕ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ᠂ ᠭᠠᠭᠴᠠᠬᠦ ᠪᠣᠳᠠᠲᠠᠢ ᠠᠵᠢᠯᠯᠠᠪᠠᠯ ᠰᠠᠶ᠋ᠢ ᠬᠦᠰᠡᠯ ᠵᠡᠭᠦᠳᠦ ᠪᠠᠨ ᠲᠡᠷᠭᠡᠯᠰᠢᠭᠦᠯᠵᠦ ᠴᠢᠳᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ ᠬᠤᠳᠠ ᠶᠢᠨ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠲᠡᠰᠪᠦᠷᠢ ᠬᠠᠲᠠᠭᠤᠵᠢᠯᠲᠠᠢ ᠠᠵᠢᠯᠯᠠᠵᠤ᠂ ᠴᠤᠴᠠᠯᠲᠠ ᠦᠭᠡᠢ ᠤᠷᠤᠭᠰᠢᠯᠠᠬᠤ︾ ︽ᠮᠣᠩᠭᠤᠯ ᠮᠤᠷᠢᠨ ᠤ ᠵᠣᠷᠢᠭ ᠰᠠᠨᠠᠭ᠎ᠠ︾ ᠪᠠ ︽ᠲᠡᠰᠪᠦᠷᠢ ᠬᠠᠲᠠᠭᠤᠵᠢᠯᠲᠠᠢ ᠲᠡᠮᠡᠴᠡᠬᠦ᠂ ᠭᠤᠶᠠᠴᠢ ᠦᠭᠡᠢ ᠵᠢᠳᠬᠦᠬᠦ᠂ ᠴᠥᠬᠦᠷᠡᠰᠢ ᠦᠭᠡᠢ ᠴᠢᠷᠮᠠᠶᠢᠬᠤ᠂ ᠤᠷᠳᠤ ᠬᠤᠭᠤᠴᠠᠭ᠎ᠠ ᠪᠠᠷ ᠭᠠᠪᠢᠶ᠎ᠠ ᠪᠠᠶᠢᠭᠤᠯᠬᠤ︾ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾᠎ ᠶᠢ ᠶᠡᠬᠡᠪᠡᠷ ᠪᠠᠳᠠᠷᠠᠭᠤᠯᠵᠤ᠂ ᠨᠡᠩ ᠶᠡᠭᠡ ᠡᠷᠴᠢᠮ ᠪᠣᠯᠤᠨ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠵᠢᠷᠤᠭ ᠢ ᠪᠢᠴᠢᠭᠯᠡᠬᠦ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ︕       
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号