2024 ᠣᠨ ᠤ 1 ᠰᠠᠷ᠎ᠠ ᠶᠢᠨ 23 ᠤ ᠡᠳᠦᠷ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠡᠭᠡᠷ᠎ᠡ | ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ | ᠼᠦᠢ ᠬᠤᠩ ᠪᠥᠸᠧ | | | | ᠲᠥᠯᠥᠭᠡᠯᠡᠭᠴᠢᠳ ᠡ᠄ | ᠤᠳᠤ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ | ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | 2023 ᠤᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠭᠤᠷᠪᠠᠨ ᠵᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠡᠰᠡᠭ ᠰᠢᠯᠵᠢᠭᠰᠡᠨ ᠤ ᠳᠠᠷᠠᠭᠠᠬᠢ ᠠᠵᠤ ᠠᠬᠤᠢ ᠶᠢᠨ | ᠰᠡᠷᠭᠦᠯᠲᠡ ᠬᠥᠭᠵᠢᠯᠲᠡ ᠶᠢᠨ ᠨᠢᠭᠡ ᠵᠢᠯ ᠮᠥᠨ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ | ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ᠂ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠳᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ | ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ | ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠦᠢᠯᠡᠰ ᠰᠢᠨ᠎ᠡ ᠠᠬᠢᠴᠠ ᠰᠢᠨ᠎ᠡ ᠦᠷ᠎ᠡ | ᠪᠦᠲᠦᠮᠵᠢ ᠤᠯᠪᠠ᠃ ᠪᠥᠬᠦ ᠵᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 45.3% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ | ᠠᠳᠠᠯᠢ ᠬᠤᠭᠤᠴᠠᠭᠠᠨ ᠤ ᠬᠢ ᠠᠴᠠ 0.3% ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 3. | 9%᠂ 6% ᠪᠠᠷ ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠬᠤ ᠶᠢ ᠢᠯᠡᠷᠡᠭᠦᠯᠵᠡᠢ᠃ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠣᠷᠣᠨ ᠪᠦᠰᠡ ᠶᠢᠨ ᠠᠭᠠᠷ ᠤᠨ ᠶᠠᠰᠤ ᠴᠢᠨᠠᠷ | ᠦᠷᠭᠦᠯᠵᠢᠯᠡᠨ ᠰᠠᠶᠢᠵᠢᠷᠠᠵᠤ᠂ ᠪᠦᠬᠦ ᠵᠢᠯ ᠤᠨ ᠠᠭᠠᠷ ᠤᠨ ᠰᠠᠶᠢᠨ ᠰᠠᠶᠢᠬᠠᠨ ᠡᠳᠦᠷ ᠤᠨ ᠲᠤᠭ᠎ᠠ 279 ᠡᠳᠦᠷ | ᠪᠣᠯᠪᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠶ ᠪᠡᠶᠡᠯᠡᠭᠦᠯᠵᠦ᠂ ᠣᠯᠠᠨ ᠲᠦᠮᠡᠨ ᠤ ᠵᠠᠬᠢᠳᠠᠯ | ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ 51 ᠬᠤᠪᠢ ᠰᠢᠢᠤᠡᠪᠤᠷᠢᠯᠡᠪᠡ᠃ ᠣᠳᠣ ᠦᠶ᠎ᠡ ᠶᠢᠨ | ᠡᠨᠧᠷᠭᠢ ᠶᠢᠨ ᠰᠢᠰᠲ᠋ᠧᠮ ᠢ ᠯᠠᠪᠳᠠᠭᠤᠨ ᠪᠠᠲᠤ ᠲᠠᠢ ᠠᠬᠢᠭᠤᠯᠪᠠ᠃ ᠠᠭᠤᠷᠬᠠᠶ ᠶᠢᠨ ᠦᠢᠯᠡᠰ ᠤᠨ ᠡᠷᠬᠡ ᠶᠢ ᠡᠮᠬᠢᠯᠡᠨ | ᠨᠡᠶᠢᠯᠡᠭᠦᠯᠬᠦ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠨᠡᠭᠦᠷᠡᠰᠦᠨ ᠠᠭᠤᠷᠬᠠᠶ ᠶᠢ ᠡᠮᠬᠢᠯᠡᠨ ᠨᠡᠶᠢᠯᠡᠭᠦᠯᠬᠦ ᠠᠵᠢᠯ ᠢ | ᠡᠮᠬᠢ ᠵᠢᠷᠤᠮ ᠲᠠᠢ ᠥᠷᠨᠢᠭᠦᠯᠵᠦ᠂ ᠨᠡᠭᠦᠷᠡᠰᠦᠨ ᠠᠭᠤᠷᠬᠠᠶ ᠶᠢᠨ ᠪᠤᠰᠤ 5 ᠠᠭᠤᠷᠬᠠᠶ ᠶᠢ ᠦᠨᠳᠦᠰᠦᠨ ᠳᠡᠭᠡᠨ | ᠡᠮᠬᠢᠯᠡᠨ ᠨᠡᠶᠢᠯᠡᠭᠦᠯᠵᠦ ᠪᠡᠶᠡᠯᠡᠭᠦᠯᠪᠡ︔ ᠰᠢᠨ᠎ᠡ ᠡᠨᠧᠷᠭᠢ ᠪᠠᠷ ᠭᠤᠣᠯ ᠨᠡᠮᠡᠭᠳᠡᠯ ᠤᠨ ᠬᠡᠮᠵᠢᠶ᠎ᠡ ᠪᠣᠯᠭᠠᠵᠤ᠂ ᠴᠢᠩ | ᠲᠤᠤ᠂ ᠷᠦᠩ ᠵᠢᠶᠧ ᠵᠡᠷᠭᠡ ᠨᠢᠭᠡ ᠪᠦᠯᠦᠭ ᠰᠢᠨ᠎ᠡ ᠡᠨᠧᠷᠭᠢ ᠶᠢᠨ ᠠᠵᠤ ᠦᠢᠯᠡᠰ ᠤᠨ ᠭᠡᠷ᠎ᠡ ᠲᠣᠭᠲᠠᠬᠤ ᠶᠢ | ᠨᠠᠶᠢᠳᠠᠪᠤᠷᠢᠵᠢᠭᠤᠯᠪᠠ᠃ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠢ | ᠦᠷᠭᠦᠯᠵᠢᠯᠡᠨ ᠲᠡᠭᠦᠯᠳᠡᠷᠵᠢᠭᠦᠯᠪᠡ᠃ ᠲᠠᠷᠢᠶᠠᠯᠠᠩ ᠤᠨ ᠲᠥᠷᠥᠯ ᠵᠦᠢᠯ 4 ᠪᠠᠶᠢᠵᠤ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠠᠷᠢᠮᠠᠯ ᠤᠨ ᠶᠡᠷᠦᠩᠬᠡᠶ ᠳᠠᠷᠢᠬᠤ | ᠲᠠᠯᠠᠪᠠᠶ ᠶᠢ 1.44 ᠲᠦᠮᠡᠨ ᠮᠥ ᠳᠤ ᠬᠦᠷᠦᠭᠦᠯᠵᠦ᠂ ᠢᠳᠡᠰᠢᠨ ᠨᠣᠭᠤᠭ᠎ᠠ᠂ ᠦᠵᠦᠮ ᠳᠠᠷᠢᠬᠤ ᠲᠠᠯᠠᠪᠠᠶ ᠶᠢ ᠲᠣᠰ | ᠲᠣᠰ 6300 ᠮᠥ ᠪᠠ 11000 ᠮᠥ ᠳᠤ ᠬᠦᠷᠦᠭᠦᠯᠵᠦ᠂ ᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ | ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ | ᠢᠳᠡᠪᠬᠢᠲᠡᠢ ᠦᠷ᠎ᠡ ᠪᠦᠲᠦᠮᠵᠢ ᠣᠯᠪᠠ᠃ ᠭᠠᠳᠠᠭᠠᠳᠤ ᠪᠡᠯᠡ ᠶᠢ ᠣᠷᠣᠭᠤᠯᠤᠨ ᠠᠪᠴᠢᠷᠠᠭᠰᠠᠨ ᠶᠠᠪᠤᠳᠠᠯ ᠨᠢ ︽ᠲᠡᠭ︾ | ᠢ ᠠᠮᠵᠢᠯᠲᠠ ᠲᠠᠢ ᠳᠠᠪᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠤᠭ᠎ᠠ | 1104 ᠲᠦᠮᠡᠨ ᠲᠥᠭᠦᠷᠢᠭ ᠢ ᠪᠡᠶᠡᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 | ᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠷᠰᠢᠯᠲᠠ ᠶᠢᠨ | ᠰᠢᠶᠠᠨ ᠢᠶᠠᠷ ᠦᠨᠡᠯᠡᠭᠳᠡᠪᠡ᠃ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠲᠣᠭᠲᠠᠭᠤᠨ ᠪᠠᠶᠢᠵᠤ᠃ ᠠᠮᠤᠷ | ᠲᠦᠪᠰᠢᠨ ᠤ ᠬᠡᠮ ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ ᠰᠢᠨ᠎ᠡ ᠪᠠᠷ ᠬᠥᠭᠵᠢᠭᠰᠡᠨ ᠬᠤᠳᠠᠯᠳᠤᠭᠠᠨ ᠤ ᠬᠤᠲᠠ ᠶᠢᠨ ᠬᠦᠨᠳᠦ ᠶᠡᠭᠡ ᠭᠠᠯ ᠤᠨ | ᠭᠠᠮᠰᠢᠭ ᠤᠨ ᠳᠠᠯᠳᠠ ᠬᠡᠮ ᠳᠤ ᠫᠠᠶᠢᠰᠠ ᠠᠪᠴᠤ ᠪᠣᠷᠣᠯᠠᠭᠤᠯᠤᠭᠰᠠᠨ ᠬᠡᠷᠡᠭ ᠢ ᠪᠡᠶᠡᠯᠡᠭᠦᠯᠵᠦ᠂ ᠠᠶᠤᠯᠭᠦᠢ | ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠪᠠ᠃ ᠨᠠᠮ ᠤᠨ ᠦᠨᠳᠦᠰᠦᠲᠡᠨ ᠤ | ᠲᠤᠬᠠᠢ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠃ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠢ ᠦᠷᠭᠦᠯᠵᠢᠯᠡᠨ ᠳᠡᠯᠭᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠶᠢᠰᠦᠳᠦᠭᠡᠷ ᠪᠦᠯᠦᠭ ᠤᠨ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠪᠣᠯᠭᠠᠨ | ᠠᠮᠵᠢᠯᠲᠠ ᠲᠠᠢ ᠡᠭᠦᠳᠦᠨ ᠪᠠᠶᠢᠭᠤᠯᠪᠠ᠃ | ᠨᠢᠭᠡ ᠵᠢᠯ ᠤᠨ ᠲᠤᠷᠰᠢ᠂ ᠪᠢᠳᠡ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠪᠦᠲᠦᠴᠡ ᠪᠠᠨ ᠲᠣᠬᠢᠷᠠᠭᠤᠯᠵᠤ᠂ | ᠠᠵᠤ ᠠᠬᠤᠢ ᠶᠢᠨ ᠬᠥᠭᠵᠢᠯᠲᠡ ᠨᠢ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠪᠡ᠃ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ᠂ | ᠠᠵᠤ ᠦᠢᠯᠡᠰ ᠤᠨ ᠬᠥᠭᠵᠢᠯᠲᠡ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠤᠡᠬᠠᠪᠠ᠃ ︽ᠲᠡᠷᠢᠭᠦᠨ ᠳᠤ ᠣᠷᠣᠬᠤ ᠪᠠᠷ ᠴᠢᠷᠮᠠᠶᠢᠬᠤ᠂ ᠮᠣᠷᠢ | ᠤᠷᠤᠯᠳᠤᠵᠦ ᠠᠳᠠᠯᠢᠳᠬᠠᠬᠤ︾ ᠡᠷᠴᠢ ᠵᠣᠷᠢᠭ ᠢ ᠬᠥᠪᠴᠢᠯᠡᠵᠦ᠂ ᠶᠡᠷᠦᠩᠬᠡᠶ ᠪᠡᠯᠡ ᠣᠷᠣᠭᠤᠯᠤᠯᠲᠠ ᠶᠢᠨ 448.4 | ᠳ᠋ᠦᠩᠰᠢᠭᠤᠷ ᠲᠥᠭᠦᠷᠢᠭ ᠤᠨ 61 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠶᠢᠯᠡᠨ ᠠᠵᠢᠯ | ᠡᠬᠢᠯᠡᠭᠦᠯᠵᠦ ᠰᠡᠷᠭᠦᠭᠡᠭᠰᠡᠨ ᠨᠣᠷᠮ᠎ᠠ 100% ᠳᠤ ᠬᠦᠷᠪᠡ᠃ ᠠᠵᠤ ᠦᠢᠯᠡᠳᠪᠦᠷᠢ ᠶᠢᠨ ᠠᠵᠤ ᠦᠢᠯᠡᠰ ᠤᠨ | ᠪᠦᠲᠦᠴᠡ ᠴᠣ᠋ ᠰᠢᠨ᠎ᠡ ᠰᠢᠯᠢᠳᠡᠭᠵᠢᠪᠡ᠃ ᠬᠡᠤᠷᠰᠢᠭᠦᠯᠬᠦ ᠠᠵᠢᠯ ᠲᠥᠷᠥᠯ ᠤᠨ ᠬᠤᠴᠣᠷᠤᠩᠭᠤᠶ ᠦᠢᠯᠡᠳᠪᠦᠷᠢᠯᠡᠬᠦ | ᠴᠢᠳᠠᠪᠤᠷᠢ ᠶᠢ ᠲᠦᠷᠭᠡᠳᠬᠡᠨ ᠰᠢᠭᠰᠢᠭᠳᠡᠭᠦᠯᠵᠦ᠂ 2 ᠰᠠᠭᠤᠷᠢ 4.3 ᠮᠧᠲᠷ ᠤᠨ ᠬᠡᠤᠷᠰᠢᠭᠦᠯᠬᠦ ᠵᠤᠤᠬ᠎ᠠ ᠶᠢ ᠬᠠᠭᠠᠵᠤ | ᠵᠣᠭᠰᠣᠭᠠᠨ ᠪᠤᠴᠠᠭᠠᠨ ᠭᠠᠷᠭᠠᠵᠤ᠂ ᠵᠢᠶᠦ᠋ᠨ ᠫᠢᠩ 300 ᠲᠦᠮᠡᠨ ᠲᠣᠨ ᠬᠡᠤᠷᠰᠢᠭᠦᠯᠬᠦ ᠡᠮᠬᠢᠯᠡᠨ ᠨᠡᠶᠢᠯᠡᠭᠦᠯᠬᠦ | ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠪᠠ︔ ᠨᠡᠭᠦᠷᠡᠰᠦ ᠮᠠᠯᠲᠠᠬᠤ ᠤᠬᠢᠶᠠᠨ ᠰᠣᠩᠭᠤᠬᠤ᠂ ᠬᠠᠳᠠᠭᠠᠯᠠᠵᠤ | ᠳᠣᠭᠢᠷᠠᠭᠤᠯᠬᠤ ᠲᠡᠭᠡᠭᠡᠪᠦᠷᠢ ᠶᠢᠨ ᠪᠥᠬᠦ ᠶᠠᠪᠤᠴᠠ ᠶᠢ ᠨᠢᠭᠡ ᠴᠤᠭᠴᠠᠵᠢᠭᠤᠯᠬᠤ ᠶᠢ ᠲᠦᠷᠭᠡᠳᠬᠡᠨ ᠪᠡᠶᠡᠯᠡᠭᠦᠯᠵᠦ᠂ ᠶᠢᠨ | ᠷᠦᠩ ᠪᠠᠢ ᠴᠤᠸᠠᠨ ᠤ ᠮᠢᠩᠭᠠᠨ ᠲᠦᠮᠡᠨ ᠲᠣᠨ ᠤ ᠲᠠᠰ ᠤᠨ ᠨᠡᠭᠦᠷᠡᠰᠦᠨ ᠤ ᠪᠣᠬᠢᠷᠲᠤᠯ ᠥᠬᠡᠶ ᠲᠤᠤᠷ᠎ᠠ | ᠨᠡᠭᠦᠷᠡᠰᠦᠲᠥ᠋ᠷᠥᠭᠴᠢᠲᠤ ᠡᠳ᠋ᠰᠢᠭᠦᠯᠬᠦ ᠠᠷᠠᠯᠵᠢᠶᠠᠨ ᠤ ᠠᠵᠤ ᠦᠢᠯᠡᠰ ᠤᠨ ᠬᠦᠷᠢᠶᠡᠯᠡᠩ ᠢ ᠠᠵᠢᠯ ᠡᠬᠢᠯᠡᠭᠦᠯᠦᠨ | ᠪᠥᠲᠥᠭᠡᠨ ᠪᠠᠶᠢᠭᠤᠯᠵᠤ᠂ ᠺᠠᠪᠦ᠋ᠴᠢ᠂ ᠮᠦᠸᠧ ᠡᠯ ᠭᠸᠤ᠂ ᠭᠤᠸᠠᠩ ᠨᠠ ᠵᠡᠷᠭᠡ 3 ᠠᠵᠤ ᠦᠢᠯᠡᠰ ᠤᠨ | ᠬᠦᠷᠢᠶᠡᠯᠡᠩ ᠢ ᠡᠮᠬᠢ ᠵᠢᠷᠤᠮ ᠲᠠᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠭᠤᠷᠪᠠᠨ ᠬᠡᠮᠵᠢᠯᠳᠦ BDO ᠨᠢᠭᠡ | ᠴᠤᠬᠴᠠᠵᠢᠭᠤᠯᠤᠬᠰᠠᠨ ᠨᠢᠭᠡᠳᠦᠭᠡᠷ ᠬᠤᠭᠤᠴᠠᠭᠠᠨ ᠤ ᠲᠦᠷᠦᠯ ᠵᠦᠢᠯ᠂ ᠤᠯᠤᠰ ᠤᠨ ᠡᠨᠧᠷᠭᠢ ᠶᠢᠨ ᠯᠦᠩ ᠶᠤᠸᠠᠨ ᠤ | ᠢᠳᠡᠪᠬᠢ ᠠᠯᠳᠠᠭᠴᠢ ᠨᠢᠳ᠋ᠷᠤ ᠥᠬᠡᠶᠢᠳᠡᠭᠦᠯᠬᠦ ᠲᠦᠷᠭᠡᠳᠬᠡᠭᠦᠷ ᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠢ | ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠵᠤ᠂ ᠱᠠᠨᠰᠢ ᠶᠢᠨ ᠮᠠᠰᠢᠨ ᠲᠡᠷᠭᠡᠨ ᠤ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠪᠥᠭᠡᠮ ᠢᠶᠠᠷ ᠦᠢᠯᠡᠳᠪᠦᠷᠢᠯᠡᠬᠦ ᠪᠤᠯᠵᠤ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ | ᠴᠠᠬᠢᠯᠭᠠᠨ ᠴᠡᠨᠡᠭᠯᠡᠬᠦ ᠦᠷᠳᠡᠭᠡ ᠶᠢ 10 ᠪᠠᠷᠢᠯᠭ᠎ᠠ ᠡᠬᠢᠯᠡᠭᠦᠯᠦᠨ ᠪᠦᠳᠦᠭᠡᠨ ᠪᠠᠶᠢᠭᠤᠯᠵᠤ᠂ ᠬᠥᠰᠢᠭᠦᠷᠭᠡ ᠶᠢᠨ | ᠤᠰᠤᠲᠥ᠋ᠷᠥᠭᠴᠢ ᠨᠡᠮᠡᠬᠦ ᠦᠷᠳᠡᠭᠡ ᠶᠢ ᠲᠤᠷᠰᠢᠨ ᠡᠵᠡᠩᠨᠡᠵᠦ᠂ ᠳ᠋ᠦᠩ ᠹᠠᠩ ᠭᠡᠷᠡᠯ ᠴᠡᠨᠡᠭ ᠤᠨ ᠪᠦᠬᠦ ᠠᠵᠤ | ᠦᠢᠯᠡᠰ ᠤᠨ ᠬᠡᠯᠬᠢᠶ᠎ᠡ᠂ ᠴᠢᠩ ᠲᠤᠤ ᠬᠠᠲᠠᠭᠤ ᠯᠢᠲ᠋ᠢ ᠶᠢᠨ ᠯᠢᠲ᠋ᠢ ᠳ᠋ᠢᠶᠠᠨ ᡂᠢ᠂ ᠷᠦᠩ ᠵᠢᠶᠧ ᠯᠢᠲ᠋ᠢ ᠶᠢᠨ ᠢᠶᠣᠨ | ᠳ᠋ᠢᠶᠠᠨ ᡂᠢ ᠵᠢᠴᠢ ᠪᠢᠯᠢᠭ ᠲᠦᠢᠯ ᠤᠨ ᠮᠠᠲ᠋ᠧᠷᠢᠶᠠᠯ ᠵᠡᠷᠭᠡ ᠲᠦᠷᠦᠯ ᠵᠦᠢᠯ ᠢ ᠡᠮᠬᠢ ᠵᠢᠷᠤᠮ ᠲᠠᠢ ᠠᠬᠢᠭᠤᠯᠵᠤ᠂ | ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ ᠨᠢᠭᠡᠳᠦᠭᠡᠷ ᠬᠤᠭᠤᠴᠠᠭ᠎ᠠ ᠶᠢ ᠲᠣᠭᠲᠠᠭᠤᠨ ᠢᠶᠠᠷ | ᠬᠡᠷᠡᠭᠵᠢᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠶᠢ ᠬᠦᠰᠡᠪᠡ᠃ | ᠬᠦᠷᠢᠶᠡᠯᠡᠩ ᠲᠣᠭᠤᠷᠢᠭ ᠤᠨ ︽ᠰᠢᠨ᠎ᠡ ᠶᠢ ᠡᠭᠦᠳᠴᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ︾ ᠠᠵᠢᠯᠯᠠᠭ᠎ᠠ ᠶᠢ | ᠬᠡᠷᠡᠭᠵᠢᠭᠦᠯᠵᠦ᠂ ᠨᠣᠭᠤᠭᠠᠷᠠᠭᠤᠯᠤᠯᠲᠠ ᠶᠢᠨ ᠲᠠᠯᠠᠪᠠᠶ ᠶᠢ 3.6 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ | ᠨᠡᠮᠡᠭᠳᠡᠭᠦᠯᠦᠨ᠂ 82 ᠾᠧᠺᠲ᠋ᠠᠷ ᠰᠤᠯᠠ ᠪᠠᠶᠢᠭ᠎ᠠ ᠭᠠᠵᠠᠷ ᠰᠢᠷᠣᠶ ᠶᠢ ᠬᠤᠷᠢᠶᠠᠨ ᠠᠪᠴᠤ᠂ 98 ᠾᠧᠺᠲ᠋ᠠᠷ ᠭᠠᠵᠠᠷ | ᠰᠢᠷᠣᠶ ᠶᠢ ᠠᠮᠢᠳᠤᠯᠢᠭ ᠪᠣᠯᠭᠠᠵᠤ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠪᠦᠲᠦᠮᠵᠢᠲᠡᠶ ᠳᠡᠭᠡᠭᠰᠢᠯᠡᠭᠦᠯᠪᠡ᠃ | ᠦᠢᠯᠡᠴᠢᠯᠡᠭᠡᠨ ᠤ ᠦᠢᠯᠡᠰ ᠤᠨ ᠰᠠᠴᠤᠷᠠᠭ ᠤᠨ ᠴᠢᠳᠠᠪᠤᠷᠢ ᠢᠯᠡᠷᠬᠡᠢ ᠴᠢᠩᠬᠠᠷᠠᠪᠠ᠃ ᠶᠡᠷᠦᠩᠬᠡᠢ ᠪᠡᠯᠡ | ᠣᠷᠣᠭᠤᠯᠤᠯᠲᠠ 1.9 ᠳ᠋ᠦᠩᠰᠢᠭᠤᠷ ᠲᠥᠭᠦᠷᠢᠭ ᠲᠤ ᠬᠦᠷᠦᠭᠰᠡᠨ ᠬᠤᠸᠠ ᠸᠧᠢ ᠮᠠᠰᠢᠨ ᠲᠡᠷᠭᠡᠨ ᠤ ᠲᠤᠰᠢᠶᠠᠬᠤ | ᠲᠥᠪ ᠵᠡᠷᠭᠡ 7 ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠵᠢᠶᠠᠨ ᠯᠦᠩ ᠲᠦᠷᠭᠡᠨ ᠪᠥᠭᠡᠳ | ᠤᠶᠤᠨᠲᠤ ᠪᠣᠳᠠᠰ ᠤᠨ ᠬᠤᠯᠪᠣᠭ᠎ᠠ ᠶᠢᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠠᠪᠴᠠᠩ ᠤᠨ ᠲᠦᠷᠦᠯ | ᠵᠦᠢᠯ ᠢ ᠨᠠᠶᠢᠳᠠᠪᠤᠷᠢᠵᠢᠭᠤᠯᠵᠤ᠂ ᠬᠤᠭᠤᠰᠣᠨ ᠲᠦᠷᠦᠯ ᠲᠡᠮᠳᠡᠭ ᠢ 40 ᠰᠢᠨ᠎ᠡ ᠪᠠᠷ ᠨᠡᠮᠡᠭᠳᠡᠭᠦᠯᠪᠡ︔ | ᠦᠵᠡᠰᠬᠦᠯᠡᠩ ᠢ ᠡᠷᠬᠢᠯᠡᠵᠦ᠂ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 20 ᠭᠠᠷᠤᠢ ᠤᠳᠠᠭ᠎ᠠ ᠡᠷᠬᠢᠯᠡᠵᠦ᠂ | ᠬᠡᠷᠡᠭᠯᠡᠭᠡ ᠶᠢ 14 ᠳ᠋ᠦᠩᠰᠢᠭᠤᠷ ᠲᠥᠭᠦᠷᠢᠭ ᠳᠠᠶᠢᠴᠢᠯᠠᠪᠠ︔ ᠨᠢᠭᠡ ᠮᠦᠴᠡᠳᠤ ᠨᠡᠶᠢᠭᠡᠮ ᠲᠣᠭᠤᠷᠢᠭ ᠤᠨ | ᠠᠮᠢᠳᠤᠷᠠᠯ ᠤᠨ ᠬᠦᠷᠢᠶᠡᠨ ᠤ ᠲᠤᠷᠰᠢᠯᠲᠠ ᠶᠢᠨ ᠴᠡᠭ ᠢ 5 ᠰᠢᠨ᠎ᠡ ᠪᠠᠷ ᠨᠡᠮᠡᠭᠳᠡᠭᠦᠯᠪᠡ︔ ︽ᠫᠣᠷᠲ᠋ᠦ᠋ᠭᠠᠯ ᠤᠨ | ᠨᠣᠭᠤᠭᠠᠨ ᠵᠠᠮ︾ ᠤᠨ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠴᠡᠭᠡᠯ ᠠᠭᠤᠯᠠ | ᠪᠠᠯᠭᠠᠰᠤᠨ ᠤ ᠲᠤᠸᠠᠨ ᠵᠢᠶᠧ ᠰᠢᠨ᠎ᠡ ᠲᠣᠰᠬᠤᠨ ᠵᠢᠴᠢ ᠶᠦᠨ ᠹᠸᠢ ᠡᠯᠡᠰᠦᠨ ᠴᠦᠯ ᠤᠨ ᠦᠵᠦᠮ ᠤᠨ ᠠᠷᠢᠬᠢᠨ | ᠡᠳ᠋ᠯᠡᠩ ᠲᠣᠰ ᠲᠣᠰ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ | ᠲᠣᠰᠬᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠨᠢᠭᠡᠴᠡ ᠪᠠᠷ ᠦᠨᠡᠯᠡᠭᠳᠡᠪᠡ᠃ ᠪᠥᠬᠦ ᠲᠤᠭᠤᠷᠢᠭ ᠳᠤ ᠵᠤᠭᠠᠴᠠᠭᠰᠠᠳ ᠢ ᠨᠡᠶᠢᠲᠡ 346 ᠲᠦᠮᠡᠨ ᠬᠥᠮᠦᠨ ᠤᠳᠠᠭ᠎ᠠ | ᠭᠥᠯᠢᠶᠡᠨ ᠠᠪᠴᠤ᠂ ᠪᠥᠬᠦ ᠵᠢᠯ ᠤᠨ ᠵᠤᠭᠠᠴᠠᠯ ᠤᠨ ᠣᠷᠣᠯᠭ᠎ᠠ 19.29 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 92.24% ᠪᠠᠷ ᠨᠡᠮᠡᠭᠳᠡᠪᠡ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠦᠲᠦᠮᠵᠢᠲᠡᠢ ᠵᠣᠯᠭᠠᠭᠤᠯᠤᠨ᠎ᠠ᠃ | ᠪᠥᠬᠦ ᠬᠤᠲᠠ ᠶᠢᠨ ᠠᠩᠬᠠᠳᠠᠭᠴᠢ ᠮᠧᠬᠠᠨᠢᠭᠵᠢᠯᠲᠠ᠂ ᠪᠠᠷᠢᠮᠵᠢᠶᠠᠵᠢᠯᠲᠠ᠂ ᠲᠣᠭᠠᠴᠢᠯᠠᠭᠰᠠᠨ ᠳᠡᠭᠡᠳᠦ ᠲᠠᠰ ᠤᠨ | ᠰᠣᠳᠣᠨ ᠲᠠᠷᠢᠶᠠᠯᠠᠩ ᠤᠨ ᠵᠢᠱᠢᠶ᠎ᠡ ᠦᠵᠡᠭᠦᠯᠬᠦ ᠲᠥᠷᠥᠯ ᠵᠦᠢᠯ ᠪᠣᠯᠬᠤ ᠠᠮᠧᠷᠢᠺᠠ ᠶᠢᠨ ᠪᠥᠸᠧ ᠯᠢ ᠲᠠᠷᠢᠶᠠᠯᠠᠩ ᠤᠨ | ᠲᠠᠯᠠᠪᠠᠶ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠠᠵᠤ ᠦᠢᠯᠡᠳᠪᠦᠷᠢᠵᠢᠯᠲᠡ᠂ | ᠤᠶᠤᠨᠴᠢᠯᠠᠭᠰᠠᠨ ᠣᠲᠣ ᠦᠶ᠎ᠡ ᠶᠢᠨ ᠲᠠᠷᠢᠶᠠᠯᠠᠩ ᠤᠨ ᠰᠡᠳᠦᠪ ᠢ ᠡᠪᠳᠡᠨ ᠡᠬᠢᠯᠡᠭᠦᠯᠪᠡ︔ ᠪᠡᠯᠡᠳᠭᠡᠮᠵᠢᠳᠤ ᠦᠵᠦᠮ | ᠳᠠᠷᠢᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠦᠬᠠᠶ ᠶᠢᠨ | ᠦᠵᠦᠮ︾ ᠤᠨ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ ᠹᠢᠯᠢᠮ ᠢ ᠲᠥᠪ ᠲᠧᠯᠸᠢᠰ ᠪᠣᠯᠭᠠᠵᠤ᠂ ᠲᠤᠸᠠᠨ ᠵᠢᠶᠧ | ᠰᠢᠨ᠎ᠡ ᠲᠣᠰᠬᠤᠨ᠂ ᠰᠢᠨ ᠹᠧᠩ ᠲᠣᠰᠬᠤᠨ᠂ ᠸᠠᠩ ᠶᠤᠸᠠᠨ ᠳ᠋ᠢ ᠲᠣᠰᠬᠤᠨ ᠤ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠵᠢᠱᠢᠶ᠎ᠡ ᠦᠵᠡᠭᠦᠯᠬᠦ ᠲᠣᠭᠤᠷᠢᠭ ᠠᠩᠬ᠎ᠠ ᠠᠯᠬᠤᠮ ᠬᠡᠪᠴᠢᠶᠡᠵᠢᠵᠦ᠂ ᠪᠥᠬᠦ ᠲᠤᠭᠤᠷᠢᠭ ᠤᠨ 44 | ᠲᠣᠰᠬᠤᠨ ᠤ ᠬᠠᠮᠲᠤ ᠶᠢᠨ ᠠᠵᠤ ᠠᠬᠤᠶ ᠶᠢᠨ ᠵᠢᠯ ᠤᠨ ᠣᠷᠣᠯᠭ᠎ᠠ ᠵᠠᠭᠤᠨ ᠲᠦᠮᠡᠨ ᠲᠥᠭᠦᠷᠢᠭ ᠢ ᠳᠠᠪᠠᠪᠠ᠃ ︽ | ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠢ 25 ᠺᠢᠯᠤᠮᠧᠲᠷ ᠥᠭᠡᠷᠡᠴᠢᠯᠡᠨ ᠰᠠᠶᠢᠵᠢᠷᠠᠭᠤᠯᠵᠤ᠂ 1300 | ᠭᠠᠷᠤᠶ ᠵᠠᠮ ᠤᠨ ᠳ᠋ᠧᠩ ᠢ ᠰᠢᠨ᠎ᠡ ᠪᠠᠷ ᠨᠡᠮᠡᠭᠳᠡᠭᠦᠯᠦᠭᠰᠡᠨ ᠪᠠ ᠥᠭᠡᠷᠡᠴᠢᠯᠡᠨ ᠰᠠᠶᠢᠵᠢᠷᠠᠭᠤᠯᠵᠤ᠂ ᠲᠠᠷᠢᠶᠠᠯᠠᠬᠤ | ᠣᠷᠣᠨ ᠤ ᠵᠠᠰᠠᠭ ᠵᠠᠬᠢᠷᠭᠠᠨ ᠤ ᠲᠣᠰᠬᠤᠨ ᠤ ᠬᠠᠲᠠᠭᠤᠷᠠᠭᠤᠯᠤᠭᠰᠠᠨ ᠵᠠᠮ ᠤᠨ ᠪᠦᠷᠬᠦᠴᠡ ᠶᠢᠨ ᠨᠣᠷᠮ᠎ᠠ᠂ | ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠨᠣᠷᠮ᠎ᠠ᠂ ᠪᠣᠬᠢᠷ ᠤᠰᠤ ᠶᠢ ᠰᠢᠢᠳᠪᠦᠷᠢᠯᠡᠬᠦ | ᠪᠡᠯᠡᠳᠬᠡᠮᠵᠢ ᠶᠢᠨ ᠠᠵᠢᠯᠯᠠᠭᠠᠨ ᠤ ᠨᠣᠷᠮ᠎ᠠ ᠪᠦᠬᠦᠨ ᠢᠶᠠᠷ ᠢᠶᠠᠨ 100% ᠳᠤ ᠬᠦᠷᠴᠦ᠂ ᠲᠣᠰᠬᠤᠨ ᠤ ᠳᠦᠷᠰᠦ | ᠪᠠᠶᠢᠳᠠᠯ ᠴᠤ᠋ ᠰᠢᠨ᠎ᠡ ᠪᠣᠯᠤᠭᠰᠠᠨ ᠪᠠᠶᠢᠨ᠎ᠠ᠃ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠪᠠᠷ | ᠳᠠᠮᠵᠢᠭᠤᠯᠤᠨ ᠲᠠᠷᠢᠶᠠᠯᠠᠬᠤ ᠣᠷᠣᠨ ᠤ ᠰᠠᠭᠤᠭᠠᠯᠢ ᠠᠷᠠᠳ 200 ᠭᠠᠷᠤᠶ ᠲᠦᠮᠡᠨ ᠲᠥᠭᠦᠷᠢᠭ ᠤᠨ ᠣᠷᠣᠯᠭ᠎ᠠ | ᠣᠯᠵᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠣᠯᠠᠨ ᠲᠠᠯ᠎ᠠ ᠪᠠᠷ ᠥᠷᠭᠡᠳᠬᠡᠪᠡ᠃ | ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠣᠯᠠᠨ ᠤᠳᠠᠭ᠎ᠠ | ᠬᠡᠷ ᠲᠤᠨᠢ ᠬᠦᠷᠴᠦ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠨᠡᠶᠢᠲᠡ 41 ᠲᠥᠷᠥᠯ ᠵᠦᠢᠯ ᠤᠨ ᠭᠡᠷ᠎ᠡ | ᠲᠣᠭᠲᠠᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ 400 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 100.19% ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ | ᠭᠤᠣᠯᠳᠠᠯᠭ᠎ᠠ ᠲᠠᠢ ᠪᠠᠷ ᠵᠠᠰᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠭᠠᠷ ᠮᠠᠨᠳᠠᠯ᠂ ᠬᠥᠷᠥᠰᠥ ᠰᠢᠷᠣᠢ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ | ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠶᠠᠰᠤ ᠴᠢᠨᠠᠷ ᠢᠯᠡᠳᠲᠡ ᠰᠠᠶᠢᠵᠢᠷᠠᠪᠠ᠃ | ᠠᠭᠤᠷᠬᠠᠢ ᠶᠢᠨ ᠣᠷᠣᠨ ᠤ ᠵᠠᠰᠠᠯᠲᠠ ᠢᠯᠡᠳᠲᠡ ᠦᠷ᠎ᠡ ᠪᠦᠲᠦᠮᠵᠢ ᠤᠯᠪᠠ᠃ ᠵᠠᠳᠠᠭᠠᠢ ᠨᠡᠭᠦᠷᠡᠰᠦᠨ ᠠᠭᠤᠷᠬᠠᠢ ᠶᠢᠨ | ᠰᠢᠷᠣᠢ ᠭᠠᠳᠠᠭᠰᠢᠯᠠᠭᠤᠯᠬᠤ ᠲᠠᠯᠠᠪᠠᠢ ᠶᠢ 2250 ᠮᠦ ᠵᠠᠰᠠᠵᠤ᠂ ᠭᠠᠨᠳᠠᠷᠢ ᠭᠤᠣᠯ ᠤᠨ ᠬᠠᠶᠠᠭᠳᠠᠮᠠᠯ ᠡᠯᠡᠰᠦ | ᠮᠠᠯᠲᠠᠬᠤ ᠲᠠᠯᠠᠪᠠᠢ ᠶᠢᠨ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ 229.5 ᠮᠦ ᠵᠠᠰᠠᠵᠤ | ᠰᠡᠷᠭᠦᠭᠡᠭᠰᠡᠨ ᠪᠠ ᠬᠥᠬᠡᠬᠤᠲᠠ ᠲᠡᠮᠦᠷ ᠵᠠᠮ ᠤᠨ ᠲᠣᠪᠴᠢᠶ᠎ᠠ ᠶᠢᠨ ᠬᠠᠶᠢᠷ ᠴᠢᠯᠠᠭᠤᠨ ᠠᠭᠤᠷᠬᠠᠢ᠂ ᠬᠠᠶᠢᠯᠠᠷ ᠤᠨ | ᠬᠤᠶᠢᠲᠤ ᠵᠠᠮ ᠤᠨ ᠡᠵᠡᠭᠦᠢ ᠡᠯᠡᠰᠦᠨ ᠲᠠᠯᠠᠪᠠᠢ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠭᠠᠵᠠᠷ ᠢ ᠵᠠᠰᠠᠵᠤ᠂ | ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠠᠭᠠᠷ ᠮᠠᠨᠳᠠᠯ ᠤᠨ | ᠰᠡᠷᠭᠡᠶᠢᠯᠡᠨ ᠵᠠᠰᠠᠬᠤ ᠠᠵᠢᠯ ᠪᠣᠳᠠᠲᠠᠢ ᠦᠷ᠎ᠡ ᠠᠰᠢᠭᠲᠠᠢ᠃ 17 ᠠᠭᠠᠷ ᠮᠠᠨᠳᠠᠯ ᠤᠨ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠲᠥᠷᠥᠯ ᠵᠦᠢᠯ ᠤᠨ ᠠᠵᠢᠯ ᠳᠠᠭᠤᠰᠴᠤ᠂ 5 ᠬᠡᠤᠷᠰᠢᠭᠦᠯᠬᠦ ᠠᠵᠤ ᠠᠬᠤᠶᠢᠯᠠᠯ | ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠵᠠᠰᠠᠯᠲᠠ ᠶᠢ ᠪᠡᠶᠡᠯᠡᠭᠦᠯᠵᠦ᠂ ᠴᠡᠭᠡᠯ ᠠᠭᠤᠯᠠᠨ ᠤ ᠨᠡᠭᠦᠷᠡᠰᠦ | ᠬᠡᠤᠷᠰᠢᠭᠦᠯᠬᠦ᠂ ᠵᠢᠶᠠᠨ ᠯᠦᠩ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠸᠠᠨ ᠲᠧᠩ ᠵᠡᠷᠭᠡ | ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ | ᠦᠨᠳᠦᠰᠦᠨ ᠳᠡᠭᠡᠨ ᠪᠡᠶᠡᠯᠡᠭᠦᠯᠵᠦ᠂ 34 ᠠᠵᠤ ᠤᠶᠢᠯᠡᠤᠡᠪᠤᠷᠢ ᠶᠢᠨ ᠵᠤᠤᠬ᠎ᠠ ᠶᠢ ᠴᠥᠮ ᠭᠦᠨᠵᠡᠭᠡᠶ ᠵᠠᠰᠠᠬᠤ ᠶᠢ | ᠪᠡᠶᠡᠯᠡᠭᠦᠯᠵᠦ᠂ ᠪᠥᠬᠦ ᠲᠤᠭᠤᠷᠢᠭ ᠤᠨ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠭᠤᠨ ᠢᠶᠠᠷ | ᠳᠡᠭᠡᠭᠰᠢᠯᠡᠭᠦᠯᠪᠡ᠃ ᠤᠰᠤ ᠬᠥᠷᠥᠰᠥ ᠶᠢ ᠰᠡᠷᠭᠡᠶᠢᠯᠡᠨ ᠵᠠᠰᠠᠬᠤ ᠶᠢ ᠭᠦᠨᠵᠡᠭᠡᠶ ᠬᠡᠷᠡᠭᠵᠢᠭᠦᠯᠪᠡ᠃ ᠠᠶᠢᠮᠠᠭ ᠬᠤᠲᠠ | ᠠᠯᠤᠰᠯᠠᠭᠰᠠᠨ ᠬᠠᠲᠤᠨ ᠭᠤᠤᠯ ᠤᠨ ᠤᠰᠤᠨ ᠤ ᠡᠷᠬᠡ ᠶᠢ ᠰᠢᠯᠵᠢᠭᠦᠯᠦᠨ ᠥᠭᠬᠦ ᠭᠦᠢᠴᠡᠳᠬᠡᠬᠦ ᠲᠤᠭ᠎ᠠ ᠶᠢ 645 | ᠲᠦᠮᠡᠨ ᠪᠣᠰᠤᠭ᠎ᠠ ᠳᠥᠷᠪᠡᠯᠵᠢᠨ ᠮᠧᠲᠷ ᠢᠶᠠᠷ ᠴᠢᠷᠮᠠᠶᠢᠨ᠂ ᠤᠰᠤ ᠳᠤᠲᠠᠭᠳᠠᠵᠤ ᠪᠠᠶᠢᠭ᠎ᠠ ᠠᠰᠠᠭᠤᠳᠠᠯ ᠢ ᠨᠠᠮᠳᠠᠭᠤᠯᠪᠠ᠃ | ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ ᠪᠠ ᠭᠤᠣᠯ ᠤᠷᠤᠭᠤ ᠪᠣᠬᠢᠷᠲᠤᠯ | ᠭᠠᠳᠠᠭᠰᠢᠯᠠᠭᠤᠯᠬᠤ ᠠᠮᠠᠰᠠᠷ ᠤᠨ ︽ᠨᠢᠭᠡ ᠠᠮᠠᠰᠠᠷ ᠲᠤ ᠨᠢᠭᠡ ᠠᠷᠭ᠎ᠠ ᠪᠤᠳᠤᠯᠭ᠎ᠠ︾ ᠶᠢ ᠴᠡᠭᠴᠡᠯᠡᠨ ᠵᠠᠰᠠᠬᠤ ᠠᠵᠢᠯ ᠢ | ᠭᠦᠨᠵᠡᠭᠡᠢ ᠥᠷᠨᠢᠭᠦᠯᠵᠦ᠂ ᠭᠤᠣᠯ ᠮᠥᠷᠡᠨ ᠤ ᠳᠣᠲᠣᠷᠠᠬᠢ ᠬᠤᠭ ᠨᠣᠪᠰᠢ ᠶᠢ 830 ᠭᠠᠷᠤᠢ ᠲᠣᠨ ᠴᠡᠪᠡᠷᠯᠡᠵᠦ᠂ | ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ 59 ᠠᠮᠠ ᠶᠢ ᠪᠠᠶᠢᠴᠠᠭᠠᠨ ᠴᠡᠭᠴᠡᠯᠡᠪᠡ᠃ ᠢ ᠬᠤᠸᠠ ᠬᠠᠨ ᠯᠢᠨ | ᠹᠦ᠋ ᠵᠡᠷᠭᠡ 7 ᠲᠦᠷᠦᠯ ᠵᠦᠢᠯ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠲᠤᠯ ᠤᠨ ᠪᠠᠶᠢᠴᠠᠭᠠᠯᠲᠠ ᠶᠢ | ᠪᠡᠶᠡᠯᠡᠭᠦᠯᠵᠦ᠂ 35 ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠶᠤᠯᠲᠠᠢ ᠬᠠᠶᠠᠭᠳᠠᠮᠠᠯ ᠪᠣᠳᠠᠰ ᠤᠨ ᠵᠢᠷᠤᠮᠵᠢᠭᠰᠠᠨ | ᠣᠷᠴᠢᠨ ᠲᠣᠭᠤᠷᠢᠨ ᠤ ᠬᠠᠮᠢᠶᠠᠷᠤᠯᠲᠠ ᠶᠢ ᠦᠨᠡᠯᠡᠨ ᠵᠢᠱᠢᠬᠦ ᠶᠢ ᠪᠠᠷᠢᠮᠵᠢᠶ᠎ᠠ ᠳᠤ ᠬᠦᠷᠭᠡᠵᠦ᠂ ᠬᠥᠷᠥᠰᠥ ᠰᠢᠷᠣᠢ ᠶᠢᠨ | ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠣᠢ ᠰᠢᠭᠤᠢ ᠵᠢᠨᠢᠨᠵᠧᠨᠧᠷᠢᠩ ᠤᠨ ᠠᠮᠵᠢᠯᠲᠠ ᠪᠦᠲᠦᠮᠵᠢ᠃ | 2.37 ᠲᠦᠮᠡᠨ ᠮᠦ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠶᠢ ᠪᠡᠶᠡᠯᠡᠭᠦᠯᠵᠦ᠂ ᠭᠠᠨᠳᠠᠷᠢ | ᠠᠭᠤᠯᠠ ᠶᠢᠨ ᠪᠠᠷᠠᠭᠤᠨ ᠬᠠᠵᠠᠭᠤ ᠵᠡᠷᠭᠡ ᠭᠠᠵᠠᠷ ᠣᠷᠣᠨ ᠳᠤ 240 ᠮᠦ ᠡᠯᠡᠰᠦ ᠶᠢ ᠲᠣᠭᠲᠠᠪᠤᠷᠢᠵᠢᠭᠤᠯᠬᠤ | ᠡᠪᠡᠰᠦᠨ ᠳᠥᠷᠪᠡᠯᠵᠢ ᠳᠡᠪᠢᠰᠦᠭᠰᠡᠨ ᠪᠠᠶᠢᠨ᠎ᠠ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ | ᠬᠤᠷᠢᠭ᠎ᠠ ᠱᠤᠭᠤᠮ ᠢ ᠪᠠᠲᠤ ᠰᠠᠬᠢᠪᠠ᠃ | ᠨᠢᠭᠡ ᠵᠢᠯ ᠤᠨ ᠲᠤᠷᠰᠢ᠂ ᠪᠢᠳᠡ ᠪᠣᠳᠠᠲᠤ ᠪᠠᠶᠢᠳᠠᠯ ᠳᠤ ᠰᠠᠭᠤᠷᠢᠯᠠᠨ᠂ ᠢᠳᠡᠪᠬᠢᠲᠡᠶ ᠪᠠᠷ ᠠᠷᠭ᠎ᠠ ᠤᠬᠠᠭᠠᠨ | ᠰᠦᠪᠡᠭᠴᠢᠯᠡᠵᠦ᠂ ᠬᠤᠲᠠ ᠶᠢᠨ ᠳᠠᠭᠠᠭᠠᠴᠠ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ︽ᠬᠤᠲᠠ ᠶᠢ ᠰᠢᠨᠡᠳᠬᠡᠬᠦ︾ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠨᠢᠭᠡᠳᠦᠯᠲᠡᠶ ᠲᠥᠯᠥᠪᠵᠢᠭᠦᠯᠬᠦ᠂ ᠵᠦᠶ ᠵᠣᠬᠢᠰᠲᠠᠶ ᠪᠠᠶᠢᠷᠢᠯᠠᠭᠤᠯᠬᠤ ᠶᠢ ᠪᠠᠷᠢᠮᠲᠠᠯᠠᠵᠤ᠂ ᠬᠤᠲᠠ ᠶᠢᠨ ᠠᠷᠠᠳ ᠤᠨ | ᠵᠣᠯ ᠵᠢᠷᠭᠠᠯ ᠢ ︽ᠳᠡᠰ ᠳᠡᠪᠰᠢᠭᠦᠯᠬᠦ︾ ᠶᠢ ᠪᠡᠶᠡᠯᠡᠭᠦᠯᠪᠡ᠃ ᠭᠡᠷ ᠪᠠᠶᠢᠰᠢᠩ ᠭᠠᠵᠠᠷ ᠬᠥᠷᠥᠩᠭᠡ ᠶᠢᠨ ︽ᠭᠤᠷᠪᠠᠨ | ᠬᠦᠴᠢᠷ︾ ᠠᠰᠠᠭᠤᠳᠠᠯ ᠢ ᠪᠦᠲᠦᠮᠵᠢᠲᠡᠢ ᠰᠢᠢᠤᠡᠪᠤᠷᠢᠯᠡᠪᠡ᠃ ᠴᠠᠪᠴᠢᠶᠠᠯ ᠲᠤᠭᠤᠷᠢᠭ ᠤᠨ ᠨᠤᠷᠠᠭᠠᠨ ᠨᠡᠬᠦᠯᠭᠡᠭᠰᠡᠨ ᠤ | ᠦᠯᠡᠳᠡᠭᠳᠡᠯ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠵᠦ᠂ 2200 ᠭᠠᠷᠤᠢ ᠡᠷᠦᠬᠡ ᠴᠢᠶᠠᠨ ᠭᠠᠩ ᠨᠡᠶᠢᠭᠡᠮ | ᠲᠤᠭᠤᠷᠢᠭ ᠤᠨ ᠬᠦᠴᠢᠷᠳᠡᠯ ᠢ ᠰᠢᠢᠳᠪᠦᠷᠢᠯᠡᠬᠦ ᠢᠨᠵᠧᠨᠧᠷᠢᠩ ᠢ ᠡᠬᠢᠯᠡᠨ ᠪᠠᠶᠢᠭᠤᠯᠵᠦ᠂ ︽ᠠᠰᠠᠭᠤᠳᠠᠯ ᠲᠠᠢ ᠠᠰᠠᠷ︾ | ᠢ 2594 ᠢᠵᠢ ᠲᠤᠰᠢᠶᠠᠨ ᠦᠭᠴᠦ᠂ ᠪᠤᠴᠠᠭᠠᠨ ᠨᠡᠭᠦᠯᠭᠡᠵᠦ ᠲᠦᠪᠬᠢᠨᠡᠭᠦᠯᠦᠭᠰᠡᠨ ᠨᠤᠷᠮ᠎ᠠ 98% ᠳᠤ ᠬᠦᠷᠴᠦ᠂ | 7800 ᠭᠠᠷᠤᠢ ᠦᠯᠦ ᠬᠦᠳᠡᠯᠬᠦ ᠬᠦᠷᠦᠩᠭᠡ ᠶᠢ ᠵᠤᠬᠢᠴᠠᠭᠤᠯᠤᠨ ᠰᠢᠢᠳᠪᠦᠷᠢᠯᠡᠵᠦ᠂ ᠰᠠᠭᠤᠭᠠᠯᠢ ᠠᠷᠠᠳ ᠢ ᠤᠯᠠᠨ | ᠵᠢᠯ ᠭᠠᠴᠢᠭᠳᠠᠭᠤᠯᠤᠭᠰᠠᠨ ᠲᠡᠤᠬᠡᠨ ᠦᠯᠡᠳᠡᠭᠳᠡᠯ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠣᠷᠣᠰᠢᠨ | ᠰᠠᠭᠤᠬᠤ ᠣᠷᠴᠢᠨ ᠨᠥᠬᠦᠴᠡᠯ ᠲᠠᠰᠤᠷᠠᠯᠲᠠ ᠦᠭᠡᠢ ᠰᠠᠶᠢᠵᠢᠷᠠᠪᠠ᠃ 48 ᠬᠠᠭᠤᠴᠢᠨ ᠰᠠᠭᠤᠭᠠᠯᠢ ᠲᠣᠭᠤᠷᠢᠭ ᠢ | ᠥᠭᠡᠷᠡᠴᠢᠯᠡᠨ ᠪᠠᠶᠢᠭᠤᠯᠵᠤ ᠳᠠᠭᠤᠰᠬᠠᠭᠠᠳ᠂ 3 ᠪᠠᠶᠢᠰᠢᠩ ᠬᠡᠷ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ | ᠡᠬᠢᠯᠡᠭᠦᠯᠵᠦ᠂ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ 5873 ᠡᠷᠦᠬᠡ ᠶᠢ ᠪᠡᠶᠡᠯᠡᠭᠦᠯᠵᠦ᠂ ᠡᠮᠦᠨ᠎ᠡ ᠬᠡᠰᠡᠭ ᠤᠨ | ᠬᠤᠲᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠮᠤᠵᠢ ᠶᠢᠨ ᠵᠠᠮ | 217 ᠱᠤᠭᠤᠮ ᠳᠠᠭᠠᠤ ᠶᠢᠨ ᠨᠢᠴᠦᠭᠦᠨ ᠭᠠᠵᠠᠷ ᠰᠢᠷᠣᠶ ᠶᠢ ᠴᠡᠭᠴᠡᠯᠡᠨ ᠵᠠᠰᠠᠬᠤ ᠠᠵᠢᠯ ᠢ ᠦᠨᠳᠦᠰᠦᠨ ᠳᠡᠭᠡᠨ | ᠪᠡᠶᠡᠯᠡᠭᠦᠯᠵᠦ᠂ ᠴᠡᠴᠡᠭᠲᠦ ᠰᠢᠪᠠᠭᠤᠨ ᠤ ᠵᠠᠬ᠎ᠠ ᠳᠡᠯᠭᠡᠭᠦᠷ᠂ ᠭᠠᠯᠲᠤ ᠲᠡᠷᠭᠡᠨ ᠤ ᠥᠷᠲᠡᠭᠡ ᠶᠢᠨ ᠡᠮᠦᠨᠡᠬᠢ ᠠᠭᠤᠳᠠᠮ | ᠲᠠᠯᠠᠪᠠᠶ ᠶᠢ ᠥᠭᠡᠷᠡᠴᠢᠯᠡᠨ ᠰᠠᠶᠢᠵᠢᠷᠠᠭᠤᠯᠵᠤ᠂ 12 ︽ᠬᠠᠷᠮᠠᠨ︾ ᠴᠡᠴᠡᠷᠯᠢᠭ ᠢ ᠰᠢᠨ᠎ᠡ ᠪᠠᠷ ᠪᠠᠶᠢᠭᠤᠯᠵᠤ᠂ | ᠴᠡᠴᠡᠷᠯᠢᠭ᠂ ᠨᠣᠭᠤᠭᠠᠨ ᠭᠠᠵᠠᠷ ᠤᠨ ᠲᠠᠯᠠᠪᠠᠶ ᠶᠢ 6.3 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ | ᠨᠡᠮᠡᠭᠳᠡᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠬᠡᠷ ᠤᠨ ᠡᠭᠦᠳᠡᠨ ᠳᠤ | ᠳᠡᠭᠡᠭᠰᠢᠯᠡᠭᠦᠯᠪᠡ᠃ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠨᠠᠷᠢᠯᠢᠭ ᠣᠨᠣᠴᠠᠲᠠᠶ ᠪᠠᠷ | ᠲᠡᠭᠦᠯᠳᠡᠷᠵᠢᠭᠦᠯᠪᠡ᠃ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠲᠦᠷᠦᠯ ᠵᠦᠢᠯ ᠢ ᠡᠮᠬᠢ | ᠵᠢᠷᠤᠮ ᠲᠠᠢ ᠠᠬᠢᠭᠤᠯᠵᠤ᠂ ᠠᠷᠠᠳ ᠤᠨ ᠵᠠᠮ᠂ ᠰᠢᠨᠬᠤᠸᠠ ᠵᠡᠭᠡᠯᠢ᠂ S217 ᠲᠤᠰᠠᠯᠠᠬᠤ ᠵᠠᠮ ᠵᠡᠷᠭᠡ ᠵᠠᠮ | ᠵᠡᠭᠡᠯᠢ ᠶᠢ 31.5 ᠺᠢᠯᠤᠮᠧᠲᠷ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠵᠦ᠂ 10 ᠵᠤᠷᠪᠤᠰ ᠲᠠᠰᠤᠷᠬᠠᠢ | ᠵᠠᠮ ᠢ ᠨᠡᠪᠲᠡᠷᠡᠭᠦᠯᠵᠦ᠂ ᠶᠠᠪᠤᠵᠤ ᠰᠠᠭᠤᠬᠤ ᠣᠷᠴᠢᠨ ᠲᠣᠭᠤᠷᠢᠨ ᠢ ᠨᠡᠩ ᠳᠥᠭᠦᠮ ᠳᠥᠲᠡ ᠪᠣᠯᠭᠠᠪᠠ᠃ ᠰᠢᠲᠠᠮᠠᠬᠠᠶ | ᠬᠡᠶ ᠶᠢᠨ ᠬᠤᠭᠤᠯᠠᠶ ᠶᠢᠨ ᠲᠣᠤᠷ ᠢ 152 ᠺᠢᠯᠤᠮᠧᠲᠷ ᠥᠭᠡᠷᠡᠴᠢᠯᠡᠬᠦ ᠶᠢ ᠪᠡᠶᠡᠯᠡᠭᠦᠯᠵᠦ᠂ ᠨᠡᠶᠢᠲᠡ ᠶᠢᠨ ᠬᠡᠷᠡᠭᠯᠡᠭᠡᠨ ᠤ | ᠪᠣᠬᠢᠷ ᠤᠰᠤᠨ ᠤ ᠬᠤᠭᠤᠯᠠᠶ ᠶᠢᠨ ᠲᠣᠤᠷ ᠢ 16 ᠺᠢᠯᠤᠮᠧᠲᠷ᠂ ᠤᠰᠤ ᠠᠷᠪᠢᠯᠠᠬᠤ ᠬᠤᠭᠤᠯᠠᠶ ᠶᠢᠨ ᠲᠣᠤᠷ ᠢ 24.3 | ᠺᠢᠯᠤᠮᠧᠲᠷ ᠰᠢᠨ᠎ᠡ ᠪᠠᠷ ᠪᠠᠶᠢᠭᠤᠯᠵᠤ᠂ ᠬᠤᠲᠠ ᠶᠢᠨ ᠭᠠᠵᠠᠷ ᠳᠣᠤᠷᠠᠬᠢ ︽ᠰᠤᠳᠠᠰᠤ︾ ᠶᠢ ᠨᠠᠩ ᠰᠠᠭᠠᠳ ᠥᠬᠡᠶ | ᠨᠡᠪᠲᠡᠷᠡᠭᠦᠯᠪᠡ᠃ ᠬᠤᠭ ᠨᠣᠪᠰᠢ ᠪᠤᠯᠠᠬᠤ ᠲᠠᠯᠠᠪᠠᠢ ᠶᠢᠨ ᠰᠢᠮᠡᠳᠦᠨ ᠱᠦᠭᠦᠬᠦ ᠰᠢᠩᠭᠡᠨ ᠢ ᠰᠢᠢᠳᠪᠦᠷᠢᠯᠡᠬᠦ ᠲᠥᠪ᠂ | ᠪᠠᠷᠢᠯᠭ᠎ᠠ ᠶᠢᠨ ᠬᠤᠭ ᠨᠣᠪᠰᠢ ᠶᠢ ᠰᠢᠩᠭᠡᠭᠡᠬᠦ ᠲᠠᠯᠠᠪᠠᠢ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ | ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠢ ᠶᠢᠨ ᠨᠢᠭᠡᠳᠦᠭᠡᠷ ᠬᠤᠭᠤᠴᠠᠭᠠᠨ ᠤ ᠪᠢᠲᠡᠭᠦᠮᠵᠢᠯᠡᠬᠦ᠂ ᠬᠤᠶᠠᠳᠤᠭᠠᠷ | ᠬᠤᠭᠤᠴᠠᠭᠠᠨ ᠤ ᠪᠦᠲᠦᠭᠡᠨ ᠪᠠᠶᠢᠭᠤᠯᠤᠯᠲᠠ ᠤᠷᠤᠭᠰᠢᠲᠠᠢ ᠶᠠᠪᠤᠭᠳᠠᠵᠤ᠂ ᠬᠤᠭ ᠨᠣᠪᠰᠢ ᠶᠢ ᠵᠠᠰᠠᠬᠤ ᠬᠢᠷᠢ | ᠲᠦᠪᠰᠢᠨ ᠤᠯᠠᠮ ᠨᠢᠭᠡ ᠠᠯᠬᠤᠮ ᠳᠡᠭᠡᠭᠰᠢᠯᠡᠪᠡ᠃ ᠬᠠᠤᠯᠢ ᠲᠤᠭᠲᠠᠭᠠᠯ ᠶᠤᠰᠤᠭᠠᠷ 3150 ᠲᠡᠭᠰᠢ ᠳᠦᠷᠪᠡᠯᠵᠢᠨ | ᠮᠧᠲᠷ ᠤᠨ ᠳᠦᠷᠢᠮ ᠠᠴᠠ ᠵᠦᠷᠢᠴᠡᠭᠰᠡᠨ ᠪᠠᠷᠢᠯᠭ᠎ᠠ ᠶᠢ ᠨᠤᠷᠠᠭᠠᠵᠤ᠂ 1807 ᠲᠡᠷᠭᠡᠨ ᠵᠤᠭᠰᠤᠭᠠᠯ ᠢ ᠰᠢᠨ᠎ᠡ ᠪᠠᠷ | ᠨᠡᠮᠡᠭᠳᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠠᠷᠬᠠᠭ ᠭᠡᠮ ᠢ ᠪᠦᠲᠦᠮᠵᠢᠲᠡᠶ ᠵᠠᠰᠠᠪᠠ᠃ | ᠨᠢᠭᠡ ᠵᠢᠯ ᠤᠨ ᠲᠤᠷᠰᠢ᠂ ᠪᠢᠳᠡ ᠪᠤᠶᠠᠨ ᠵᠢᠷᠭᠠᠯ ᠢ ᠬᠠᠮᠲᠤ ᠪᠠᠷ ᠰᠦᠪᠡᠭᠴᠢᠯᠡᠵᠦ᠂ ᠪᠦᠬᠦ ᠬᠦᠴᠦᠨ ᠢᠶᠠᠷ ᠢᠶᠠᠨ | ᠴᠢᠷᠮᠠᠶᠢᠵᠤ᠂ ᠠᠷᠠᠳ ᠤᠨ ᠠᠮᠢᠳᠤᠷᠠᠯ ᠢ ᠪᠦᠬᠦ ᠲᠠᠯ᠎ᠠ ᠪᠠᠷ ᠰᠠᠶᠢᠵᠢᠷᠠᠭᠤᠯᠪᠠ᠃ ᠠᠷᠠᠳ ᠲᠦᠮᠡᠨ ᠤ ᠵᠣᠭᠰᠣᠯᠲᠠ ᠳᠤ | ᠪᠠᠲᠤ ᠵᠣᠭᠰᠣᠵᠤ᠂ ᠥᠲᠡᠯᠪᠡᠯ ᠬᠦᠷᠲᠡᠬᠦ ᠠᠰᠠᠷᠠᠮᠵᠢ ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ ᠪᠠᠶᠢᠬᠤ ᠵᠡᠷᠭᠡ | ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠷᠠᠳ ᠤᠨ ᠠᠮᠢᠳᠤᠷᠠᠯ ᠤᠨ ᠦᠢᠯᠡᠰ ᠲᠤ ᠰᠢᠨ᠎ᠡ ᠪᠠᠶᠢᠳᠠᠯ ᠢᠯᠡᠷᠡᠪᠡ᠃ | ᠠᠵᠢᠯ ᠣᠯᠭᠤᠯᠲᠠ ᠶᠢᠨ ᠪᠠᠶᠢᠳᠠᠯ ᠤᠨ ᠲᠤᠭᠲᠠᠭᠤᠨ ᠪᠠᠶᠢᠳᠠᠯ ᠢ ᠪᠠᠲᠤᠯᠠᠪᠠ᠃ ᠬᠤᠲᠠ ᠪᠠᠯᠭᠠᠰᠤᠨ ᠤ 3349 | ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠳᠠᠯ ᠤᠶᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢ 4224 | ᠲᠦᠮᠡᠨ ᠲᠥᠭᠦᠷᠢᠭ ᠲᠠᠯᠪᠢᠵᠤ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠢ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠣᠷᠣᠭᠤᠯᠵᠤ᠂ ᠬᠤᠲᠠ ᠶᠢᠨ ᠰᠢᠨ᠎ᠡ ᠠᠷᠠᠳ ᠤᠨ ᠬᠤᠲᠠ ᠶᠢᠨ ᠬᠠᠷᠢᠶᠠᠯᠠᠭᠳᠠᠬᠤ ᠲᠥᠷᠥᠭᠳᠡᠯ ᠢ | ᠤᠯᠠᠮ ᠨᠢᠭᠡ ᠠᠯᠬᠤᠮ ᠨᠡᠮᠡᠭᠳᠡᠭᠦᠯᠪᠡ᠃ ᠨᠡᠶᠢᠭᠡᠮ ᠤᠨ ᠪᠠᠲᠤᠯᠠᠭ᠎ᠠ ᠦᠷᠭᠦᠯᠵᠢᠯᠡᠨ ᠲᠡᠭᠦᠯᠳᠡᠷᠵᠢᠪᠡ᠃ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠰᠠᠷ᠎ᠠ ᠶᠢᠨ ᠪᠠᠷᠢᠮᠵᠢᠶ᠎ᠠ ᠶᠢ 903 ᠲᠥᠭᠦᠷᠢᠭ ᠪᠣᠯᠭᠠᠨ ᠳᠡᠭᠡᠭᠰᠢᠯᠡᠭᠦᠯᠵᠦ | ᠂ 50 ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠤᠶᠢᠯᠡᠴᠢᠯᠡᠭᠡᠨ ᠤ ᠥᠷᠲᠡᠭᠡ ᠶᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ 42 ᠨᠡᠶᠢᠭᠡᠮ ᠲᠣᠭᠤᠷᠢᠭ ᠤᠨ ᠨᠠᠰᠤᠵᠢᠯ ᠤᠨ ᠤᠶᠢᠯᠡᠴᠢᠯᠡᠭᠡᠨ ᠤ ᠲᠥᠪ ︵ | ᠥᠷᠲᠡᠭᠡ︶ ᠢ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠵᠦ᠂ ᠡᠯ᠎ᠡ ᠲᠥᠷᠥᠯ ᠤᠨ ᠬᠦᠴᠢᠷᠳᠡᠯᠲᠡᠶ ᠠᠪᠤᠷᠠᠨ | ᠲᠤᠰᠠᠯᠠᠬᠤ ᠨᠥᠬᠦᠪᠥᠷᠢ ᠶᠢ 3630 ᠲᠦᠮᠡᠨ ᠲᠥᠭᠦᠷᠢᠭ ᠲᠠᠷᠬᠠᠭᠠᠵᠤ᠂ 5495 ᠲᠠᠷᠢᠶᠠᠯᠠᠬᠤ ᠣᠷᠣᠨ ᠤ | ᠰᠠᠭᠤᠭᠠᠯᠢ ᠠᠷᠠᠳ ᠲᠤ 769 ᠲᠦᠮᠡᠨ ᠲᠥᠭᠦᠷᠢᠭ ᠤᠨ ᠳᠤᠯᠠᠭᠠᠯᠠᠭ᠎ᠠ ᠶᠢᠨ ᠨᠥᠬᠦᠪᠥᠷᠢ ᠣᠯᠭᠤᠵᠤ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠪᠠᠲᠤ ᠴᠢᠩᠭ᠎ᠠ ᠬᠦᠴᠦᠨ ᠲᠠᠢ ᠪᠣᠯᠪᠠ᠃ ᠰᠤᠷᠭᠠᠨ ᠬᠥᠮᠦᠵᠢᠯ ᠤᠨ ᠴᠢᠨᠠᠷ ᠰᠠᠶᠢᠲᠠᠶ | ᠲᠡᠩᠴᠡᠭᠦᠷᠢᠲᠡᠶ ᠪᠠᠶᠢᠳᠠᠯ ᠢ ᠭᠦᠨᠵᠡᠭᠡᠶ ᠠᠬᠢᠭᠤᠯᠪᠠ᠃ ᠪᠥᠯᠬᠦᠮᠳᠡᠯ ᠰᠤᠷᠭᠠᠭᠤᠯᠢ ᠡᠷᠭᠢᠯᠡᠬᠦ ᠲᠠᠯ᠎ᠠ ᠪᠠᠷ ᠲᠣᠪᠤᠶᠢᠮ᠎ᠠ | ᠦᠷ᠎ᠡ ᠪᠦᠲᠦᠮᠵᠢ ᠣᠯᠵᠤ᠂ ᠴᠡᠭᠡᠯ ᠠᠭᠤᠯᠠᠨ ᠤ ᠰᠤᠷᠭᠠᠭᠤᠯᠢ ᠬᠢᠭᠡᠳ ᠪᠦᠯᠬᠦᠮᠳᠡᠯ ᠪᠠᠭ᠎ᠠ ᠰᠤᠷᠭᠠᠭᠤᠯᠢ ᠶᠢ ᠡᠮᠬᠢᠯᠡᠨ | ᠨᠡᠶᠢᠯᠡᠭᠦᠯᠵᠦ ᠪᠡᠶᠡᠯᠡᠭᠦᠯᠪᠡ︔ 194 ᠪᠠᠭᠰᠢ ᠶᠢ ᠤᠷᠢᠨ ᠠᠪᠴᠢᠷᠠᠵᠤ᠂ ︽ᠨᠠᠰᠤ ᠵᠢᠯ ᠤᠨ ᠲᠤᠰᠠᠯᠠᠬᠤ ᠪᠠᠭᠰᠢ︾ | ᠶᠢᠨ ᠠᠰᠢᠭᠲᠠᠢ ᠨᠥᠬᠦᠪᠦᠷᠢ ᠶᠢ ᠨᠥᠬᠦᠪᠦᠷᠢᠯᠡᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠦᠷᠭᠦᠯᠵᠢᠯᠡᠨ | ᠰᠢᠯᠢᠳᠡᠭᠵᠢᠭᠦᠯᠪᠡ᠃ ᠳᠥᠷᠪᠡᠳᠦᠭᠡᠷ ᠬᠡᠦᠬᠡᠳ ᠤᠨ ᠴᠡᠴᠡᠷᠯᠢᠭ ᠢ ᠨᠡᠭᠦᠯᠭᠡᠨ ᠪᠠᠶᠢᠭᠤᠯᠵᠤ ᠳᠠᠭᠤᠰᠬᠠᠪᠠ᠂ ᠪᠢᠨ ᠾᠧ | ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠠᠭᠤᠰᠴᠤ᠂ | ᠠᠷᠪᠠᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠰᠠᠷ ᠤᠨ ᠣᠷᠣᠢ ᠶᠢ ᠪᠢᠲᠡᠭᠦᠮᠵᠢᠯᠡᠵᠦ᠂ 556 ᠲᠦᠮᠡᠨ | ᠲᠥᠭᠦᠷᠢᠭ ᠤᠨ ᠪᠡᠯᠡ ᠣᠷᠣᠭᠤᠯᠵᠤ ᠵᠢᠭᠠᠨ ᠰᠤᠷᠭᠠᠬᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠪᠦᠬᠦ | ᠲᠤᠭᠤᠷᠢᠭ ᠤᠨ ᠰᠤᠷᠭᠠᠨ ᠬᠥᠮᠦᠵᠢᠯ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠪᠡ᠃ 2.3 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠭᠰᠠᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ ᠠᠰᠢᠭᠯᠠᠯᠲᠠ ᠳᠤ | ᠣᠷᠣᠭᠤᠯᠵᠤ᠂ ᠬᠢᠲᠠᠳ ᠡᠮᠨᠡᠯᠭᠡ ᠶᠢᠨ ᠬᠤᠷᠢᠶ᠎ᠠ ᠶᠢᠨ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ | ᠰᠢᠨ᠎ᠡ ᠶᠢ ᠡᠭᠦᠳᠬᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠢᠵᠢ ᠪᠦᠷᠢᠳᠦᠭᠦᠯᠬᠦ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ 5 ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠪᠠ︔ | ᠤᠯᠤᠰ ᠤᠨ ᠲᠠᠰ ᠤᠨ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠲᠤᠷᠰᠢᠯᠲᠠ ᠶᠢᠨ ᠴᠡᠭ ᠤᠨ | ᠪᠦᠲᠦᠭᠡᠨ ᠪᠠᠶᠢᠭᠤᠯᠤᠯᠲᠠ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ 92 ᠡᠮᠴᠢᠯᠡᠭᠡᠨ ᠤ ᠴᠢᠳᠠᠪᠤᠷᠢᠲᠠᠨ ᠢ | ᠣᠷᠣᠭᠤᠯᠤᠨ ᠠᠪᠴᠢᠷᠠᠵᠤ᠂ ᠡᠪᠡᠳᠴᠢᠨ ᠦᠵᠡᠭᠦᠯᠬᠦ ᠣᠷᠴᠢᠨ ᠲᠣᠭᠤᠷᠢᠨ ᠬᠢᠭᠡᠳ ᠡᠮᠴᠢᠯᠡᠭᠡᠨ ᠤ | ᠦᠢᠯᠡᠴᠢᠯᠡᠭᠡ ᠶᠢᠨ ᠬᠤᠤᠰ ᠳᠡᠭᠡᠭᠰᠢᠯᠡᠯᠲᠡ ᠲᠠᠢ ᠪᠣᠯᠪᠠ᠃ ᠰᠣᠶᠣᠯ ᠢᠶᠠᠷ ᠠᠷᠠᠳ ᠲᠤ ᠠᠰᠢᠭ ᠬᠦᠷᠳᠡᠭᠡᠪᠡ᠃ | ᠦᠬᠠᠢ ᠶᠢᠨ ︽ᠡᠵᠢ ᠭᠤᠣᠯ ᠤᠨ ᠠᠶᠠᠯᠠᠯ︾ ᠮᠠᠷᠠᠰᠤᠨ ᠤᠷᠤᠯᠳᠤᠭᠠᠨ ᠤ ᠵᠠᠮ ᠤᠨ ᠨᠢᠭᠡᠳᠦᠭᠡᠷ ᠬᠤᠭᠤᠴᠠᠭᠠᠨ ᠤ | ᠠᠰᠢᠭᠯᠠᠯᠲᠠ ᠳᠤ ᠣᠷᠣᠭᠰᠠᠨ ᠨᠣᠮ ᠤᠨ ᠰᠠᠩ ᠤᠨ ᠪᠦᠬᠦᠯᠢ ᠴᠣᠭᠴᠠ ᠶᠢᠨ ᠳᠡᠰ ᠳᠡᠪᠰᠢᠯᠡᠭᠦᠯᠬᠦ ᠥᠭᠡᠷᠡᠴᠢᠯᠡᠯᠲᠡ | ᠳᠠᠭᠤᠰᠴᠠᠢ᠃ ᠴᠠᠭᠠᠨ ᠰᠠᠷ᠎ᠠ ᠶᠢᠨ ᠦᠳᠡᠰᠢᠯᠡᠭᠡ᠂ ᠵᠢᠯᠣᠭᠤᠴᠢ ᠥᠬᠡᠶ ᠨᠢᠰᠬᠡᠯ ᠤᠨ ᠳ᠋ᠧᠩ ᠤᠨ ᠦᠵᠡᠭᠦᠯᠦᠯᠭᠡ | ᠵᠡᠷᠭᠡ ᠰᠣᠶᠣᠯ ᠲᠠᠮᠢᠷ ᠤᠨ ᠠᠵᠢᠯᠯᠠᠭ᠎ᠠ ᠶᠢ 50 ᠭᠠᠷᠤᠶ ᠤᠳᠠᠭ᠎ᠠ ᠠᠮᠵᠢᠯᠲᠠ ᠲᠠᠢ ᠡᠷᠭᠢᠯᠡᠵᠦ᠂ ᠣᠷᠣᠯᠴᠠᠭᠰᠠᠨ | ᠬᠥᠮᠦᠨ ᠤ ᠲᠤᠭ᠎ᠠ 51 ᠲᠦᠮᠡᠨ ᠬᠥᠮᠦᠨ ᠤᠳᠠᠭ᠎ᠠ ᠳᠤ ᠬᠦᠷᠴᠦ᠂ ᠰᠠᠭᠤᠭᠠᠯᠢ ᠠᠷᠠᠳ ᠤᠨ ᠰᠣᠶᠣᠯ ᠲᠠᠮᠢᠷ ᠤᠨ | ᠠᠮᠢᠳᠤᠷᠠᠯ ᠤᠯᠠᠮ ᠨᠢᠭᠡ ᠠᠯᠬᠤᠮ ᠪᠠᠶᠠᠯᠢᠭᠵᠢᠭᠤᠯᠪᠠ᠃ | ᠨᠢᠭᠡ ᠵᠢᠯ ᠤᠨ ᠲᠤᠷᠰᠢ᠂ ᠪᠢᠳᠡ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠣᠷᠴᠢᠨ ᠲᠣᠭᠤᠷᠢᠨ ᠢ | ᠰᠢᠯᠢᠳᠡᠭᠵᠢᠭᠦᠯᠵᠦ᠂ ᠪᠦᠬᠦ ᠲᠠᠯ᠎ᠠ ᠪᠠᠷ ᠥᠭᠡᠷᠡᠴᠢᠯᠡᠯᠲᠡ ᠬᠢᠵᠦ ᠲᠦᠷᠭᠡᠨ ᠪᠥᠭᠡᠳ ᠯᠠᠪᠳᠠᠭᠤᠨ ᠢᠶᠠᠷ ᠤᠷᠤᠭᠰᠢᠯᠠᠪᠠ᠃ | ᠠᠵᠤ ᠠᠬᠤᠶᠢᠯᠠᠯ ᠳᠤ ᠠᠰᠢᠭ ᠬᠦᠷᠲᠡᠭᠡᠵᠦ ᠬᠦᠴᠢᠷᠳᠡᠯ ᠢ ᠰᠢᠢᠳᠪᠦᠷᠢᠯᠡᠬᠦ ᠪᠠᠷ ᠬᠠᠷᠠᠯᠲᠠ ᠪᠣᠯᠭᠠᠵᠤ᠂ | ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠵᠤ᠂ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠭᠦᠯᠬᠦ ᠠᠯᠬᠤᠴᠠ ᠪᠠᠨ ᠲᠦᠷᠭᠡᠳᠬᠡᠪᠡ᠃ ᠭᠠᠶᠢᠯᠢ ᠰᠤᠶᠢᠤᠡᠭᠡᠯ ᠤᠨ ᠲᠥᠷᠥ ᠶᠢᠨ | ᠪᠤᠳᠣᠯᠭ᠎ᠠ ᠶᠢ ᠭᠦᠢᠴᠡᠤᠡ ᠬᠡᠷᠡᠭᠯᠡᠪᠡ᠃ ᠡᠯ᠎ᠡ ᠵᠦᠢᠯ ᠤᠨ ᠭᠠᠶᠢᠯᠢ ᠪᠤᠴᠠᠭᠠᠬᠤ ᠭᠠᠶᠢᠯᠢ ᠶᠢ ᠬᠥᠩᠭᠡᠯᠡᠬᠦ ᠰᠦᠢᠳᠬᠡᠯ ᠢ | ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠲᠡ 13.74 | ᠳ᠋ᠦᠩᠰᠢᠭᠤᠷ ᠲᠥᠭᠦᠷᠢᠭ ᠤᠨ ᠭᠠᠶᠢᠯᠢ ᠪᠤᠴᠠᠭᠠᠵᠤ᠂ ᠭᠠᠶᠢᠯᠢ ᠶᠢ ᠤᠳᠠᠭᠠᠰᠢᠷᠠᠭᠤᠯᠤᠨ ᠰᠦᠢᠳᠬᠡᠯ ᠢ ᠪᠠᠭᠤᠷᠠᠭᠤᠯᠤᠨ᠂ | ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ 1300 ᠲᠦᠮᠡᠨ ᠲᠥᠭᠦᠷᠢᠭ ᠠᠴᠠ | ᠳᠠᠪᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠣᠰ | ᠲᠣᠰ 925 ᠳ᠋ᠦᠩᠰᠢᠭᠤᠷ ᠲᠥᠭᠦᠷᠢᠭ ᠪᠠ 470 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ ᠲᠣᠰ ᠲᠣᠰ 9.25% ᠪᠠ 17.76 % ᠪᠠᠷ ᠨᠡᠮᠡᠭᠳᠡᠨ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠡᠳᠦᠷ | ᠢᠷᠡᠬᠦᠶ᠎ᠡ ᠰᠢᠯᠢᠳᠡᠭᠵᠢᠪᠡ᠃ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ | ᠣᠷᠣᠵᠤ ᠰᠠᠭᠤᠬᠤ ᠨᠣᠷᠮ᠎ᠠ ᠶᠢ 100% ᠳᠤ ᠬᠦᠷᠭᠡᠪᠡ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾᠂ | ︽ᠨᠢᠭᠡ ᠯᠡ ᠤᠳᠠᠭ᠎ᠠ ᠳᠤ ᠭᠦᠢᠴᠡᠳᠭᠡᠬᠦ︾ ᠵᠡᠷᠭᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠬᠦᠷᠢᠶ᠎ᠡ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠪᠡ᠃ ︽ᠭᠡᠷᠡᠴᠢ ᠦᠨᠡᠮᠯᠡᠯ ᠢ ᠬᠠᠮᠲᠤᠷᠠᠨ ᠭᠦᠢᠴᠡᠳᠭᠡᠬᠦ︾ | ᠦᠢᠯᠡᠴᠢᠯᠡᠭᠡ ᠶᠢᠨ ᠰᠢᠨ᠎ᠡ ᠶᠢ ᠡᠭᠦᠳᠴᠦ᠂ ᠥᠪᠡᠷᠲᠡᠭᠡᠨ ᠵᠠᠰᠠᠬᠤ ᠣᠷᠣᠨ ᠳᠤ ᠭᠢᠯᠠᠰ ᠴᠡᠭ ᠤᠨ ᠠᠵᠢᠯ ᠪᠣᠯᠭᠠᠨ | ᠳᠡᠯᠭᠡᠷᠡᠭᠦᠯᠪᠡ᠃ ᠬᠠᠪᠰᠤᠷᠤᠨ ᠭᠦᠢᠴᠡᠤᠡᠭᠡᠬᠦ ᠣᠷᠣᠯᠠᠨ ᠭᠦᠢᠴᠡᠤᠡᠭᠡᠬᠦ ᠤᠶᠢᠯᠡᠴᠢᠯᠡᠭᠡ ᠨᠢ ᠦᠨᠳᠦᠰᠦᠨ ᠱᠠᠲᠤ ᠶᠢ | ᠤᠷᠲᠤᠳᠬᠠᠵᠤ᠂ ᠠᠵᠤ ᠤᠶᠢᠯᠡᠰ ᠤᠨ ᠬᠦᠷᠢᠶᠡᠯᠡᠩ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠵᠢᠯ ᠤᠨ | ᠥᠷᠲᠡᠭᠡ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠤᠶᠢᠯᠡᠴᠢᠯᠡᠭᠡ ᠨᠢ ᠰᠢᠨ᠎ᠡ ᠪᠠᠶᠢᠷᠢᠰᠢᠯ ᠠᠩᠬ᠎ᠠ ᠠᠯᠬᠤᠮ | ᠦᠷ᠎ᠡ ᠪᠦᠲᠦᠮᠵᠢ ᠣᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠲᠠᠰᠤᠷᠠᠯᠲᠠ ᠦᠭᠡᠢ | ᠴᠢᠩᠭᠠᠷᠠᠪᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ | ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠪᠠ᠃ | ᠨᠢᠭᠡ ᠵᠢᠯ ᠤᠨ ᠲᠤᠷᠰᠢ᠂ ᠪᠢᠳᠡ ᠠᠶᠤᠯ ᠲᠦᠭᠰᠢᠭᠦᠷᠢ ᠶᠢ ᠰᠡᠷᠭᠡᠶᠢᠯᠡᠵᠦ᠂ ᠭᠤᠣᠯᠳᠠᠯᠭ᠎ᠠ ᠶᠢ ᠴᠢᠩᠭ᠎ᠠ | ᠠᠳᠬᠤᠵᠤ᠂ ᠨᠡᠶᠢᠭᠡᠮ ᠤᠨ ᠶᠡᠭᠡ ᠲᠠᠯ᠎ᠠ ᠦᠷᠭᠦᠯᠵᠢᠯᠡᠨ ᠡᠶ᠎ᠡ ᠵᠣᠬᠢᠴᠠᠩᠭᠤᠢ ᠲᠣᠭᠲᠠᠭᠤᠨ ᠪᠣᠯᠪᠠ᠃ ᠣᠨ ᠤ | ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠥᠷᠢ | ᠥᠭᠴᠡᠭᠡ ᠶᠢᠨ ᠲᠦᠭᠰᠢᠭᠦᠷᠢ ᠶᠢᠨ ᠵᠡᠷᠭᠡ ᠳᠡᠰ ᠢ ︽ᠤᠯᠠᠪᠢᠷ ᠤᠯᠠᠭᠠᠭᠴᠢ︾ ᠪᠤᠯᠭᠠᠪᠠ᠃ ᠥᠪᠡᠷᠲᠡᠭᠡᠨ ᠵᠠᠰᠠᠬᠤ | ᠣᠷᠣᠨ ᠤ ᠠᠶᠤᠯᠭᠦᠢ ᠦᠢᠯᠡᠳᠪᠦᠷᠢᠯᠡᠯ ᠤᠨ ᠬᠢᠨᠠᠨ ᠵᠢᠯᠣᠭᠤᠳᠴᠤ ᠪᠠᠶᠢᠴᠠᠭᠠᠵᠤ ᠬᠠᠷᠢᠭᠤ ᠲᠤᠰᠬᠠᠭᠰᠠᠨ 104 | ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠂ ᠥᠪᠡᠷᠲᠡᠭᠡᠨ ᠵᠠᠰᠠᠬᠤ ᠣᠷᠣᠨ ᠤ ᠬᠦᠨᠳᠦ | ᠶᠡᠭᠡ ᠠᠳᠡᠯ ᠤᠨ ᠳᠠᠯᠳᠠ ᠬᠡᠮ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ ᠬᠠᠷᠢᠭᠤ ᠲᠤᠰᠬᠠᠭᠰᠠᠨ | 39 ᠠᠰᠠᠭᠤᠳᠠᠯ ᠢ ᠪᠡᠶᠡᠯᠡᠭᠦᠯᠵᠦ᠂ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠥᠪᠡᠰᠦᠪᠡᠨ ᠪᠠᠷᠢᠭᠰᠠᠨ ᠬᠡᠷ | ᠪᠠᠶᠢᠰᠢᠩ᠂ ᠭᠠᠯ ᠤᠨᠲᠠᠷᠠᠭᠠᠬᠤ ᠦᠯᠡᠳᠡᠭᠳᠡᠯ ᠲᠥᠷᠥᠯ ᠵᠦᠢᠯ ᠵᠡᠷᠭᠡ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ | ᠠᠵᠢᠯ ᠢ ᠭᠦᠨᠵᠡᠭᠡᠶ ᠥᠷᠨᠢᠭᠦᠯᠵᠦ᠂ 11.37 ᠲᠦᠮᠡᠨ ᠡᠷᠦᠬᠡ ᠰᠠᠭᠤᠭᠠᠯᠢ ᠠᠷᠠᠳ ᠲᠤ ᠰᠢᠲᠠᠮᠠᠬᠠᠶ ᠬᠡᠶ ᠶᠢᠨ | ᠮᠡᠷᠭᠡᠵᠢᠯ ᠤᠨ ᠰᠡᠷᠭᠡᠶᠢᠯᠡᠯᠲᠡ ᠶᠢᠨ ᠲᠥᠬᠦᠭᠡᠷᠦᠮᠵᠢ ᠤᠭᠰᠠᠷᠠᠪᠠ᠃ ᠳᠡᠭᠡᠳᠦ ᠱᠠᠲᠤᠨ ᠠᠴᠠ 87 ᠬᠤᠪᠢ ᠵᠠᠬᠢᠳᠠᠯ | ᠰᠤᠷᠪᠤᠯᠵᠢᠯᠠᠯ ᠤᠨ ᠬᠡᠷᠡᠭ ᠢ ᠪᠦᠬᠦᠨ ᠢ ᠰᠢᠢᠳᠪᠦᠷᠢᠯᠡᠪᠡ᠃ ᠢᠳᠡᠭᠡᠨ ᠤ ᠵᠦᠢᠯ᠂ ᠦᠢᠯᠡᠳᠬᠦᠨ ᠤ ᠶᠠᠰᠤ ᠴᠢᠨᠠᠷ᠂ | ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ | ᠠᠳᠬᠤᠵᠤ᠂ ︽ᠰᠢᠤᠸᠠᠢ ᠯᠢᠶᠠᠩ ᠢᠨᠵᠧᠨᠧᠷᠢᠩ︾ ᠢ ᠭᠦᠨᠵᠡᠭᠡᠶ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠨᠡᠶᠢᠭᠡᠮ ᠤᠨ ᠲᠣᠭᠲᠠᠭᠤᠨ ᠬᠠᠮᠠᠭᠠᠯᠠᠯᠲᠠ ᠶᠢ | ᠬᠦᠴᠦᠲᠡᠶ ᠠᠬᠢᠭᠤᠯᠪᠠ᠃ | ᠨᠢᠭᠡ ᠵᠢᠯ ᠤᠨ ᠲᠤᠷᠰᠢ᠂ ᠪᠢᠳᠡ ᠰᠤᠷᠤᠯᠴᠠᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ | ᠦᠢᠯᠡᠳᠦᠯᠭᠡᠵᠢᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠲᠠᠰᠤᠷᠠᠯᠲᠠ ᠦᠭᠡᠢ ᠳᠡᠭᠡᠭᠰᠢᠯᠡᠪᠡ᠃ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠠᠷᠢᠮᠲᠠᠯᠠᠪᠠ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ︽ᠭᠤᠣᠯ ᠴᠣᠭᠴᠠ ᠶᠢᠨ ᠬᠠᠷᠢᠭᠤᠴᠠᠯᠭ᠎ᠠ︾ ᠪᠠ ︽ᠨᠢᠭᠡ ᠠᠵᠢᠯ ᠤᠨ ᠪᠠᠶᠢᠷᠢ ᠳᠤ ᠬᠤᠣᠰ | ᠬᠠᠷᠢᠭᠤᠴᠠᠯᠭ᠎ᠠ ᠡᠭᠦᠷᠭᠡᠯᠡᠬᠦ︾ ᠶᠢ ᠦᠨᠡᠨ ᠬᠦ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠡᠭᠦᠷᠭᠡ 41 ᠵᠦᠢᠯ ᠢ | ᠪᠡᠶᠡᠯᠡᠭᠦᠯᠵᠦ᠂ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠪᠠ᠃ ︽ᠪᠠᠷᠢᠮᠵᠢᠶ᠎ᠠ ᠶᠢ ᠳᠡᠭᠡᠭᠰᠢᠯᠡᠭᠦᠯᠬᠦ᠂ | ᠬᠤᠷᠳᠤᠴᠠ ᠶᠢ ᠲᠦᠷᠭᠡᠳᠭᠡᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾ ᠵᠡᠷᠭᠡ ︽ᠤᠳᠠᠭᠠᠨ᠂ | ᠪᠦᠳᠦᠭᠦᠯᠢᠭ᠂ ᠬᠡᠶᠢᠰᠪᠦᠷᠢ︾ ᠵᠡᠷᠭᠡ ᠠᠰᠠᠭᠤᠳᠠᠯ ᠢ ᠴᠥᠬᠦᠷᠡᠰᠢ ᠥᠬᠡᠶ ᠵᠠᠯᠠᠷᠠᠭᠤᠯᠤᠨ ᠵᠠᠰᠠᠵᠤ᠂ ᠰᠤᠷᠲᠠᠯ ᠤᠨ | ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ︽ᠭᠤᠷᠪᠠᠨ ᠴᠢᠬᠤᠯᠠ ᠨᠢᠭᠡ ᠶᠡᠭᠡ︾ ᠬᠠᠮᠲᠤ ᠶᠢᠨ | ᠰᠢᠢᠤᠡᠪᠤᠷᠢᠳᠤ ᠪᠣᠳᠣᠯᠭ᠎ᠠ ᠲᠣᠭᠲᠠᠭᠠᠬᠤ ᠵᠡᠷᠭᠡ ᠳᠦᠷᠢᠮ ᠢ ᠪᠠᠷᠢᠮᠲᠠᠯᠠᠨ᠂ ᠡᠯ᠎ᠡ ᠲᠥᠷᠥᠯ ᠤᠨ ᠬᠡᠷᠡᠭ ᠵᠥᠪᠯᠡᠬᠦ ᠳᠡᠰ | ᠳᠠᠷᠠᠭᠠᠯᠠᠯ ᠢ ᠵᠢᠷᠤᠮᠵᠢᠭᠤᠯᠵᠤ᠂ ᠰᠢᠨᠵᠢᠯᠡᠬᠦ ᠤᠬᠠᠭᠠᠨᠴᠢ ᠪᠠᠷ ᠰᠢᠢᠤᠡᠪᠤᠷᠢᠳᠤ ᠪᠣᠳᠣᠯᠭ᠎ᠠ ᠲᠣᠭᠲᠠᠭᠠᠬᠤ᠂ | ᠠᠷᠠᠳᠴᠢᠯᠠᠯ ᠢᠶᠠᠷ ᠰᠢᠢᠤᠡᠪᠤᠷᠢᠳᠤ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠤᠡᠪᠤᠷᠢᠳᠤ ᠪᠣᠳᠣᠯᠭ᠎ᠠ | ᠲᠣᠭᠲᠠᠭᠠᠬᠤ ᠶᠢ ᠦᠨᠡᠨᠬᠦ ᠪᠠᠳᠤᠯᠠᠪᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠳᠤᠮᠳᠠ | ᠬᠤᠭᠤᠴᠠᠭᠠᠨ ᠤ ᠪᠠᠶᠢᠴᠠᠭᠠᠯᠲᠠ ᠦᠨᠡᠯᠡᠯᠲᠡ ᠶᠢ ᠤᠷᠤᠭᠰᠢᠲᠠᠶ ᠪᠠᠲᠤᠯᠠᠵᠤ᠂ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠨᠠᠩ ᠬᠦᠴᠦᠲᠡᠶ ᠪᠣᠯᠭᠠᠪᠠ᠃ ᠪᠦᠬᠦ ᠤᠯᠤᠰ ᠤᠨ ᠠᠷᠠᠳᠴᠢᠯᠠᠯ ᠬᠠᠤᠯᠢᠵᠢᠯ ᠤᠨ ᠵᠢᠱᠢᠶ᠎ᠡ | ᠦᠵᠡᠭᠦᠯᠬᠦ ᠨᠡᠶᠢᠭᠡᠮ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠲᠡᠰ ᠤᠨ 8 ᠵᠢᠱᠢᠶ᠎ᠡ ᠦᠵᠡᠭᠦᠯᠬᠦ ᠲᠣᠰᠬᠤᠨ | ᠨᠡᠶᠢᠭᠡᠮ ᠲᠣᠭᠤᠷᠢᠭ ᠢ ᠪᠠᠶᠢᠭᠤᠯᠵᠤ᠂ ᠦᠨᠳᠦᠰᠦᠨ ᠱᠠᠲᠤᠨ ᠤ ᠬᠠᠤᠯᠢᠵᠢᠯ ᠤᠨ ᠵᠠᠰᠠᠯᠲᠠ ᠶᠢᠨ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ 199 ᠬᠤᠪᠢ | ᠭᠦᠢᠴᠡᠳᠬᠡᠵᠦ᠂ ᠬᠠᠨᠤᠮᠵᠢ ᠶᠢᠨ ᠨᠤᠷᠮ᠎ᠠ 100% ᠳᠤ ᠬᠦᠷᠪᠡ᠃ ᠠᠷᠠᠳ ᠤᠨ ᠠᠮᠢᠳᠤᠷᠠᠯ ᠤᠨ 5 ᠪᠣᠳᠠᠲᠤ | ᠶᠠᠪᠤᠳᠠᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠲᠥᠷᠥᠯ | ᠵᠦᠢᠯ ᠢ ᠴᠢᠨᠠᠷ ᠰᠠᠢᠲᠠᠢ ᠪᠡᠶᠡᠯᠡᠭᠦᠯᠪᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ᠂ ᠴᠡᠷᠢᠭ ᠠᠴᠠ | ᠬᠠᠯᠠᠭᠳᠠᠭᠰᠠᠳ ᠤᠨ ᠶᠠᠪᠤᠳᠠᠯ᠂ ᠵᠠᠯᠠᠭᠤᠴᠤᠳ ᠤᠨ ᠬᠥᠭᠵᠢᠯᠲᠡ᠂ ᠡᠮᠡᠭᠲᠡᠶᠢᠴᠦᠳ ᠬᠡᠦᠬᠡᠳ᠂ ᠳᠠᠩᠰᠠ ᠡᠪᠬᠡᠮᠡᠯ | ᠲᠡᠦᠬᠡ ᠣᠶᠢᠯᠠᠯᠭ᠎ᠠ᠂ ᠠᠷᠠᠳ ᠤᠨ ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠬᠦ ᠵᠢᠴᠢ ᠵᠡᠮᠳᠡᠭᠴᠦᠳ ᠵᠡᠷᠭᠡ ᠠᠵᠢᠯ | ᠴᠥᠮ ᠰᠢᠨ᠎ᠡ ᠠᠮᠵᠢᠯᠲᠠ ᠣᠯᠪᠠ᠃ | ᠲᠥᠯᠥᠭᠡᠯᠡᠭᠴᠢᠳ ᠡ᠂ 2023 ᠣᠨ ᠢ ᠡᠷᠭᠢᠴᠡᠭᠦᠯᠪᠡᠯ᠂ ᠪᠢᠳᠡ ᠡᠯ᠎ᠡ ᠵᠦᠢᠯ ᠤᠨ ᠬᠦᠴᠢᠷ ᠪᠡᠷᠬᠡᠰᠢᠶᠡᠯ ᠢ | ᠢᠳᠡᠪᠬᠢᠲᠡᠢ ᠢᠯᠠᠨ ᠳᠠᠪᠠᠵᠤ᠂ ᠡᠯ᠎ᠡ ᠵᠦᠢᠯ ᠤᠨ ᠰᠢᠯᠭᠠᠯᠲᠠ ᠶᠢ ᠠᠷᠭᠠᠴᠠᠵᠤ᠂ ᠡᠯ᠎ᠡ ᠵᠦᠢᠯ ᠤᠨ ᠠᠰᠠᠭᠤᠳᠠᠯ ᠢ | ᠰᠢᠢᠳᠪᠦᠷᠢᠯᠡᠵᠦ᠂ ᠠᠵᠤ ᠠᠬᠤᠢ ᠨᠡᠶᠢᠭᠡᠮ ᠤᠨ ᠦᠢᠯᠡᠰ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ | ᠨᠡᠯᠢᠶᠡᠳ ᠰᠠᠶᠢᠨ ᠠᠮᠵᠢᠯᠲᠠ ᠣᠯᠵᠠᠢ᠃ ᠡᠨᠡ ᠪᠣᠯ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠠ | ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠤᠭᠰᠠᠨ ᠤ ᠦᠷ᠎ᠡ ᠳ᠋ᠦᠩ ᠮᠥᠨ᠂ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ | ᠳᠡᠮᠵᠢᠯᠭᠡ ᠶᠢᠨ ᠦᠷ᠎ᠡ ᠳ᠋ᠦᠩ ᠮᠥᠨ᠂ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢᠯᠠᠯ ᠬᠠᠪᠰᠤᠷᠤᠯᠭ᠎ᠠ ᠶᠢᠨ ᠦᠷ᠎ᠡ | ᠳ᠋ᠦᠩ ᠮᠥᠨ᠂ ᠪᠦᠬᠦ ᠲᠤᠭᠤᠷᠢᠭ ᠤᠨ ᠺᠠᠳ᠋ᠷ ᠤᠯᠠᠨ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ | ᠰᠢᠷᠭᠠᠭᠤ ᠬᠠᠲᠠᠭᠤᠵᠢᠯᠲᠠᠢ ᠠᠵᠢᠯᠯᠠᠭᠰᠠᠨ ᠤ ᠦᠷ᠎ᠡ ᠳ᠋ᠦᠩ ᠮᠥᠨ᠃ ᠠᠳᠡ᠂ ᠪᠢ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠡᠮᠦᠨ᠎ᠡ ᠠᠴᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠪᠦᠬᠦ ᠲᠣᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠪᠠ | ᠬᠠᠶᠢᠷᠤᠪ ᠤᠨ ᠲᠤᠬᠤᠢ ᠲᠣᠭᠤᠷᠢᠭ ᠤᠨ ᠬᠥᠭᠵᠢᠯᠲᠡ ᠶᠢ ᠳᠡᠮᠵᠢᠭᠰᠡᠨ ᠡᠯ᠎ᠡ ᠡᠲᠡᠭᠡᠳ ᠤᠨ ᠬᠥᠮᠦᠰ ᠲᠤ ᠴᠢᠩ | ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕ | ᠲᠥᠯᠥᠭᠡᠯᠡᠭᠴᠢᠳ ᠡ᠂ ᠠᠮᠵᠢᠯᠲᠠ ᠪᠠᠨ ᠣᠯᠵᠤ ᠦᠵᠡᠬᠦ ᠶᠢᠨ ᠬᠠᠮᠲᠤ ᠪᠢᠳᠡ ᠠᠰᠠᠭᠤᠳᠠᠯ ᠳᠤ ᠨᠡᠩ ᠰᠢᠭᠤᠳ | ᠬᠠᠨᠳᠤᠬᠤ ᠬᠡᠷᠡᠭᠲᠡᠶ᠃ 2023 ᠣᠨ ᠠᠴᠠ ᠨᠠᠰᠢ᠂ ᠮᠠᠨ ᠤᠲ᠋ᠤᠭᠤᠷᠢᠭ ᠣᠯᠠᠨ ᠵᠦᠢᠯ ᠤᠨ ᠤᠯᠠᠮᠵᠢᠯᠠᠯᠲᠤ ᠠᠵᠤ | ᠦᠢᠯᠡᠰ ᠤᠨ ᠦᠢᠯᠡᠳᠬᠦᠨ ᠤ ᠦᠨ᠎ᠡ ᠬᠠᠩᠰᠢ ᠶᠢᠨ ᠪᠠᠭᠤᠷᠠᠯᠲᠠ ᠶᠢᠨ ᠬᠡᠮᠵᠢᠶ᠎ᠡ ᠨᠡᠯᠢᠶᠡᠳ ᠶᠡᠭᠡ᠂ ᠭᠤᠤᠯᠳᠠᠯᠭ᠎ᠠ ᠲᠠᠢ | ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠭᠦᠢᠴᠡᠳ | ᠪᠠᠳᠠᠷᠠᠭᠤᠯᠤᠭᠰᠠᠨ ᠥᠬᠡᠶ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢ ᠴᠠᠭ ᠲᠤᠬᠠᠶ ᠳᠤᠨᠢ ᠵᠠᠯᠭᠠᠯᠳᠤᠭᠤᠯᠤᠭᠰᠠᠨ | ᠥᠬᠡᠶ ᠵᠡᠷᠭᠡ ᠪᠤᠰᠤᠳᠴᠢ ᠬᠦᠴᠦᠨ ᠵᠦᠢᠯ ᠤᠨ ᠬᠢᠵᠠᠭᠠᠷᠯᠠᠯ ᠠᠴᠠ ᠪᠣᠯᠵᠣ᠂ ᠠᠵᠤ ᠠᠬᠤᠶ ᠶᠢᠨ ᠪᠠᠭᠤᠷᠠᠯᠲᠠ ᠶᠢᠨ | ᠪᠠᠶᠢᠳᠠᠯ ᠢ ᠲᠦᠷᠭᠡᠳᠭᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠨᠡᠮᠡᠭᠳᠡᠯ ᠤᠨ ᠬᠤᠷᠳᠤᠴᠠ ᠶᠢ ᠪᠠᠭᠤᠷᠠᠭᠤᠯᠵᠤ᠂ GDP ᠶᠢᠨ ᠨᠡᠮᠡᠭᠳᠡᠯ ᠤᠨ ᠬᠤᠷᠳᠤᠴᠠ ᠶᠢ ᠵᠢᠱᠢᠯᠲᠡ ᠳᠤ | ᠬᠦᠷᠦᠭᠦᠯᠦᠭᠰᠡᠨ ᠥᠬᠡᠶ᠂ ᠮᠠᠨ ᠤ ᠲᠤᠭᠤᠷᠢᠭ ᠤᠨ ᠨᠡᠭᠦᠷᠡᠰᠦ ᠳᠤ ᠲᠦᠰᠢᠭᠯᠡᠬᠦ ᠡᠨᠧᠷᠭᠢ ᠬᠦᠨᠳᠦ ᠴᠢᠬᠤᠯᠠ ᠠᠵᠤ | ᠦᠢᠯᠡᠰ ᠤᠨ ᠪᠦᠲᠦᠴᠡ ᠶᠢ ᠲᠦᠷᠭᠡᠨ ᠬᠤᠪᠢᠷᠠᠭᠤᠯᠬᠤ ᠴᠢᠬᠤᠯᠠᠲᠠᠢ ᠪᠠᠶᠢᠬᠤ ᠶᠢ ᠬᠠᠷᠠᠭᠤᠯᠵᠤ ᠪᠠᠶᠢᠨ᠎ᠠ᠃ ᠡᠭᠦᠨ ᠤ | ᠬᠠᠮᠲᠤ᠂ ᠣᠳᠣᠬᠠᠨ ᠳᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠮᠥᠨ ᠬᠦ ᠮᠠᠰᠢ ᠣᠯᠠᠨ ᠬᠦᠴᠢᠷᠳᠡᠯ ᠪᠠ | ᠠᠰᠠᠭᠤᠳᠠᠯ ᠲᠤᠯᠭᠠᠷᠠᠵᠤ ᠪᠠᠶᠢᠨ᠎ᠠ᠂ ᠭᠤᠤᠯ ᠢᠯᠡᠷᠡᠯ ᠨᠢ᠄ ᠬᠦᠷᠢᠶᠡᠯᠡᠩ ᠲᠣᠭᠤᠷᠢᠭ ᠤᠨ ᠭᠠᠵᠠᠷ ᠰᠢᠷᠣᠶ ᠵᠡᠷᠭᠡ | ᠬᠦᠴᠦᠨ ᠵᠦᠢᠯ ᠤᠨ ᠪᠠᠲᠤᠯᠠᠭ᠎ᠠ ᠬᠦᠷᠦᠯᠴᠡᠬᠦ ᠦᠭᠡᠢ᠂ ᠲᠣᠮᠣ ᠬᠡᠯᠪᠡᠷᠢ ᠶᠢᠨ ᠲᠥᠷᠥᠯ ᠵᠦᠢᠯ ᠢ | ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠬᠤ ᠶᠢ ᠬᠢᠵᠠᠭᠠᠷᠯᠠᠵᠤ ᠪᠠᠶᠢᠨ᠎ᠠ︔ ᠠᠷᠠᠳ ᠤᠨ ᠠᠮᠢᠳᠤᠷᠠᠯ ᠤᠨ | ᠬᠦᠷᠢᠶᠡᠨ ᠳᠠᠬᠢ ᠣᠷᠣᠭᠤᠯᠤᠯᠲᠠ ᠨᠢ ᠵᠠᠰᠠᠭ ᠤᠨ ᠣᠷᠳᠣᠨ ᠤ ᠥᠷᠢ ᠰᠢᠷᠢ ᠠᠷᠢᠯᠭᠠᠬᠤ ᠲᠠᠯ᠎ᠠ ᠪᠠᠷ ᠲᠣᠪᠤᠶᠢᠮ᠎ᠠ | ᠵᠥᠷᠢᠴᠡᠯ ᠣᠷᠣᠰᠢᠵᠤ ᠪᠠᠶᠢᠨ᠎ᠠ︔ ᠬᠤᠲᠠ ᠶᠢᠨ ᠰᠠᠭᠤᠷᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠴᠢᠩᠭᠠᠳᠬᠠᠬᠤ | ᠴᠢᠬᠤᠯᠠᠲᠠᠶ ᠪᠠᠶᠢᠨ᠎ᠠ︔ ᠡᠬᠢ ᠪᠠᠶᠠᠯᠢᠭ ᠣᠷᠴᠢᠨ ᠠᠬᠤᠶ ᠶᠢᠨ ᠬᠢᠵᠠᠭᠠᠷᠯᠠᠯ ᠡᠳᠦᠷ ᠢᠷᠡᠬᠦᠶ᠎ᠡ ᠲᠣᠪᠤᠶᠢᠮ᠎ᠠ ᠪᠣᠯᠵᠣ | ᠪᠠᠶᠢᠨ᠎ᠠ᠂ ᠣᠷᠴᠢᠨ ᠠᠬᠤᠶ ᠶᠢᠨ ᠬᠠᠮᠠᠭᠠᠯᠠᠯᠲᠠ ᠪᠠ ᠪᠣᠬᠢᠷᠲᠤᠯ ᠢ ᠵᠠᠰᠠᠬᠤ ᠡᠭᠦᠷᠭᠡ ᠬᠠᠲᠠᠭᠤ ᠪᠡᠷᠬᠡ ᠪᠠᠶᠢᠨ᠎ᠠ︔ | ᠬᠡᠰᠡᠭ ᠺᠠᠳ᠋ᠷᠴᠤᠳ ᠲᠡᠮᠡᠴᠡᠯ ᠤᠨ ᠤᠬᠠᠮᠰᠠᠷ ᠪᠠ ᠵᠠᠮ ᠨᠡᠭᠡᠭᠡᠨ ᠤᠷᠤᠭᠰᠢᠯᠠᠬᠤ ᠵᠣᠷᠢᠭ ᠰᠠᠨᠠᠭ᠎ᠠ ᠪᠠᠷ ᠳᠤᠲᠠᠮᠠᠭ | ᠪᠠᠶᠢᠵᠤ᠂ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠠᠵᠠ ᠵᠠᠪᠰᠢᠶᠠᠨ ᠢᠶᠠᠷ ᠪᠠ ᠬᠤᠶᠢᠷᠭᠤᠰᠢᠬᠤ ᠪᠣᠳᠣᠯ | ᠣᠷᠣᠰᠢᠵᠤ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠢᠨᠠᠮᠠᠭᠠᠶ | ᠰᠤᠳᠤᠯᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠤᠡᠪᠤᠷᠢᠯᠡᠨ᠎ᠡ᠃ | ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | 2024 ᠤᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠭᠦᠨᠵᠡᠭᠡᠢ ᠬᠡᠷᠡᠭᠵᠢᠭᠦᠯᠬᠦ ᠪᠣᠭᠤᠮᠲᠠ ᠰᠢᠪᠲᠤᠯᠬᠤ ᠵᠢᠯ ᠪᠣᠯᠤᠨ᠎ᠠ᠂ ᠮᠥᠨᠴᠦ ᠬᠠᠶᠢᠷᠤᠪ ᠤᠨ | ᠲᠤᠬᠤᠢ ᠲᠣᠭᠤᠷᠢᠭ ᠤᠨ ᠰᠢᠨ᠎ᠡ ᠠᠵᠠ ᠲᠣᠬᠢᠶᠠᠯ ᠢ ᠠᠮᠵᠢᠵᠤ᠂ ᠰᠢᠨ᠎ᠡ ᠥᠷᠢᠰᠥᠯᠳᠦᠭᠡᠨ ᠢ ᠤᠭᠲᠤᠵᠤ᠂ ᠰᠢᠨ᠎ᠡ | ᠬᠥᠭᠵᠢᠯᠲᠡ ᠶᠢ ᠡᠷᠢᠯᠬᠢᠯᠡᠬᠦ ᠴᠢᠬᠤᠯᠠ ᠵᠢᠯ ᠪᠣᠯᠤᠨ᠎ᠠ᠂ ᠪᠦᠬᠦ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ | ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ ᠶᠤᠮ᠃ ᠪᠢᠳᠡ ᠰᠠᠨᠠᠭᠠᠴᠢᠯᠠᠭ᠎ᠠ ᠠᠴᠠ ᠪᠠᠨ ᠨᠠᠮ ᠤᠨ | ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ | ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠠᠷᠢᠮᠵᠢᠶᠠᠯᠠᠨ ᠬᠠᠷᠭᠤᠭᠤᠯᠵᠤ᠂ ︽ | ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ | ᠲᠥᠰᠦᠪᠯᠡᠯᠲᠡ︾ ᠪᠠᠷ ᠭᠠᠷᠳᠠᠴᠠ ᠪᠣᠯᠭᠠᠵᠤ᠂ ᠨᠠᠩ ᠥᠷᠭᠡᠨ ᠬᠠᠷᠠᠭᠠᠰᠤ᠂ ᠨᠠᠩ ᠥᠨᠳᠥᠷ ᠬᠠᠷᠠᠯᠲᠠ ᠱᠠᠭᠠᠷᠳᠠᠯᠭ᠎ᠠ᠂ | ᠨᠠᠩ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠬᠥᠭᠵᠢᠯᠲᠡ ᠶᠢ ᠡᠷᠢᠯᠬᠢᠯᠡᠵᠦ᠂ ᠳᠠᠪᠰᠢᠯᠲᠠ ᠶᠢ ᠰᠦᠪᠡᠭᠴᠢᠯᠡᠵᠦ᠂ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠶᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ | 2024 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠦᠬᠦ ᠲᠠᠯ᠎ᠠ ᠪᠠᠷ | ᠲᠤᠤᠱᠯᠠᠭᠤᠯᠵᠤ᠂ ︽ᠬᠤᠶᠠᠷ ᠶᠡᠭᠡ ᠶᠠᠪᠤᠳᠠᠯ︾ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠪᠡᠷᠲᠡᠭᠡᠨ | ᠵᠠᠰᠠᠬᠤ ᠣᠷᠣᠨ ᠤ ︽ᠨᠢᠭᠡ ᠭᠤᠣᠯ ᠰᠢᠵᠢᠮ ᠢ ᠲᠤᠤᠱᠯᠠᠭᠤᠯᠵᠤ᠂ ᠨᠢᠭᠡ ᠵᠢᠷᠤᠮᠯᠠᠯ ᠢ ᠪᠠᠷᠢᠮᠲᠠᠯᠠᠵᠤ᠂ ᠨᠢᠭᠡ ᠰᠢᠨ᠎ᠡ | ᠵᠠᠮ ᠢᠶᠠᠷ ᠰᠠᠶᠢᠲᠤᠷ ᠵᠠᠮᠨᠠᠵᠤ᠂ ᠬᠤᠶᠠᠷ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ︿ᠭᠤᠷᠪᠠᠨ ᠴᠢᠨᠠᠷ ᠰᠠᠶᠢᠳᠠᠢ﹀ | ᠬᠠᠷᠠᠯᠲᠠ ᠶᠢ ᠪᠡᠶᠡᠯᠡᠭᠦᠯᠬᠦ︾ ᠬᠥᠭᠵᠢᠯᠲᠡ ᠶᠢᠨ ᠰᠡᠳᠬᠢᠴᠡ ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠵᠢᠷᠭᠤᠳᠤᠭᠠᠷ ᠢᠨᠵᠧᠨᠧᠷᠢᠩ︾᠂ ᠬᠤᠲᠠ ᠶᠢᠨ ᠨᠠᠮ ᠤᠨ ᠬᠤᠷᠢᠶᠠᠨ ᠤ 12 ᠵᠦᠢᠯ ᠤᠨ ᠭᠤᠤᠯᠳᠠᠯᠭ᠎ᠠ ᠲᠠᠢ ᠠᠵᠢᠯ | ᠪᠠ ᠲᠣᠭᠤᠷᠢᠭ ᠤᠨ ᠨᠠᠮ ᠤᠨ ᠬᠤᠷᠢᠶᠠᠨ ᠤ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠠᠵᠢᠯ ᠤᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠪᠣᠬᠢᠷᠲᠤᠯ ᠥᠬᠡᠶ ᠬᠥᠭᠵᠢᠯᠲᠡ ᠶᠢ ᠬᠦᠴᠦᠯᠡᠨ | ᠠᠬᠢᠭᠤᠯᠵᠤ᠂ ᠠᠮᠤᠷ ᠲᠦᠪᠰᠢᠨ ᠲᠣᠭᠲᠠᠭᠤᠨ ᠢ ᠬᠦᠴᠦᠯᠡᠨ ᠬᠠᠮᠠᠭᠠᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠪᠥᠲᠥᠭᠡᠨ ᠪᠠᠶᠢᠭᠤᠯᠬᠤ ᠶᠠᠪᠤᠴᠠ ᠳᠤ ᠬᠠᠶᠢᠷᠤᠪ ᠤᠨ ᠲᠣᠬᠤᠶ ᠶᠢᠨ ᠬᠦᠴᠦᠨ ᠴᠢᠳᠠᠯ ᠢᠶᠠᠨ | ᠡᠷᠭᠦᠨ᠎ᠡ᠃ | 2024 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠤᠶᠢᠯᠡᠤᠡᠪᠤᠷᠢᠯᠡᠯ ᠤᠨ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 6% ᠣᠷᠴᠢᠮ | ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠤᠡᠪᠤᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 7% ᠣᠷᠴᠢᠮ ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 20% ᠣᠷᠴᠢᠮ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ | ᠠᠳᠠᠯᠢ ᠬᠤᠭᠤᠴᠠᠭᠠᠨ ᠤ ᠬᠢ ᠠᠴᠠ 5% ᠣᠷᠴᠢᠮ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 4% ᠣᠷᠴᠢᠮ ᠨᠡᠮᠡᠭᠳᠡᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠪᠠ ᠠᠵᠤ | ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠣᠯᠵᠤ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ | ᠤᠯᠠᠮ ᠨᠢᠭᠡ ᠠᠯᠬᠤᠮ ᠰᠠᠶᠢᠵᠢᠷᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠶᠢᠨ | ᠬᠤᠷᠣᠭᠳᠠᠯ ᠤᠨ ᠬᠤᠤᠰ ᠡᠵᠡᠮᠳᠡᠯ ᠪᠠ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠠᠷᠠᠯᠲᠠ | ᠡᠭᠦᠷᠭᠡ ᠶᠢ ᠪᠡᠶᠡᠯᠡᠭᠦᠯᠪᠡ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ | ︵ᠨᠢᠭᠡ︶ ᠲᠦᠷᠦᠯ ᠵᠦᠢᠯ ᠤᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠬᠦᠴᠦᠯᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ᠃ ︽ | ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠪᠡᠯᠡ ᠣᠷᠣᠭᠤᠯᠤᠯᠲᠠ ᠶᠢᠨ | ᠵᠠᠩᠭᠢᠯᠠᠭ᠎ᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ | ᠲᠣᠬᠢᠶᠠᠯ ᠢ ᠠᠮᠵᠢᠵᠤ᠂ ᠨᠡᠩ ᠶᠡᠭᠡ ᠵᠣᠷᠢᠭ᠂ ᠨᠡᠩ ᠴᠢᠩᠭ᠎ᠠ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ | ᠲᠦᠷᠦᠯ ᠵᠦᠢᠯ ᠢ ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ | ᠲᠠᠯᠪᠢᠬᠤ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ | ᠠᠵᠤ ᠤᠶᠢᠯᠡᠰ ᠤᠨ ᠬᠥᠭᠵᠢᠯᠲᠡ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ᠂ ᠵᠠᠮ ᠬᠠᠷᠢᠯᠴᠠᠭ᠎ᠠ ᠡᠨᠧᠷᠭᠢ ᠵᠡᠷᠭᠡ ᠭᠤᠤᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ | ᠶᠡᠷᠦᠩᠬᠡᠶ ᠪᠠᠯᠠ ᠣᠷᠣᠭᠤᠯᠤᠯᠲᠠ ᠶᠢᠨ 834.76 ᠳ᠋ᠦᠩᠰᠢᠭᠤᠷ ᠲᠥᠭᠦᠷᠢᠭ ᠤᠨ 64 ᠭᠤᠤᠯᠳᠠᠯᠭ᠎ᠠ ᠲᠠᠢ | ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃ ᠡᠨᠡ ᠡᠪᠦᠯ ᠢᠷᠡᠬᠦ | ᠬᠠᠪᠤᠷ ᠤᠨ ᠵᠠᠩᠭᠢᠯᠠᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ︽ᠨᠢᠭᠡ ᠵᠦᠢᠯ ᠨᠢᠭᠡ ᠲᠠᠩᠰᠠ ᠡᠪᠬᠡᠮᠡᠯ︾ | ᠤᠨ ᠠᠷᠭ᠎ᠠ ᠮᠠᠶ᠋ᠢᠭ ᠶᠣᠰᠣᠭᠠᠷ᠂ ᠲᠥᠷᠥᠯ ᠵᠦᠢᠯ ᠤᠨ ᠭᠠᠷᠳᠠᠮ ᠢ ᠭᠦᠢᠴᠡᠳᠬᠡᠭᠰᠡᠨ ᠪᠠᠶᠢᠳᠠᠯ᠂ ᠬᠦᠴᠦᠨ ᠵᠦᠢᠯ ᠤᠨ | ᠪᠠᠲᠤᠯᠠᠭ᠎ᠠ ᠶᠢᠨ ᠪᠠᠶᠢᠳᠠᠯ ᠢ ᠴᠢᠩᠭ᠎ᠠ ᠠᠩᠬᠠᠷᠴᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠪᠣᠳᠠᠲᠠᠶ ᠪᠥᠭᠡᠳ ᠨᠠᠷᠢᠯᠢᠭ ᠬᠢᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠭᠤᠤᠯ ᠭᠠᠷᠳᠠᠮ ᠢ ᠡᠷᠲᠡᠬᠡᠨ | ᠬᠦᠢᠴᠡᠳᠭᠡᠵᠦ ᠳᠠᠭᠤᠰᠬᠠᠬᠤ ᠶᠢ ᠦᠨᠡᠨᠬᠦ ᠪᠠᠲᠤᠯᠠᠵᠤ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠲᠥᠯᠥᠪᠯᠡᠭᠡ | ᠶᠣᠰᠣᠭᠠᠷ ᠠᠵᠢᠯ ᠢᠶᠠᠨ ᠰᠡᠷᠭᠦᠭᠡᠵᠦ ᠪᠥᠲᠥᠭᠡᠨ ᠪᠠᠶᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠬᠤᠷᠳᠤᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ ᠭᠠᠷᠭᠠᠨ᠎ᠠ᠃ ᠠᠷᠭ᠎ᠠ ᠪᠦᠬᠦᠨ ᠢ ᠰᠦᠪᠡᠭᠴᠢᠯᠡᠨ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠠᠳᠬᠤᠨ᠎ᠠ᠃ ᠬᠤᠳᠠᠯᠳᠤᠭᠠᠴᠢᠨ ᠤᠷᠢᠬᠤ | ᠪᠠᠶᠢᠩᠭᠤᠵᠢᠭᠤᠯᠤᠭᠰᠠᠨ ᠲᠣᠭᠲᠠᠴᠠ ᠶᠢ ᠨᠠᠶᠢᠳᠠᠪᠤᠷᠢᠵᠢᠭᠤᠯᠵᠤ᠂ ᠪᠥᠬᠦ ᠠᠵᠢᠯᠲᠠᠨ᠂ ᠪᠥᠬᠦ ᠣᠷᠣᠨ ᠪᠦᠰᠡ᠂ ᠪᠥᠬᠦ | ᠵᠢᠯ ᠳᠤ ᠬᠤᠳᠠᠯᠳᠤᠭᠠᠴᠢᠨ ᠤᠷᠢᠬᠤ ᠶᠢ ᠥᠷᠨᠢᠭᠦᠯᠦᠨ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ | ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠴᠢᠩᠭᠠᠷᠠᠭᠤᠯᠵᠤ᠂ ᠲᠤᠰᠬᠠᠶ ᠮᠡᠷᠭᠡᠵᠢᠯ ᠢᠶᠠᠷ | ᠬᠤᠳᠠᠯᠳᠤᠭᠠᠴᠢᠨ ᠤᠷᠢᠬᠤ ᠶᠢ ᠴᠢᠩᠭᠠᠷᠠᠭᠤᠯᠤᠨ᠂ ᠬᠤᠳᠠᠯᠳᠤᠭᠠᠴᠢᠨ ᠤᠷᠢᠬᠤ ᠭᠤᠤᠯᠳᠠᠯᠭ᠎ᠠ᠂ ᠴᠢᠭᠯᠡᠯ᠂ | ᠬᠠᠷᠠᠯᠲᠠᠲᠤ ᠠᠵᠤ ᠠᠬᠤᠶᠢᠯᠠᠯ ᠢ ᠣᠨᠣᠪᠴᠢᠲᠠᠶ ᠪᠠᠶᠢᠷᠢ ᠲᠣᠭᠲᠠᠭᠠᠵᠤ᠂ ᠬᠤᠳᠠᠯᠳᠤᠭᠠᠴᠢᠨ ᠤᠷᠢᠬᠤ ᠲᠥᠷᠥᠯ | ᠵᠦᠢᠯ ᠤᠨ ᠨᠠᠷᠢᠨ ᠬᠠᠭᠤᠳᠠᠰᠤ ᠶᠢ ᠲᠥᠷᠥᠯ ᠪᠦᠯᠦᠭ ᠬᠤᠪᠢᠶᠠᠨ ᠲᠣᠭᠲᠠᠭᠠᠵᠤ᠂ ᠡᠷᠬᠢᠨ ᠲᠣᠭᠤᠷᠢᠨ ᠤ ᠬᠦᠷᠢᠶᠡᠯᠡᠩ | ᠲᠣᠭᠤᠷᠢᠭ ᠤᠨ ᠠᠵᠤ ᠦᠢᠯᠡᠰ ᠤᠨ ᠪᠠᠶᠢᠷᠢ ᠲᠣᠭᠲᠠᠭᠠᠯᠲᠠ ᠲᠠᠢ ᠤᠶᠠᠯᠳᠤᠭᠤᠯᠤᠨ᠂ ᠳᠣᠤᠷᠠᠳᠤ ᠤᠷᠤᠰᠬᠠᠯ ᠪᠠ | ᠦᠵᠦᠭᠦᠷ ᠤᠨ ᠠᠵᠤ ᠦᠢᠯᠡᠰ ᠢ ᠶᠡᠬᠡᠪᠡᠷ ᠣᠷᠣᠭᠤᠯᠤᠨ ᠠᠪᠴᠢᠷᠠᠵᠤ᠂ ᠪᠥᠬᠦ ᠵᠢᠯ ᠳᠤ ᠭᠡᠷ᠎ᠡ ᠲᠣᠭᠲᠠᠭᠰᠠᠨ | ᠵᠣᠭᠤᠰ ᠤᠨ ᠲᠤᠭ᠎ᠠ ᠶᠢ 200 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠤᠨ ᠠᠪᠴᠢᠷᠠᠵᠤ᠂ ᠪᠠᠯᠠ | ᠮᠥᠩᠭᠦ ᠶᠢᠨ ᠨᠡᠮᠡᠭᠳᠡᠯ ᠤᠨ ᠬᠤᠷᠳᠤᠴᠠ ᠶᠢ 8% ᠠᠴᠠ ᠳᠡᠭᠡᠭᠰᠢ ᠪᠠᠶᠢᠯᠭᠠᠬᠤ ᠶᠢ ᠪᠡᠶᠡᠯᠡᠭᠦᠯᠦᠨ᠎ᠡ᠃ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠠᠵᠤ ᠠᠬᠤᠶ ᠶᠢᠨ | ᠰᠠᠶᠢᠵᠢᠷᠠᠭᠤᠯᠤᠯᠲᠠ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠦᠨ᠎ᠡ ᠬᠠᠩᠰᠢ ᠶᠢᠨ ᠪᠠᠶᠢᠳᠠᠯ ᠢ | ᠬᠥᠳᠡᠯᠦᠩᠭᠦᠶ ᠪᠠᠷ ᠣᠶᠢᠯᠠᠭᠠᠬᠤ ᠲᠣᠭᠲᠠᠴᠠ ᠶᠢ ᠭᠦᠢᠴᠡᠳ ᠬᠡᠷᠡᠭᠯᠡᠨ᠂ ᠠᠵᠤ ᠠᠬᠤᠶᠢᠯᠠᠯ ᠤᠨ ᠬᠠᠪᠰᠤᠷᠤᠨ | ᠲᠡᠳᠬᠦᠬᠦ ᠶᠢ ᠴᠠᠭ ᠲᠤᠬᠠᠶ ᠳᠤᠨᠢ ᠳᠠᠭᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠳᠡᠭᠡᠷᠡᠬᠢ ᠠᠵᠤ | ᠠᠬᠤᠶᠢᠯᠠᠯ ᠤᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠪᠠᠲᠤᠯᠠᠬᠤ ᠶᠢᠨ ᠬᠠᠮᠲᠤ᠂ ᠠᠵᠤ | ᠠᠬᠤᠶᠢᠯᠠᠯ ᠤᠨ ᠲᠦᠷᠢᠮ ᠳᠤ ᠣᠷᠣᠵᠤ ᠨᠢᠭᠡᠳᠦᠯᠲᠡᠶ ᠲᠥᠯᠥᠪᠯᠡᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 4 ᠰᠢᠨ᠎ᠡ ᠪᠠᠷ | ᠨᠡᠮᠡᠭᠳᠡᠭᠦᠯᠬᠦ ᠪᠠᠷ ᠴᠢᠷᠮᠠᠶᠢᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠᠷ ᠭᠠᠷᠳᠠᠴᠠ | ᠪᠣᠯᠭᠠᠵᠤ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠨ︾ ᠳᠤ ᠠᠩᠬᠠᠷᠤᠯ ᠢᠶᠠᠨ ᠲᠥᠪᠯᠡᠷᠡᠭᠦᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ | ᠦᠷᠭᠦᠯᠵᠢᠯᠡᠨ ᠠᠬᠢᠭᠤᠯᠤᠨ᠎ᠠ᠃ ︽ᠬᠦᠷᠢᠶᠡᠯᠡᠩ ᠲᠣᠭᠤᠷᠢᠭ ᠲᠤ ᠱᠦᠭᠯᠦ ᠦᠯᠢᠶᠡᠵᠦ᠂ ᠰᠠᠯᠠᠭ᠎ᠠ ᠮᠥᠴᠢᠷ ᠤᠨ | ᠬᠠᠷᠢᠭᠤᠯᠲᠠ ᠶᠢᠨ ᠬᠠᠭᠤᠳᠠᠰᠤ︾ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠲᠤ ᠣᠷᠣᠭᠤᠯᠬᠤ ᠶᠢ ᠠᠬᠢᠭᠤᠯᠵᠤ᠂ ᠠᠵᠤ ᠠᠬᠤᠶᠢᠯᠠᠯ ᠳᠤ | ︽ᠵᠠᠶ ᠥᠬᠡᠶ︾ ᠪᠠᠶᠢᠯᠭᠠᠬᠤ ᠶᠢ ᠠᠬᠢᠭᠤᠯᠤᠨ᠎ᠠ᠃ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠤᠯᠠ ᠪᠠᠶᠢᠭ᠎ᠠ ᠡᠬᠢ ᠪᠠᠶᠠᠯᠢᠭ ᠢ ᠪᠥᠬᠦ ᠬᠦᠴᠦᠨ ᠢᠶᠠᠷ ᠢᠶᠠᠨ | ᠠᠮᠢᠳᠤᠯᠢᠭ ᠪᠣᠯᠭᠠᠨ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠭᠠᠵᠠᠷ ᠰᠢᠷᠣᠢ ᠶᠢᠨ ᠬᠠᠩᠭᠠᠯᠭ᠎ᠠ ᠶᠢ | ᠲᠦᠷᠭᠡᠳᠬᠡᠨ ᠪᠡᠶᠡᠯᠡᠭᠦᠯᠵᠦ᠂ ᠡᠬᠢ ᠪᠠᠶᠠᠯᠢᠭ ᠤᠨ ᠡᠯᠧᠮᠧᠨ᠋ᠲ ᠢ ᠠᠷᠪᠢᠲᠠᠢ ᠡᠷᠴᠢᠮᠯᠢᠭ ᠠᠰᠢᠭᠯᠠᠬᠤ ᠲᠦᠪᠰᠢᠨ ᠢ | ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠤᠰᠤ᠂ ᠴᠠᠬᠢᠯᠭᠠᠨ᠂ ᠬᠡᠶ᠂ ᠳᠤᠯᠠᠭᠠᠯᠠᠭ᠎ᠠ᠂ | ᠵᠠᠮ᠂ ᠭᠠᠯ ᠤᠨᠲᠠᠷᠠᠭᠠᠬᠤ ᠬᠤᠭᠤᠯᠠᠶ ᠶᠢᠨ ᠲᠣᠤᠷ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠪᠢᠲᠡᠭᠦᠮᠵᠢᠯᠡᠭᠰᠡᠨ ᠬᠠᠮᠢᠶᠠᠷᠤᠯᠲᠠ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠦᠷᠭᠦᠯᠵᠢᠯᠡᠨ ᠰᠠᠶᠢᠵᠢᠷᠠᠭᠤᠯᠵᠤ᠂ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠶᠠᠰᠤ ᠴᠢᠨᠠᠷ ᠢ ᠦᠨᠡᠨᠬᠦ | ᠳᠡᠭᠡᠭᠰᠢᠯᠡᠭᠦᠯᠦᠨ᠎ᠡ᠃ ︽ᠬᠤᠶᠠᠷ ᠡᠷᠡᠰ ᠭᠤᠶᠢᠪᠢᠰᠢ ᠦᠭᠡᠢ︾ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠵᠠᠬ᠎ᠠ | ᠳᠡᠯᠭᠡᠭᠦᠷ ᠲᠤ ᠭᠠᠷᠬᠤ ᠶᠢ ᠵᠣᠷᠢᠭᠵᠢᠭᠤᠯᠤᠨ ᠳᠡᠮᠵᠢᠬᠦ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠵᠠᠬ᠎ᠠ | ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠤᠨ ᠪᠡᠯᠡᠳᠬᠡᠯ ᠬᠥᠮᠥᠷᠭᠡ ᠶᠢ ᠪᠠᠶᠢᠭᠤᠯᠤᠨ ᠪᠦᠷᠢᠨᠰᠢᠭᠦᠯᠵᠦ᠂ ᠨᠢᠭᠡ | ᠪᠦᠯᠦᠭ ᠨᠥᠬᠦᠴᠡᠯ ᠳᠤ ᠨᠡᠶᠢᠴᠡᠬᠦ ᠴᠢᠨᠠᠷ ᠰᠠᠶᠢᠲᠠᠶ ᠠᠵᠤ ᠠᠬᠤᠶᠢᠯᠠᠯ ᠢ ᠱᠠᠲᠤ ᠳᠠᠷᠠᠭᠠᠯᠠᠨ ᠰᠢᠭᠰᠢᠨ ᠰᠣᠩᠭᠤᠬᠤ ᠪᠠ | ᠬᠥᠮᠦᠵᠢᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠤᠶᠢᠵᠢᠭᠤᠯᠬᠤ ᠶᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ︵ᠬᠤᠶᠠᠷ︶ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠵᠦ᠂ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠠᠯᠬᠤᠴᠠ ᠶᠢ ᠲᠦᠷᠭᠡᠳᠬᠡᠨ᠎ᠡ᠃ ᠬᠡᠯᠪᠡᠷᠢ ᠪᠠᠨ ᠬᠤᠪᠢᠷᠠᠭᠤᠯᠤᠨ | ᠬᠥᠭᠵᠢᠭᠦᠯᠬᠦ᠂ ᠴᠢᠨᠠᠷ ᠰᠠᠶᠢᠲᠠᠢ ᠬᠥᠭᠵᠢᠬᠦ ᠲᠠᠢ ᠨᠢᠭᠲᠠ ᠤᠶᠠᠯᠳᠤᠭᠤᠯᠤᠨ᠂ ᠬᠥᠭᠵᠢᠯᠲᠡ ᠶᠢᠨ ᠬᠦᠴᠦᠯᠡᠬᠦ | ᠴᠡᠭ ᠢᠶᠠᠨ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠢᠨ᠎ᠡ ᠪᠠᠷ ᠮᠠᠨᠳᠤᠭᠰᠠᠨ | ᠠᠵᠤ ᠦᠢᠯᠡᠰ ᠪᠣᠯᠤᠨ ᠤᠯᠠᠮᠵᠢᠯᠠᠯᠲᠤ ᠠᠵᠤ ᠦᠢᠯᠡᠰ ᠤᠨ ᠬᠤᠶᠠᠷ ᠲᠠᠯ᠎ᠠ ᠠᠴᠠ ᠬᠦᠴᠦᠯᠡᠵᠦ᠂ ᠤᠯᠠᠮᠵᠢᠯᠠᠯᠲᠤ | ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠡᠮᠬᠢᠯᠡᠨ ᠨᠡᠶᠢᠯᠡᠭᠦᠯᠵᠦ ᠲᠣᠭᠲᠠᠭᠤᠨ ᠪᠠᠶᠢᠯᠭᠠᠬᠤ | ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠵᠢᠵᠢᠭ᠂ ᠲᠠᠷᠠᠬᠠᠶ ᠪᠤᠲᠠᠷᠬᠠᠶ᠂ ᠡᠮᠬᠢ | ᠵᠠᠮᠪᠠᠷᠠᠭ᠎ᠠ ᠥᠬᠡᠶ ᠬᠥᠭᠵᠢᠯᠲᠡ ᠶᠢᠨ ᠣᠳᠣᠬᠢ ᠪᠠᠶᠢᠳᠠᠯ ᠢ ᠬᠦᠴᠦᠯᠡᠨ ᠠᠷᠢᠯᠭᠠᠵᠤ᠂ ᠤᠯᠠᠮᠵᠢᠯᠠᠯᠲᠤ ᠠᠵᠤ | ᠦᠢᠯᠡᠰ ᠤᠨ ᠪᠦᠯᠦᠭᠵᠢᠬᠦ᠂ ᠬᠡᠪᠴᠢᠶᠡᠵᠢᠬᠦ᠂ ᠪᠣᠬᠢᠷᠲᠤᠯ ᠥᠬᠡᠶ ᠬᠥᠭᠵᠢᠬᠦ ᠶᠢ ᠠᠬᠢᠭᠤᠯᠤᠨ᠎ᠠ᠃ 16 ᠨᠡᠭᠦᠷᠡᠰᠦᠨ | ᠠᠭᠤᠷᠬᠠᠶ ᠶᠢ ᠡᠮᠬᠢᠯᠡᠨ ᠨᠡᠶᠢᠯᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ 3 ᠠᠭᠤᠷᠬᠠᠶ ᠶᠢᠨ | ᠡᠷᠬᠡ ᠶᠢ ᠡᠮᠬᠢᠯᠡᠨ ᠨᠡᠶᠢᠯᠡᠭᠦᠯᠬᠦ ᠣᠷᠣᠨ ᠢ ᠪᠣᠶ ᠪᠣᠯᠭᠠᠨ᠎ᠠ︔ ᠺᠠᠪᠦ᠋ᠴᠢ᠂ ᠮᠦᠸᠧ ᠡᠯ ᠭᠸᠤ ᠵᠡᠷᠭᠡ ᠮᠢᠩᠭᠠᠨ ᠲᠦᠮᠡᠨ | ᠲᠣᠨ ᠤ ᠲᠠᠰ ᠤᠨ ᠨᠡᠭᠦᠷᠡᠰᠦᠨ ᠤ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭᠴᠢᠲᠤ ᠡᠳ᠋ᠰᠢᠭᠦᠯᠬᠦ ᠠᠷᠠᠯᠵᠢᠶᠠᠨ ᠤ | ᠠᠵᠤ ᠦᠢᠯᠡᠰ ᠤᠨ ᠬᠦᠷᠢᠶᠡᠯᠡᠩ ᠢ ᠠᠵᠢᠯ ᠡᠬᠢᠯᠡᠭᠦᠯᠦᠨ ᠪᠠᠶᠢᠭᠤᠯᠵᠤ᠂ ᠶᠢᠨ ᠷᠦᠩ ᠪᠠᠢ ᠴᠤᠸᠠᠨ ᠤ ᠮᠢᠩᠭᠠᠨ | ᠲᠦᠮᠡᠨ ᠲᠣᠨ ᠤ ᠲᠠᠰ ᠤᠨ ᠨᠡᠭᠦᠷᠡᠰᠦᠨ ᠤ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭᠴᠢᠲᠤ ᠡᠳ᠋ᠰᠢᠭᠦᠯᠬᠦ | ᠠᠷᠠᠯᠵᠢᠶᠠᠨ ᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ | ᠠᠬᠢᠭᠤᠯᠵᠤ᠂ ᠵᠢᠶᠦ᠋ᠨ ᠫᠢᠩ ᠤᠨ 300 ᠲᠦᠮᠡᠨ ᠲᠣᠨ ᠬᠡᠤᠷᠰᠢᠭᠦᠯᠬᠦ ᠡᠮᠬᠢᠯᠡᠨ ᠨᠡᠶᠢᠯᠡᠭᠦᠯᠬᠦ ᠤᠯᠠᠮᠵᠢᠯᠠᠯᠲᠤ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠵᠤ᠂ | ᠤᠯᠠᠮᠵᠢᠯᠠᠯᠲᠤ ᠠᠵᠤ ᠦᠢᠯᠡᠰ ᠤᠨ ᠰᠢᠨ᠎ᠡ ᠳᠠᠪᠠᠭᠤᠯᠢᠭ ᠢ ᠳᠠᠬᠢᠨ ᠪᠣᠶ ᠪᠣᠯᠭᠠᠨ᠎ᠠ᠃ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠰᠦᠷᠦᠭᠵᠢᠯ ᠢ ᠠᠬᠢᠭᠤᠯᠤᠨ᠎ᠠ᠃ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠮᠢᠩᠭᠠᠨ | ᠳ᠋ᠦᠩᠰᠢᠭᠤᠷ ᠲᠠᠰ ᠤᠨ ᠠᠵᠤ ᠦᠢᠯᠡᠰ ᠤᠨ ᠪᠥᠭᠡᠮᠨᠡᠷᠡᠯ ᠢ 2 ᠪᠠ ᠵᠠᠭᠤᠨ ᠳ᠋ᠦᠩᠰᠢᠭᠤᠷ ᠲᠠᠰ ᠤᠨ ᠠᠵᠤ | ᠦᠢᠯᠡᠰ ᠤᠨ ᠬᠡᠯᠬᠢᠶ᠎ᠡ ᠶᠢᠨ ᠪᠦᠯᠦᠭᠵᠢᠯ ᠢ 5 ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠬᠡᠷᠡᠯ ᠴᠡᠨᠡᠭ᠂ ᠡᠨᠧᠷᠭᠢ | ᠬᠠᠳᠠᠭᠠᠯᠠᠬᠤ᠂ ᠰᠢᠨ᠎ᠡ ᠡᠨᠧᠷᠭᠢ ᠶᠢᠨ ᠮᠠᠰᠢᠨ ᠲᠡᠷᠭᠡ᠂ BDO ᠵᠡᠷᠭᠡ ᠵᠢᠷᠭᠤᠭᠠᠨ ᠠᠵᠤ ᠦᠢᠯᠡᠰ ᠤᠨ ᠬᠡᠯᠬᠢᠶ᠎ᠡ ᠶᠢ | ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠪᠠᠷᠢᠯᠭ᠎ᠠ ᠡᠬᠢᠯᠡᠭᠦᠯᠬᠦ ᠶᠢ ᠴᠢᠩᠭ᠎ᠠ ᠠᠳᠬᠤᠬᠤ ᠶᠢ ᠭᠦᠨᠵᠡᠭᠡᠢ | ᠬᠡᠷᠡᠭᠵᠢᠭᠦᠯᠵᠦ᠂ ᠳ᠋ᠦᠩ ᠵᠢᠩ ᠰᠢᠨ᠎ᠡ ᠮᠠᠲ᠋ᠧᠷᠢᠶᠠᠯ ᠤᠨ ᠲᠠᠩ ᠲᠠᠯᠠᠰᠲᠤ ᠬᠡᠷᠴᠢᠮᠡᠯ᠂ ᠴᠢᠩ ᠲᠤᠤ ᠬᠠᠲᠠᠭᠤ | ᠲᠦᠯᠦᠪᠲᠦ ᠯᠢᠲ᠋ᠢ ᠳ᠋ᠢᠶᠠᠨ ᡂᠢ᠂ ᠭᠤᠷᠪᠠᠨ ᠬᠡᠮᠵᠢᠯᠲᠦ BDO ᠬᠤᠶᠠᠳᠤᠭᠠᠷ ᠬᠤᠭᠤᠴᠠᠭ᠎ᠠ᠂ ᠷᠦᠩ ᠵᠢᠶᠧ | ᠳ᠋ᠢᠶᠠᠨ ᡂᠢ ᠶᠢᠨ PACK ᠵᠢᠴᠢ ᠴᠠᠬᠢᠯᠭᠠᠨ ᠭᠤᠣᠯ᠂ ᠪᠦᠦ ᠵᠢᠶᠧ ᠪᠢᠯᠢᠭ ᠲᠦᠢᠯ ᠤᠨ ᠮᠠᠲ᠋ᠧᠷᠢᠶᠠᠯ᠂ ᠢ ᠵᠢᠶᠧ | ᠴᠠᠬᠢᠯᠭᠠᠨ ᠬᠥᠳᠡᠯᠭᠡᠭᠦᠷᠲᠦ ᠠᠭᠤᠷᠬᠠᠢ ᠶᠢᠨ ᠺᠠᠷᠲ᠂ ᠵᠢᠶᠠᠨ ᠯᠦᠩ ᠪᠣᠯᠣᠳ ᠬᠥᠩᠭᠡᠨ ᠴᠠᠭᠠᠨ ᠤ ᠨᠡᠶᠢᠯᠡᠯᠭᠡ | ᠬᠦᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ᠂ ᠰᠠᠢ ᠰᠧ ᠫᠦ᠋ ᠬᠤᠶᠠᠳᠤᠭᠠᠷ ᠬᠤᠭᠤᠴᠠᠭ᠎ᠠ᠂ ᠸᠠᠨ ᠰᠧ ᠲᠦᠩ | ᠠᠭᠤᠷᠬᠠᠢ ᠶᠢᠨ ᠮᠠᠰᠢᠨ ᠢ ᠵᠠᠳᠠᠯᠬᠤ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠥᠬᠦ | ᠬᠦᠴᠦᠨ ᠢᠶᠠᠷ ᠠᠬᠢᠭᠤᠯᠤᠨ᠎ᠠ᠃ ᠮᠣᠩᠭᠤᠯ ᠣᠯᠥᠰ ᠤᠨ ᠨᠡᠬᠦᠷᠡᠰᠦ ᠶᠢ ᠭᠠᠳᠠᠭᠠᠳᠣ ᠠᠴᠠ ᠣᠷᠣᠭᠤᠯᠵᠦ ᠡᠳ᠋ᠰᠢᠬᠦᠯᠬᠦ | ᠰᠠᠭᠤᠷᠢᠨ ᠭᠠᠵᠡᠷ ᠢ ᠰᠦᠪᠡᠭᠴᠢᠯᠡᠨ ᠪᠠᠶᠢᠭᠤᠯᠵᠦ᠂ᠭᠠᠭᠴᠠᠮᠤᠳᠤ᠂ ᠴᠡᠭᠡ ᠬᠤᠶᠠᠷ ᠪᠣᠭᠤᠮᠲᠠ ᠶᠢᠨ ᠣᠷᠣᠨ ᠪᠦᠰᠡ | ᠠᠯᠤᠰᠯᠠᠭᠰᠠᠨ ᠬᠠᠮᠲᠤᠷᠠᠯᠴᠠᠭ᠎ᠠ ᠶᠢ ᠰᠦᠪᠡᠭᠴᠢᠯᠡᠵᠦ᠂ ᠪᠣᠭᠤᠮᠲᠠ ᠶᠢᠨ ᠨᠡᠭᠦᠷᠡᠰᠦᠨ ᠤ ᠡᠬᠢ ᠪᠠᠶᠠᠯᠢᠭ ᠤᠨ | ᠳᠠᠪᠠᠭᠤᠯᠢᠭ ᠢ ᠬᠠᠶᠢᠷᠤᠪ ᠤᠨ ᠲᠤᠬᠤᠢ ᠲᠣᠭᠤᠷᠢᠭ ᠤᠨ ᠨᠡᠭᠦᠷᠡᠰᠦ ᠶᠢ ᠤᠬᠢᠶᠠᠵᠤ ᠰᠣᠩᠭᠤᠵᠤ ᠡᠳ᠋ᠰᠢᠭᠦᠯᠬᠦ ᠶᠢᠨ | ᠳᠠᠪᠠᠭᠤᠯᠢᠭ ᠲᠠᠢ ᠤᠶᠠᠯᠳᠤᠭᠤᠯᠵᠤ᠂ ᠠᠷᠠᠯᠵᠢᠶ᠎ᠠ᠂ ᠪᠣᠭᠤᠮᠲᠠ ᠪᠠᠷ ᠥᠩᠭᠡᠷᠡᠬᠦ᠂ ᠪᠠᠷᠠᠭᠠᠨ ᠤ ᠭᠦᠢᠯᠭᠡᠭᠡ ᠶᠢ ᠨᠢᠭᠡ | ᠴᠤᠬᠴᠠᠵᠢᠭᠤᠯᠤᠬᠰᠠᠨ ᠭᠠᠳᠠᠭᠠᠳᠤ ᠠᠷᠠᠯᠵᠢᠶᠠᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠪᠣᠬᠢᠷᠲᠤᠯ | ᠥᠬᠡᠢ ᠴᠠᠬᠢᠯᠭᠠᠨ ᠢ ᠰᠢᠩᠬᠡᠬᠡᠨ ᠠᠪᠬᠤ ᠲᠣᠭᠲᠠᠭᠤᠨ ᠬᠥᠭᠦᠷᠭᠡ ᠪᠠᠢᠭᠤᠯᠬᠤ ᠬᠡᠷᠡᠭᠲᠡᠢ᠃ ︽ᠰᠢᠨ᠎ᠡ ᠡᠨᠧᠷᠭᠢ ᠶᠢ | ᠰᠢᠩᠭᠡᠭᠡᠨ ᠠᠪᠴᠤ ᠪᠦᠰᠡᠯᠡᠯᠲᠡ ᠶᠢ ᠰᠢᠪᠲᠤᠯᠬᠤ ᠢᠨᠵᠧᠨᠧᠷᠢᠩ︾ ᠢ ᠭᠦᠨᠵᠡᠭᠡᠶ ᠬᠡᠷᠡᠭᠵᠢᠭᠦᠯᠵᠦ᠂ ᠯᠦᠩ ᠶᠤᠸᠠᠨ | ᠳ᠋ᠦᠩ ᠹᠠᠩ 0.5GW ᠶᠢᠨ ᠪᠣᠬᠢᠷᠲᠤᠯ ᠥᠬᠡᠶ ᠴᠠᠬᠢᠯᠭᠠᠨ ᠬᠠᠩᠭᠠᠬᠤ᠂ ᠴᠢᠩ ᠲᠤᠤ ᠬᠠᠲᠠᠭᠤ ᠯᠢᠲ᠋ᠢ ᠶᠢᠨ | ᠴᠠᠬᠢᠯᠭᠠᠨ ᠴᠡᠨᠡᠭ ᠤᠨ ᠠᠵᠤ ᠦᠢᠯᠡᠰ ᠤᠨ ᠬᠦᠷᠢᠶᠡᠯᠡᠩ ᠳᠤ 30MW ᠵᠢᠴᠢ ᠡᠨᠧᠷᠭᠢ ᠬᠠᠳᠠᠭᠠᠯᠠᠬᠤ ᠴᠠᠬᠢᠯᠭᠠᠨ | ᠥᠷᠲᠡᠭᠡ᠂ 100MW ᠥᠩᠭᠡ ᠦᠵᠡᠮᠵᠢ ᠶᠢᠨ ᠨᠥᠭᠡᠴᠡ ᠶᠢᠨ ᠲᠡᠷᠭᠡᠨ ᠤ ᠪᠣᠬᠢᠷᠲᠤᠯ ᠥᠬᠡᠶ ᠵᠠᠮ | ᠬᠠᠷᠢᠯᠴᠠᠭ᠎ᠠ ᠶᠢ ᠨᠢᠭᠡ ᠴᠣᠭᠴᠠᠵᠢᠭᠤᠯᠤᠭᠰᠠᠨ᠂ ᠪᠦᠦ ᠡᠦ ᠴᠢᠩ ᠨᠧᠩ 100MW ᠪᠣᠬᠢᠷᠲᠤᠯ ᠥᠬᠡᠶ ᠴᠠᠬᠢᠯᠭᠠᠨ | ᠬᠠᠩᠭᠠᠬᠤ᠂ ᠳ᠋ᠦᠩ ᠹᠠᠩ ᠰᠢ ᠸᠠᠩ ᠠᠵᠤ ᠦᠢᠯᠡᠳᠪᠦᠷᠢ ᠶᠢᠨ ᠴᠠᠬᠢᠭᠤᠷ ᠤᠨ ᠣᠯᠠᠨ ᠲᠠᠯᠠᠰᠲᠤ ᠴᠠᠬᠢᠭᠤᠷ ᠤᠨ 50 | ᠳ᠋ᠦᠩᠰᠢᠭᠤᠷ ᠭᠷᠠᠳᠦ᠋ᠰ ᠤᠨ ᠪᠣᠬᠢᠷᠲᠤᠯ ᠥᠬᠡᠶ ᠴᠠᠬᠢᠯᠭᠠᠨ ᠤ ᠬᠠᠩᠭᠠᠯᠭ᠎ᠠ ᠵᠡᠷᠭᠡ ᠵᠢᠱᠢᠶ᠎ᠡ ᠦᠵᠡᠭᠦᠯᠬᠦ ᠲᠥᠷᠥᠯ | ᠵᠦᠢᠯ ᠢ ᠪᠥᠬᠦ ᠲᠠᠯ᠎ᠠ ᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠪᠣᠬᠢᠷᠲᠤᠯ ᠥᠬᠡᠶ ᠴᠠᠬᠢᠯᠭᠠᠨ ᠴᠡᠨᠡᠭ | ᠬᠠᠳᠠᠭᠠᠯᠠᠵᠤ ᠠᠰᠢᠭᠯᠠᠬᠤ ᠠᠮᠢᠳᠤᠯᠢᠭ ᠴᠢᠨᠠᠷ ᠢ ᠳᠡᠭᠡᠭᠰᠢᠯᠡᠭᠦᠯᠦᠨ᠎ᠡ᠃ ᠲᠣᠰ ᠭᠠᠵᠠᠷ ᠤᠨ ᠦᠢᠯᠡᠳᠪᠦᠷᠢ | ᠠᠭᠤᠷᠬᠠᠶ ᠶᠢᠨ ᠠᠵᠤ ᠠᠬᠤᠶᠢᠯᠠᠯ ᠤᠨ ᠪᠣᠬᠢᠷᠲᠤᠯ ᠥᠬᠡᠶ ᠴᠠᠬᠢᠯᠭᠠᠨ ᠤ ᠰᠢᠩᠭᠡᠭᠡᠨ ᠠᠪᠬᠤ ᠬᠤᠪᠢ ᠶᠢᠨ ᠵᠢᠩ ᠢ | ᠳᠡᠭᠡᠭᠰᠢᠯᠡᠭᠦᠯᠵᠦ᠂ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ ᠢ ᠣᠷᠣᠯᠠᠭᠤᠯᠬᠤ ᠶᠢ ᠪᠥᠬᠦ ᠲᠠᠯ᠎ᠠ ᠪᠠᠷ | ᠳᠡᠯᠭᠡᠷᠡᠭᠦᠯᠵᠦ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢᠨ | ᠬᠠᠮᠲᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠣᠬᠢᠷᠲᠤᠯ ᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ | ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠦᠯᠡᠳᠡᠭᠰᠡᠨ ᠨᠡᠮᠡᠭᠳᠡᠯ ᠳᠠᠭᠠᠭᠠᠴᠠ ᠶᠢ ᠭᠠᠳᠠᠭᠰᠢ ᠳᠠᠮᠵᠢᠭᠤᠯᠵᠤ | ᠪᠠᠭᠲᠠᠭᠠᠨ ᠰᠢᠩᠭᠡᠭᠡᠬᠦ ᠶᠢ ᠥᠷᠭᠡᠳᠬᠡᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠤᠯᠠᠭᠠᠨᠪᠤᠬ᠎ᠠ ᠶᠢᠨ | ᠡᠯᠡᠰᠦᠨ ᠴᠦᠯ ᠤᠨ ᠴᠠᠬᠢᠯᠭᠠᠨ ᠬᠡᠯᠬᠢᠶ᠎ᠡ ᠶᠢ ᠨᠡᠪᠲᠡᠷᠡᠭᠦᠯᠵᠦ᠂ ᠳᠣᠷᠣᠨᠠᠲᠤ᠂ ᠳᠠᠯᠠᠢ ᠳᠠᠭᠠᠤ ᠵᠡᠷᠭᠡ ᠲᠡᠷᠢᠭᠦᠨ ᠤ | ᠭᠠᠵᠠᠷ ᠣᠷᠣᠨ ᠲᠠᠢ ᠢᠳᠡᠪᠬᠢᠲᠡᠢ ᠪᠠᠷ ᠵᠣᠯᠭᠠᠭᠤᠯᠤᠨ᠂ ᠣᠷᠣᠨ ᠪᠦᠰᠡ ᠶᠢᠨ ᠪᠣᠬᠢᠷᠳᠤᠯ ᠦᠭᠡᠢ ᠴᠠᠬᠢᠯᠭᠠᠨ ᠢ ᠵᠠᠬ᠎ᠠ | ᠳᠡᠯᠭᠡᠭᠦᠷᠴᠢᠯᠡᠨ ᠠᠷᠠᠯᠵᠢᠶᠠᠯᠠᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠰᠢᠨ᠎ᠡ ᠡᠨᠧᠷᠭᠢ ᠶᠢᠨ ᠬᠠᠩᠭᠠᠯᠭ᠎ᠠ | ᠪᠠ ᠪᠠᠭᠲᠠᠭᠠᠨ ᠰᠢᠩᠭᠡᠭᠡᠬᠦ ᠬᠤᠷᠠᠮᠠᠯ ᠬᠤᠯᠪᠣᠯᠳᠤᠭᠰᠠᠨ ᠵᠢᠱᠢᠶ᠎ᠡ ᠦᠵᠡᠭᠦᠯᠬᠦ ᠶᠢ ᠪᠠᠶᠢᠭᠤᠯᠤᠨ᠎ᠠ᠃ ᠣᠳᠣ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ᠃ ᠶᠠᠰᠤ ᠴᠢᠨᠠᠷ ᠢ ᠳᠡᠭᠡᠭᠰᠢᠯᠡᠭᠦᠯᠦᠨ | ᠪᠠᠭᠲᠠᠭᠠᠮᠵᠢ ᠶᠢ ᠥᠷᠭᠡᠳᠬᠡᠨ ᠠᠷᠠᠯᠵᠢᠶ᠎ᠠ ᠬᠤᠳᠠᠯᠳᠤᠭ᠎ᠠ᠂ ᠣᠨᠴᠠᠯᠢᠭᠲᠤ ᠢᠳᠡᠭᠡᠨ ᠤᠮᠳᠠᠭᠠᠨ ᠵᠡᠷᠭᠡ ᠤᠯᠠᠮᠵᠢᠯᠠᠯᠲᠤ | ᠬᠡᠷᠡᠭᠯᠡᠭᠡ ᠶᠢ ᠥᠷᠭᠡᠳᠬᠡᠵᠦ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠶᠡᠭᠡ ᠬᠡᠮᠵᠢᠶᠡᠨ ᠤ ᠲᠠᠸᠠᠷ ᠤᠨ | ᠬᠡᠷᠡᠭᠯᠡᠭᠡ ᠶᠢ ᠥᠷᠭᠡᠳᠬᠡᠵᠦ᠂ ᠵᠠᠶᠢᠯᠠᠰᠢ ᠦᠭᠡᠢ ᠪᠠ ᠰᠠᠶᠢᠵᠢᠷᠠᠭᠤᠯᠬᠤ ᠬᠡᠯᠪᠡᠷᠢ ᠶᠢᠨ ᠣᠷᠣᠨ ᠰᠠᠭᠤᠴᠠ ᠶᠢᠨ | ᠬᠡᠷᠡᠭᠯᠡᠭᠡ ᠶᠢ ᠳᠡᠮᠵᠢᠨ᠎ᠡ᠃ ᠬᠤᠳᠠᠯᠳᠤᠭᠠᠨ ᠤ ᠦᠢᠯᠡᠴᠢᠯᠡᠭᠡᠨ ᠤ ᠲᠥᠬᠦᠭᠡᠷᠦᠮᠵᠢ ᠶᠢ ᠵᠣᠬᠢᠰᠲᠠᠢ ᠪᠠᠶᠢᠷᠢᠰᠢᠭᠤᠯᠵᠤ᠂ | ᠵᠢᠦᠯᠦ᠋ᠢᠩ ᠤᠯᠠᠨ ᠤᠯᠤᠰ ᠪᠣᠯᠤᠨ ᠵᠧᠵᠢᠶᠠᠩ ᠤᠨ ᠬᠤᠳᠠᠯᠳᠤᠭᠠᠨ ᠤ ᠬᠤᠳᠠ ᠶᠢ ᠠᠮᠢᠳᠤᠯᠢᠭ ᠪᠣᠯᠭᠠᠨ᠎ᠠ︔ ᠬᠠᠢ | ᠳ᠋ᠠ ᠵᠡᠭᠡᠯᠢ ᠶᠢᠨ ᠭᠠᠷ ᠳᠠᠮᠵᠢᠭᠰᠠᠨ ᠮᠠᠰᠢᠨ ᠲᠡᠷᠭᠡᠨ ᠤ ᠵᠠᠬ᠎ᠠ ᠳᠡᠯᠭᠡᠭᠦᠷ ᠢ ᠪᠦᠬᠦᠯᠢ ᠴᠣᠭᠴᠠ ᠪᠠᠷ ᠨᠢ ᠨᠡᠭᠦᠯᠭᠡᠬᠦ | ᠵᠢᠴᠢ ᠰᠢᠨ᠎ᠡ ᠵᠠᠬ᠎ᠠ ᠳᠡᠯᠭᠡᠭᠦᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠡᠬᠢᠯᠡᠭᠦᠯᠵᠦ᠂ ᠬᠠᠢ ᠳ᠋ᠠ | ᠵᠡᠭᠡᠯᠢ ᠶᠢᠨ ᠤᠨᠴᠠᠯᠢᠬᠳᠤ ᠬᠤᠳᠠᠯᠳᠤᠭᠠᠨ ᠤ ᠲᠣᠭᠤᠷᠢᠭ ᠢ ᠲᠥᠯᠥᠪᠵᠢᠭᠦᠯᠦᠨ ᠵᠢᠷᠤᠵᠤ ᠲᠥᠯᠥᠪᠯᠡᠵᠦ | ᠬᠤᠳᠠᠯᠳᠤᠭᠠᠴᠢᠨ ᠤᠷᠢᠬᠤ ᠠᠵᠢᠯ ᠢ ᠡᠬᠢᠯᠡᠭᠦᠯᠦᠨ᠎ᠡ᠃ ᠵᠢᠶᠠᠨ ᠯᠦᠩ ᠤᠨ ᠺᠤᠸᠠᠢ ᠴᠧᠩ ᠣᠶᠤᠨᠴᠢ ᠪᠣᠳᠠᠰ ᠤᠨ | ᠬᠤᠯᠪᠣᠭ᠎ᠠ ᠶᠢᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠠᠪᠴᠠᠩ ᠤᠨ ᠲᠥᠷᠥᠯ ᠵᠦᠢᠯ ᠤᠨ ᠬᠥᠭᠵᠢᠯᠲᠡ ᠶᠢ | ᠠᠬᠢᠭᠤᠯᠵᠤ᠂ ᠲᠦᠷᠭᠡᠨ ᠬᠦᠷᠭᠡᠬᠦ ᠦᠢᠯᠡᠰ ᠤᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠣᠶᠤᠨᠴᠢ | ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠥᠪᠡᠷ ᠤᠨ | ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃ ᠲᠤᠰ ᠭᠠᠵᠠᠷ ᠤᠨ | ᠰᠡᠯᠡᠭᠦᠴᠡᠯ ᠤᠨ ᠵᠢᠭᠤᠯᠴᠢᠯᠠᠯ᠂ ᠪᠦᠬᠦ ᠴᠠᠭ ᠤᠨ ᠵᠢᠭᠤᠯᠴᠢᠯᠠᠯ ᠢ ᠪᠤᠢ ᠪᠣᠯᠭᠠᠵᠤ᠂ ᠸᠠᠩ ᠶᠤᠸᠠᠨ ᠳ᠋ᠢ᠂ ᠲᠤᠸᠠᠨ | ᠵᠢᠶᠧ ᠰᠢᠨ᠎ᠡ ᠲᠣᠰᠬᠤᠨ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠦᠢᠯ ᠢ ᠰᠠᠶᠢᠲᠤᠷ ᠠᠳᠬᠤᠨ᠎ᠠ᠃ | ᠣᠳᠣ ᠦᠶ᠎ᠡ ᠶᠢᠨ ᠣᠨᠴᠠᠯᠢᠭ ᠲᠠᠢ ᠲᠠᠷᠢᠶᠠᠯᠠᠩ ᠢ ᠬᠦᠴᠦᠷᠬᠡᠭᠵᠢᠭᠦᠯᠦᠨ ᠰᠢᠯᠢᠳᠡᠭᠵᠢᠭᠦᠯᠦᠨ᠎ᠡ᠃ ᠠᠮᠤ ᠪᠤᠳᠠᠭᠠᠨ ᠤ | ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠵᠦ᠂ ᠪᠦᠬᠦ ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠪᠡᠶᠡᠯᠡᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠸᠠᠩ ᠶᠤᠸᠠᠨ ᠳ᠋ᠢ ᠰᠡᠯᠡᠭᠦᠴᠡᠯ ᠤᠨ ᠲᠠᠷᠢᠶᠠᠯᠠᠩ | ᠪᠣᠯᠤᠨ ᠶᠦᠨ ᠹᠸᠢ᠂ ᠬᠠᠨ ᠰᠧᠨ ᠦᠵᠦᠮ ᠲᠠᠷᠢᠬᠤ ᠰᠠᠭᠤᠷᠢᠨ ᠤ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠵᠦ᠂ ︽ᠦᠬᠠᠢ ᠶᠢᠨ ᠦᠵᠦᠮ︾ ᠤᠨ ᠠᠵᠤ ᠦᠢᠯᠡᠰ ᠢ ᠬᠥᠭᠵᠢᠭᠦᠯᠦᠨ | ᠪᠤᠵᠠᠭᠠᠶᠢᠷᠠᠭᠤᠯᠵᠤ᠂ ᠬᠡᠪᠴᠢᠶᠡᠵᠢᠭᠦᠯᠦᠨ ᠲᠠᠷᠢᠬᠤ ᠪᠠᠷ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ | ᠬᠡᠯᠬᠢᠶ᠎ᠡ ᠶᠢ ᠬᠦᠴᠦᠷᠬᠡᠭᠵᠢᠭᠦᠯᠬᠦ ᠬᠥᠭᠵᠢᠯᠲᠡ ᠶᠢ ᠠᠬᠢᠭᠤᠯᠬᠤ ᠬᠡᠷᠡᠭᠲᠡᠢ᠃ ︽ᠵᠠᠭᠤᠨ ᠰᠠᠶᠢᠬᠠᠨ ᠠᠶᠢᠯ ᠲᠣᠰᠬᠤᠨ︾ | ᠂ ᠢᠳᠡᠰᠢᠨ ᠨᠣᠭᠤᠭ᠎ᠠ ᠶᠢ ᠰᠢᠭᠤᠳ ᠬᠠᠩᠭᠠᠬᠤ ᠵᠡᠷᠭᠡ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ | ᠠᠬᠢᠴᠠ ᠶᠢ ᠴᠢᠩᠭ᠎ᠠ ᠠᠩᠬᠠᠷᠴᠤ᠂ ︽ᠦᠵᠦᠮ ᠤᠨ ᠬᠦᠷᠢᠶᠡᠯᠡᠩ ᠤᠨ ᠨᠣᠭᠤᠭᠠᠨ ᠵᠠᠮ︾᠂ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠦᠨ ᠳᠠᠶᠢᠴᠢᠯᠠᠬᠤ ᠤᠶᠢᠯᠡᠳᠤᠯ ᠢ ᠪᠠᠳᠠᠷᠠᠭᠤᠯᠵᠤ᠂ ᠴᠡᠭᠡᠯ | ᠠᠭᠤᠯᠠ ᠪᠠᠯᠭᠠᠰᠤ ᠶᠢ ᠪᠥᠬᠦ ᠤᠯᠤᠰ ᠤᠨ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ | ᠬᠦᠴᠦᠷᠬᠡᠭ ᠪᠠᠯᠭᠠᠰᠤ ᠪᠣᠯᠭᠠᠨ ᠪᠥᠲᠥᠭᠡᠨ ᠪᠠᠶᠢᠭᠤᠯᠵᠤ᠂ ᠡᠯ᠎ᠡ ᠵᠡᠭᠡᠯᠢ ᠭᠤᠳᠤᠮᠵᠢ ᠶᠢᠨ ᠲᠠᠷᠢᠶᠠᠯᠠᠩ ᠳᠤ | ᠬᠤᠯᠪᠣᠭᠳᠠᠬᠤ ᠨᠡᠶᠢᠭᠡᠮ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠲᠡᠭᠦᠷᠭᠡ ᠶᠢᠨ ᠲᠠᠷᠢᠶᠠᠯᠠᠩ ᠤᠨ | ᠤᠨᠴᠠᠯᠢᠭᠳᠤ ᠵᠢᠱᠢᠶ᠎ᠡ ᠦᠵᠡᠭᠦᠯᠬᠦ ᠣᠷᠣᠨ ᠪᠣᠯᠭᠠᠨ ᠪᠥᠲᠥᠭᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠰᠢᠨᠵᠢᠯᠡᠬᠦ | ᠤᠬᠠᠭᠠᠨ ᠮᠡᠷᠭᠡᠵᠢᠯ ᠤᠨ ᠣᠯᠠᠨ ᠠᠷᠭ᠎ᠠ ᠵᠠᠮ᠂ ᠣᠯᠠᠨ ᠡᠰᠢᠵᠢᠭᠰᠡᠨ ᠣᠷᠣᠭᠤᠯᠤᠯᠲᠠ ᠶᠢᠨ ᠰᠢᠰᠲ᠋ᠧᠮᠵᠢ ᠶᠢ | ᠰᠦᠪᠡᠭᠴᠢᠯᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢ ᠲᠡᠮᠡᠴᠡᠨ ᠣᠯᠬᠤ ᠪᠠ | ᠣᠷᠣᠭᠤᠯᠤᠯᠲᠠ ᠪᠠᠨ ᠨᠡᠮᠡᠭᠳᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ | ᠬᠤᠪᠢᠷᠠᠭᠤᠯᠬᠤ ᠶᠢ ᠲᠦᠷᠭᠡᠳᠬᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ | ᠢᠳᠡᠪᠬᠢᠲᠡᠶ ᠪᠠᠷ ᠪᠤᠶᠢᠵᠢᠭᠤᠯᠤᠨ ᠨᠡᠪᠴᠢᠭᠦᠯᠵᠦ᠂ ᠰᠠᠶᠢᠰᠧᠫᠦ᠋᠂ ᠴᠢᠩ ᠲᠤᠤ ᠡᠨᠧᠷᠭᠢ᠂ ᠯᠦᠩ ᠶᠤᠸᠠᠨ ᠣᠷᠴᠢᠨ | ᠲᠣᠭᠤᠷᠢᠨ ᠤ ᠬᠠᠮᠠᠭᠠᠯᠠᠯᠲᠠ᠂ ᠢᠷᠪᠢᠰ ᠮᠤᠯᠢᠪᠳᠧᠨ ᠤ ᠠᠭᠤᠷᠬᠠᠢ ᠶᠢᠨ ᠺᠠᠷᠲ ᠵᠡᠷᠭᠡ ᠠᠵᠤ ᠠᠬᠤᠶᠢᠯᠠᠯ ᠤᠨ | ᠥᠪᠡᠷᠲᠡᠭᠡᠨ ᠵᠠᠰᠠᠬᠤ ᠣᠷᠣᠨ ᠤ ᠲᠠᠰ ᠤᠨ᠂ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠰᠤᠳᠤᠯᠤᠨ ᠨᠡᠭᠡᠭᠡᠬᠦ ᠲᠥᠪ ᠢ ᠪᠠᠶᠢᠭᠤᠯᠬᠤ ᠶᠢ ᠳᠡᠮᠵᠢᠨ᠎ᠡ︔ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ 4᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 20 ᠠᠵᠤ ᠠᠬᠤᠶᠢᠯᠠᠯ ᠢ ᠰᠢᠨ᠎ᠡ ᠪᠠᠷ | ᠮᠠᠭᠠᠳᠯᠠᠨ ᠲᠣᠭᠲᠠᠭᠠᠨ᠎ᠠ᠃ ᠦᠬᠠᠶ ᠶᠢᠨ ᠰᠢᠨ᠎ᠡ ᠶᠢ ᠡᠭᠦᠳᠦᠭᠴᠢ ᠶᠢᠨ ᠣᠷᠣᠨ ᠵᠠᠶ ᠶᠢᠨ ᠤᠶᠢᠯᠡᠳᠤᠯ ᠢ ᠭᠦᠢᠴᠡᠤᠡ | ᠪᠠᠳᠠᠷᠠᠭᠤᠯᠵᠤ᠂ ᠨᠠᠭᠠᠳᠤ ᠵᠠᠬ᠎ᠠ ᠳᠠᠭᠠᠨ 20 ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ | ᠪᠠ ᠠᠳᠠᠯ ᠤᠶᠢᠯᠡᠰ ᠴᠣᠭᠴᠠᠯᠠᠬᠤ ᠠᠵᠤ ᠠᠬᠤᠶᠢᠯᠠᠯ ᠢ ᠲᠡᠳᠡᠨ ᠣᠷᠣᠭᠤᠯᠵᠤ᠂ ᠲᠣᠰ ᠭᠠᠵᠠᠷ ᠣᠷᠣᠨ ᠤ ᠠᠵᠤ | ᠠᠬᠤᠶᠢᠯᠠᠯ ᠤᠨ ᠲᠣᠰ ᠪᠡᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠲᠦᠪᠰᠢᠨ ᠢᠶᠠᠨ | ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠲᠣᠰ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠠᠵᠤ ᠠᠬᠤᠶᠢᠯᠠᠯ ᠢ 10 ᠶᠢ ᠨᠡᠪᠴᠢᠭᠦᠯᠵᠦ᠂ ᠬᠠᠮᠲᠤᠷᠠᠯᠴᠠᠭᠠᠨ ᠤ ᠶᠡᠭᠡ ᠳᠡᠭᠡᠳᠦ ᠰᠤᠷᠭᠠᠭᠤᠯᠢ ᠵᠢᠴᠢ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ 3 ᠠᠴᠠ ᠳᠡᠭᠡᠭᠰᠢ ᠫᠠᠶᠢᠰᠠ ᠣᠯᠭᠤᠵᠤ᠂ ᠨᠠᠩ ᠣᠯᠠᠨ ᠰᠢᠨᠵᠢᠯᠡᠬᠦ | ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠲᠤᠬᠠᠶ ᠶᠢᠨ ᠭᠠᠵᠠᠷ ᠲᠤᠨᠢ ᠬᠤᠪᠢᠷᠠᠭᠤᠯᠬᠤ ᠶᠢ ᠠᠬᠢᠭᠤᠯᠤᠨ᠎ᠠ᠃ | ︵ᠭᠤᠷᠪᠠ︶ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠮᠢ | ᠠᠬᠤᠢ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠪᠡ᠃ ︽ᠦᠵᠡᠰᠬᠦᠯᠡᠩᠲᠦ ᠰᠠᠶᠢᠬᠠᠨ | ᠦᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ︾ ᠶᠢ | ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ᠂ | ᠦᠨᠳᠦᠰᠦᠨ ᠠᠴᠠ ᠨᠢ ᠵᠠᠰᠠᠬᠤ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠴᠢᠬᠤᠯᠠ ᠶᠡᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠬᠦᠬᠡ ᠣᠭᠲᠠᠷᠭᠤᠢ᠂ | ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ︽ | ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ | ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠵᠤ ᠦᠷ᠎ᠡ | ᠪᠦᠲᠦᠮᠵᠢ ᠭᠠᠷᠭᠠᠬᠤ ᠬᠡᠷᠡᠭᠲᠡᠢ᠃ ᠠᠭᠤᠷᠬᠠᠢ ᠶᠢᠨ ᠣᠷᠣᠨ ᠤ ᠲᠣᠭᠤᠰᠣ ᠰᠢᠷᠣᠢ ᠶᠢ ᠬᠤᠷᠢᠭᠯᠠᠬᠤ ᠠᠵᠢᠯᠯᠠᠭ᠎ᠠ ᠶᠢ | ᠬᠡᠷᠡᠭᠵᠢᠭᠦᠯᠵᠦ᠃ ᠠᠵᠤ ᠠᠬᠤᠶᠢᠯᠠᠯ ᠤᠨ ᠲᠣᠭᠤᠰᠣ ᠳᠠᠷᠤᠬᠤ ᠭᠤᠤᠯ ᠮᠡᠷᠭᠡᠵᠢᠯ ᠢ ᠰᠢᠢᠳᠪᠦᠷᠢᠯᠡᠬᠦ ᠶᠢ | ᠵᠣᠷᠢᠭᠵᠢᠭᠤᠯᠵᠤ᠂ ᠠᠭᠤᠷᠬᠠᠢ ᠶᠢᠨ ᠣᠷᠣᠨ ᠳᠤ ᠪᠥᠬᠦ ᠲᠠᠯ᠎ᠠ ᠪᠠᠷ ᠬᠡᠷᠡᠭᠵᠢᠭᠦᠯᠦᠨ᠎ᠡ︔ ᠥᠳᠬᠡᠨ ᠳᠠᠪᠤᠰᠤᠲᠤ | ᠤᠰᠤ ᠶᠢ ᠡᠭᠡᠭᠦᠯᠦᠨ ᠬᠡᠷᠡᠭᠯᠡᠬᠦ ᠢᠨᠵᠧᠨᠧᠷᠢᠩ ᠢ ᠬᠡᠷᠡᠭᠵᠢᠭᠦᠯᠵᠦ᠂ ᠠᠭᠤᠷᠬᠠᠢ ᠶᠢᠨ ᠣᠷᠣᠨ ᠤ ᠤᠰᠤ ᠬᠡᠷᠡᠭᠯᠡᠬᠦ | ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ︔ ᠲᠣᠭᠤᠰᠣ ᠳᠡᠭᠳᠡᠬᠦ ᠲᠡᠭᠡᠭᠡᠪᠦᠷᠢ ᠶᠢᠨ ᠲᠡᠷᠭᠡ ᠬᠥᠰᠬᠡ | ᠦᠢᠯᠡᠳᠪᠦᠷᠢᠯᠡᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢ ᠰᠦᠪᠡᠭᠴᠢᠯᠡᠵᠦ᠂ ᠪᠦᠷᠬᠦᠪᠴᠢ᠂ ᠵᠠᠮ ᠤᠨ | ᠭᠠᠳᠠᠷᠭᠤ ᠶᠢ ᠴᠡᠪᠡᠷ᠂ ᠤᠰᠤ ᠰᠦᠷᠴᠢᠨ ᠲᠣᠭᠤᠰᠣ ᠶᠢ ᠳᠠᠷᠤᠬᠤ᠂ ᠲᠡᠷᠭᠡ ᠬᠥᠰᠬᠡ ᠶᠢ ᠤᠬᠢᠶᠠᠵᠤ ᠴᠡᠪᠡᠷᠯᠡᠬᠦ ᠵᠡᠷᠭᠡ | ᠲᠣᠭᠤᠰᠣ ᠳᠡᠭᠳᠡᠬᠦ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠭᠤᠷᠬᠠᠢ ᠶᠢᠨ | ᠣᠷᠣᠨ ᠤ PM 10 ᠥᠳᠬᠡᠴᠡ ᠶᠢ ᠬᠤᠶᠠᠳᠤᠭᠠᠷ ᠳᠡᠰ ᠤᠨ ᠪᠠᠷᠢᠮᠵᠢᠶ᠎ᠠ ᠳᠤ ᠬᠦᠷᠦᠭᠦᠯᠬᠦ ᠶᠢ ᠬᠦᠴᠦᠯᠡᠨ | ᠠᠬᠢᠭᠤᠯᠵᠤ᠂ ᠠᠭᠤᠷᠬᠠᠢ ᠶᠢᠨ ᠣᠷᠣᠨ ᠤ ᠳᠦᠷᠰᠦ ᠪᠠᠶᠢᠳᠠᠯ ᠢ ᠴᠤ᠋ ᠰᠢᠨ᠎ᠡ ᠪᠣᠯᠭᠠᠬᠤ ᠶᠢ ᠪᠡᠶᠡᠯᠡᠭᠦᠯᠦᠨ᠎ᠡ᠃ | ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠬᠡᠦᠷᠰᠢᠭᠦᠯᠬᠦ᠂ ᠪᠣᠯᠣᠳ ᠲᠡᠮᠦᠷ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠡᠲᠦ ᠳᠣᠤᠷ᠎ᠠ | ᠭᠠᠳᠠᠭᠰᠢᠯᠠᠭᠤᠯᠤᠯᠲᠠ ᠶᠢ ᠥᠭᠡᠷᠡᠴᠢᠯᠡᠬᠦ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ | ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠣᠬᠢᠷᠲᠤᠯ ᠪᠣᠳᠠᠰ ᠪᠠ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠡᠬᠢ ᠡᠭᠦᠰᠦᠯ ᠠᠴᠠ ᠨᠢ ᠪᠠᠭᠠᠰᠬᠠᠵᠤ᠂ ᠪᠣᠬᠢᠷᠲᠤᠯ ᠢ ᠪᠠᠭᠠᠰᠬᠠᠬᠤ ᠪᠠ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠤᠨ᠎ᠠ᠃ ᠣᠽᠣᠨ᠂ ᠠᠽᠣᠲ ᠤᠨ ᠢᠰᠦᠮᠡᠭ ᠪᠠ VOCs ᠪᠣᠬᠢᠷᠲᠤᠯ ᠢ ᠪᠦᠲᠦᠮᠵᠢᠲᠡᠶ ᠬᠤᠷᠢᠭᠯᠠᠵᠤ᠂ | ᠵᠣᠨ ᠤ ᠤᠯᠠᠷᠢᠯ ᠤᠨ ᠣᠽᠣᠨ ᠤ ᠪᠣᠬᠢᠷᠲᠤᠯ ᠤᠨ ᠡᠳᠦᠷ ᠤᠨ ᠲᠤᠭ᠎ᠠ ᠠᠳᠠᠯᠢ ᠬᠤᠭᠤᠴᠠᠭᠠᠨ ᠤ ᠬᠢ ᠠᠴᠠ | ᠪᠠᠭᠠᠰᠬᠤ ᠪᠠᠷ ᠴᠢᠷᠮᠠᠶᠢᠵᠤ᠂ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠴᠣ ᠰᠢᠨ᠎ᠡ ᠪᠠᠶᠢᠳᠠᠯ ᠲᠠᠢ ᠪᠣᠯᠬᠤ ᠶᠢ | ᠪᠡᠶᠡᠯᠡᠭᠦᠯᠦᠨ᠎ᠡ᠃ ᠬᠤᠲᠠ ᠶᠢᠨ ᠰᠢᠨ᠎ᠡ ᠳᠦᠷᠰᠦ ᠪᠠᠶᠢᠳᠠᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠢᠯᠡ | ᠭᠠᠵᠠᠷ ᠰᠢᠷᠣᠢ ᠪᠣᠯᠤᠨ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠢ ᠶᠢ ᠵᠠᠰᠠᠬᠤ ᠠᠵᠢᠯ ᠢ ᠴᠢᠩᠭᠠᠳᠬᠠᠵᠤ᠂ | 217 ᠮᠤᠵᠢ ᠶᠢᠨ ᠵᠠᠮ ᠤᠨ ᠨᠢᠴᠦᠭᠦᠨ ᠭᠠᠵᠠᠷ ᠰᠢᠷᠣᠢ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ ᠬᠤᠲᠠ ᠶᠢᠨ | ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢᠨ ᠪᠣᠬᠢᠷᠲᠤᠯ ᠤᠨ ᠠᠷᠬᠠᠭ ᠬᠡᠮ ᠢ ᠲᠦᠢᠯᠪᠤᠷᠢᠲᠠᠶ | ᠦᠨᠳᠦᠰᠦᠨ ᠠᠴᠠ ᠨᠢ ᠵᠠᠰᠠᠵᠤ᠂ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠰᠠᠭᠠᠳ ᠥᠬᠡᠶ ᠨᠡᠪᠲᠡᠷᠡᠬᠦ ᠶᠢ | ᠪᠠᠲᠤᠯᠠᠵᠤ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ︽ᠪᠠᠯᠠᠶ ᠪᠤᠯᠤᠩ ᠤᠨ ᠥᠯᠥ ᠣᠨᠣᠭᠳᠠᠬᠤ | ᠭᠠᠵᠠᠷ︾ ᠢ ᠠᠷᠢᠯᠭᠠᠨ᠎ᠠ᠃ ᠢᠳᠡᠭᠡᠨ ᠤᠮᠳᠠᠭᠠᠨ ᠤ ᠲᠠᠯᠠᠪᠤᠷ ᠤᠨ ᠱᠤᠤᠭᠢᠶᠠᠨ᠂ ᠲᠣᠰᠣ ᠤᠲᠤᠭᠠᠨ ᠤ ᠪᠣᠬᠢᠷᠲᠤᠯ | ᠵᠡᠷᠭᠡ ᠠᠷᠠᠳ ᠢ ᠦᠢᠮᠡᠬᠦᠯᠬᠦ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠤ᠂ ᠣᠯᠠᠨ ᠲᠦᠮᠡᠨ ᠳᠤ ᠲᠠᠭᠠᠯᠠᠮᠵᠢᠲᠠᠶ᠂ | ᠨᠠᠮ ᠵᠢᠮ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ᠂ ᠬᠤᠲᠠ ᠶᠢᠨ ᠣᠷᠴᠢᠨ ᠲᠣᠭᠤᠷᠢᠨ ᠤ ᠳᠦᠷᠰᠦ | ᠪᠠᠶᠢᠳᠠᠯ ᠴᠣ ᠰᠢᠨ᠎ᠡ ᠪᠣᠯᠪᠠ᠃ ᠪᠣᠬᠢᠷᠲᠤᠯ ᠡᠳ᠋ ᠤᠨ ᠬᠠᠮᠵᠢᠯᠴᠠᠨ ᠡᠵᠡᠮᠳᠡᠬᠦ ᠶᠢ ᠴᠢᠩᠭᠠᠳᠬᠠᠨ᠎ᠠ᠃ ᠬᠦᠨᠳᠦ | ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ | ᠲᠣᠭᠲᠠᠴᠠ ᠶᠢ ᠴᠠᠭ ᠲᠤᠬᠠᠶ ᠳᠤᠨᠢ ᠡᠬᠢᠯᠡᠭᠦᠯᠦᠨ᠎ᠡ᠃ 8 ᠠᠭᠠᠷ ᠮᠠᠨᠳᠠᠯ ᠤᠨ ᠵᠠᠰᠠᠯᠲᠠ ᠶᠢᠨ ᠲᠥᠷᠥᠯ ᠵᠦᠢᠯ ᠢ | ᠬᠡᠷᠡᠭᠵᠢᠭᠦᠯᠵᠦ᠂ ᠪᠥᠬᠦ ᠵᠢᠯ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢ 306 | ᠡᠳᠦᠷ ᠠᠴᠠ ᠳᠡᠭᠡᠭᠰᠢ ᠳᠤ ᠬᠦᠷᠦᠭᠦᠯᠦᠨ᠎ᠡ᠃ ︽ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠦᠬᠦ | ᠲᠠᠯ᠎ᠠ ᠪᠠᠷ ᠲᠤᠤᠱᠯᠠᠭᠤᠯᠵᠤ᠂ ︽ᠲᠠᠪᠤᠨ ᠤᠰᠤ ᠶᠢ ᠬᠠᠮᠲᠤᠪᠠᠷ ᠵᠠᠰᠠᠬᠤ︾ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ︽ᠭᠤᠣᠯ ᠤᠨ ᠳᠠᠷᠤᠭ᠎ᠠ ᠶᠢᠨ ᠳᠦᠷᠢᠮ︾ ᠢ ᠴᠢᠩᠭ᠎ᠠ ᠬᠡᠷᠡᠭᠵᠢᠭᠦᠯᠵᠦ᠂ ᠭᠤᠣᠯ ᠮᠥᠷᠡᠨ ᠨᠠᠭᠤᠷ | ᠴᠥᠭᠦᠷᠥᠮ ᠤᠨ ︽ᠲᠦᠷᠪᠡᠨ ᠰᠠᠮᠠᠭᠤᠷᠠᠯ ᠢ ᠠᠷᠢᠯᠭᠠᠬᠤ︾᠂ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ᠂ ᠤᠰᠤᠨ ᠤ ᠡᠬᠢ ᠰᠤᠷᠪᠤᠯᠵᠢ ᠶᠢᠨ ᠭᠠᠵᠠᠷ ᠢ ᠬᠠᠮᠠᠭᠠᠯᠠᠬᠤ ᠠᠵᠢᠯ ᠢ ᠪᠦᠬᠦ | ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠬᠥᠷᠥᠰᠥ ᠰᠢᠷᠣᠶ ᠶᠢᠨ ᠪᠣᠬᠢᠷᠲᠤᠯ ᠢ ᠡᠬᠢ ᠡᠭᠦᠰᠦᠯ ᠠᠴᠠ ᠨᠢ | ᠰᠡᠷᠭᠡᠶᠢᠯᠡᠬᠦ ᠶᠢ ᠴᠢᠩᠭᠠᠳᠬᠠᠵᠤ᠂ ᠬᠥᠷᠥᠰᠥ ᠰᠢᠷᠣᠶ᠂ ᠭᠠᠵᠠᠷ ᠳᠣᠤᠷᠠᠬᠢ ᠤᠰᠤᠨ ᠤ ᠪᠣᠬᠢᠷᠲᠤᠯ ᠤᠨ | ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ | ᠠᠵᠢᠯ ᠢ ᠭᠦᠨᠵᠡᠭᠡᠶᠢᠷᠡᠭᠦᠯᠵᠦ᠂ ᠲᠠᠷᠢᠶᠠᠨ ᠡᠮ ᠪᠠ ᠬᠢᠮᠢ ᠶᠢᠨ ᠪᠤᠷᠳᠤᠭᠤᠷ ᠬᠡᠷᠡᠭᠯᠡᠬᠦ ᠬᠡᠮᠵᠢᠶ᠎ᠡ ᠶᠢ ᠵᠡᠷᠭᠡ ᠪᠠᠷ | ᠪᠠᠭᠤᠷᠠᠭᠤᠯᠬᠤ ᠶᠢ ᠦᠷᠭᠦᠯᠵᠢᠯᠡᠨ ᠠᠬᠢᠭᠤᠯᠤᠨ᠎ᠠ᠃ 2608 ᠡᠷᠦᠬᠡ ᠰᠠᠭᠤᠭᠠᠯᠢ ᠠᠷᠠᠳ ᠤᠨ ᠴᠡᠪᠡᠷ | ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠣᠬᠢᠷᠳᠤᠯ ᠦᠭᠡᠢ ᠴᠡᠪᠡᠷ ᠡᠨᠧᠷᠭᠢ ᠶᠢ | ᠶᠡᠬᠡᠪᠡᠷ ᠳᠡᠯᠭᠡᠷᠡᠭᠦᠯᠦᠨ ᠬᠡᠷᠡᠭᠯᠡᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠡᠷᠴᠢᠮ ᠢ ᠴᠢᠩᠭᠠᠷᠠᠭᠤᠯᠤᠨ᠎ᠠ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠪᠠ ᠬᠠᠤᠯᠢ | ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ | ᠨᠠᠶᠢᠳᠠᠪᠤᠷᠢᠵᠢᠭᠤᠯᠵᠤ᠂ ᠰᠠᠩ ᠬᠥᠮᠥᠷᠭᠡ ᠶᠢ ᠲᠤᠭᠤᠰᠢᠲᠠᠢ ᠴᠡᠪᠡᠷᠯᠡᠬᠦ ᠶᠢ ᠠᠬᠢᠭᠤᠯᠬᠤ ᠬᠡᠷᠡᠭᠲᠡᠢ᠃ ︽ᠣᠶ | ᠰᠢᠭᠤᠶ ᠶᠢᠨ ᠳᠠᠷᠤᠭ᠎ᠠ ᠶᠢᠨ ᠲᠦᠷᠢᠮ︾ ᠢ ᠭᠦᠨᠵᠡᠭᠡᠶ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠣᠶᠢᠲᠤ ᠭᠠᠵᠠᠷ ᠢ | ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠨᠵᠧᠨᠧᠷᠢᠩ ᠪᠠ ᠭᠠᠵᠠᠷ | ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ ᠭᠦᠨᠵᠡᠭᠡᠶ ᠥᠷᠨᠢᠭᠦᠯᠵᠦ᠂ ᠪᠣᠬᠢᠷᠲᠤᠯ ᠥᠬᠡᠶ ᠠᠭᠤᠷᠬᠠᠶ ᠶᠢᠨ | ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠰᠢᠨ᠎ᠡ ᠡᠨᠧᠷᠭᠢ ᠶᠢᠨ ᠠᠵᠤ ᠦᠢᠯᠡᠰ ᠤᠨ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠠᠭᠤᠷᠬᠠᠢ ᠶᠢᠨ ᠣᠷᠣᠨ ᠤ ᠭᠠᠵᠠᠷ ᠰᠢᠷᠣᠶ ᠶᠢ | ᠶᠡᠷᠦᠩᠬᠡᠶᠢᠯᠡᠨ ᠠᠰᠢᠭᠯᠠᠵᠤ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃ | ︵ᠲᠦᠷᠪᠡ︶ ᠬᠤᠲᠠ ᠶᠢᠨ ᠰᠢᠨᠡᠴᠢᠯᠡᠯᠲᠡ ᠶᠢᠨ ᠠᠵᠢᠯ ᠢ ᠰᠠᠶᠢᠲᠤᠷ ᠬᠢᠵᠦ᠂ ᠬᠤᠲᠠ ᠶᠢᠨ ᠴᠢᠳᠠᠮᠵᠢ ᠶᠢᠨ | ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠥᠮᠦᠨ ᠢᠶᠠᠷ ᠭᠤᠣᠯ ᠪᠣᠯᠭᠠᠭᠰᠠᠨ ᠦᠷᠳᠡᠭ ᠤᠨ ᠤᠳᠤᠷᠢᠳᠤᠮᠵᠢ ᠶᠢ | ᠪᠠᠷᠢᠮᠲᠠᠯᠠᠵᠤ᠂ ᠬᠠᠭᠤᠴᠢᠨ ᠬᠤᠳᠠ ᠰᠢᠨ᠎ᠡ ᠬᠤᠳᠠ ᠶᠢ ᠬᠠᠮᠲᠤ ᠳᠤᠨᠢ ᠠᠳᠬᠤᠬᠤ ᠶᠢ ᠪᠠᠷᠢᠮᠲᠠᠯᠠᠵᠤ᠂ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ | ᠭᠦᠢᠴᠡᠳ ᠬᠦᠴᠦ ᠣᠷᠣᠭᠤᠯᠵᠤ᠂ ᠬᠤᠳᠠ ᠶᠢᠨ ᠰᠢᠨᠡᠴᠢᠯᠡᠯᠲᠡ ᠶᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠪᠠᠷ | ᠠᠬᠢᠭᠤᠯᠵᠤ᠂ ᠬᠤᠳᠠ ᠶᠢᠨ ︽ᠬᠠᠭᠤᠴᠢᠨ ᠳᠦᠷᠰᠦ ᠪᠠᠶᠢᠳᠠᠯ ᠢ ᠰᠢᠨ᠎ᠡ ᠲᠥᠷᠬᠦ︾ ᠪᠠᠷ ᠪᠦᠬᠦ ᠬᠦᠴᠦᠨ ᠢᠶᠠᠷ ᠢᠶᠠᠨ | ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨᠬᠦ | ᠨᠡᠮᠡᠭᠳᠡᠭᠦᠯᠬᠦ ᠬᠡᠷᠡᠭᠲᠡᠢ᠃ ᠬᠤᠲᠠ ᠶᠢᠨ ᠰᠠᠭᠤᠷᠢ ᠲᠥᠬᠦᠭᠡᠷᠦᠮᠵᠢ ᠶᠢ ᠬᠦᠴᠦᠯᠡᠨ ᠲᠡᠭᠦᠯᠳᠡᠷᠵᠢᠭᠦᠯᠦᠨ᠎ᠡ᠃ ᠰᠢᠨ | ᠴᠢᠶᠤᠤ ᠶᠡᠭᠡ ᠵᠡᠭᠡᠯᠢ᠂ ᠱᠤᠸᠠᠩ ᠶᠦᠩ ᠵᠡᠭᠡᠯᠢ ᠵᠡᠷᠭᠡ 3 ᠲᠠᠰᠤᠷᠬᠠᠶ ᠵᠠᠮ ᠢ ᠨᠡᠪᠲᠡᠷᠡᠭᠦᠯᠵᠦ᠂ ᠸᠠᠨ ᠳ᠋ᠠ ᠵᠡᠭᠡᠯᠢ | ᠥᠩᠭᠡᠷᠡᠬᠦ ᠬᠥᠭᠦᠷᠭᠡ ᠶᠢ ᠪᠠᠶᠢᠭᠤᠯᠵᠤ᠂ ᠬᠤᠲᠠ ᠶᠢᠨ ᠵᠠᠮ ᠨᠡᠪᠲᠡᠷᠡᠬᠦ ᠴᠢᠨᠠᠷ ᠢ ᠳᠡᠭᠡᠭᠰᠢᠯᠡᠭᠦᠯᠦᠨ᠎ᠡ᠃ ᠬᠠᠶᠢᠮᠢᠶᠠᠨ | ᠬᠤᠲᠠ ᠶᠢᠨ ᠣᠨᠣᠯᠵᠢᠬᠤᠨ ᠢ ᠦᠢᠯᠡᠳᠦᠯᠭᠡᠵᠢᠭᠦᠯᠵᠦ᠂ 19 ᠺᠢᠯᠤᠮᠧᠲᠷ ᠤᠨ ᠪᠣᠬᠢᠷ ᠤᠰᠤᠨ ᠤ ᠬᠤᠭᠤᠯᠠᠶ ᠶᠢᠨ | ᠲᠣᠤᠷ᠂ 20 ᠺᠢᠯᠤᠮᠧᠲᠷ ᠤᠨ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ᠂ 17.7 ᠺᠢᠯᠤᠮᠧᠲᠷ ᠤᠨ | ᠨᠣᠭᠤᠭᠠᠷᠠᠭᠤᠯᠤᠯᠲᠠ ᠶᠢᠨ ᠤᠰᠤ ᠠᠷᠪᠢᠯᠠᠬᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢ ᠪᠡᠶᠡᠯᠡᠭᠦᠯᠵᠦ᠂ | ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠭᠡᠭᠰᠢᠯᠡᠭᠦᠯᠦᠨ᠎ᠡ᠃ | ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ | ᠠᠷᠠᠳ ᠤᠨ ᠠᠭᠤᠳᠠᠮ ᠲᠠᠯᠠᠪᠠᠶ ᠵᠢᠴᠢ ᠥᠪᠥᠷ ᠮᠣᠩᠭᠤᠯ ᠤᠨ ᠲᠣᠮᠣ ᠠᠰᠠᠷ᠂ ᠴᠢᠶᠠᠨ ᠭᠠᠩ ᠨᠡᠶᠢᠭᠡᠮ | ᠲᠣᠭᠤᠷᠢᠭ ᠤᠨ ᠬᠦᠴᠢᠷᠳᠡᠯ ᠢ ᠰᠢᠢᠳᠪᠦᠷᠢᠯᠡᠨ ᠨᠡᠭᠦᠯᠭᠡᠬᠦ᠂ ᠦᠢᠯᠡᠴᠢᠯᠡᠭᠡᠨ ᠤ ᠲᠠᠯ᠎ᠠ ᠪᠠᠷ ᠭᠠᠳᠠᠷ ᠣᠷᠣᠨ ᠤ | ᠴᠢᠳᠠᠪᠤᠷᠢᠲᠠᠨ ᠢ ᠲᠠᠲᠠᠬᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠢᠴᠢ ᠰᠢᠶᠠᠨ ᠹᠧᠩ ᠵᠢᠵᠢᠭ ᠲᠣᠭᠤᠷᠢᠭ᠂ | 117 ᠭᠠᠵᠠᠷ ᠰᠢᠨᠵᠢᠯᠡᠭᠡᠨ ᠤ ᠠᠩᠭᠢ᠂ ᠪᠠᠶᠢᠰᠢᠩ ᠬᠡᠷ ᠤᠨ ᠲᠣᠭᠤᠷᠢᠭ ᠤᠨ ᠨᠤᠷᠠᠭᠠᠵᠤ ᠨᠡᠭᠦᠯᠭᠡᠵᠦ ᠨᠡᠭᠡᠭᠡᠨ | ᠬᠥᠭᠵᠢᠭᠦᠯᠬᠦ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠡᠮᠦᠨ᠎ᠡ ᠬᠡᠰᠡᠭ ᠤᠨ | ᠬᠤᠲᠠ ᠶᠢᠨ ᠲᠣᠭᠤᠷᠢᠭ ᠤᠨ ᠰᠢᠰᠲ᠋ᠧᠮ ᠢ ᠰᠢᠨᠡᠳᠬᠡᠨ ᠥᠭᠡᠷᠡᠴᠢᠯᠡᠬᠦ ᠶᠢ ᠬᠡᠷᠡᠭᠵᠢᠭᠦᠯᠦᠨ᠂ ᠬᠠᠭᠤᠴᠢᠨ ᠬᠤᠲᠠ ᠶᠢᠨ | ᠲᠣᠭᠤᠷᠢᠭ ᠤᠨ ᠰᠠᠭᠤᠭᠠᠯᠢ ᠠᠷᠠᠳ ᠤᠨ ᠦᠢᠯᠡᠴᠢᠯᠡᠭᠡᠨ ᠤ ᠴᠢᠳᠠᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ | ᠠᠬᠢᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠲᠠᠰᠤᠷᠠᠯᠲᠠ ᠥᠬᠡᠶ | ᠰᠠᠶᠢᠵᠢᠷᠠᠭᠤᠯᠤᠨ᠎ᠠ᠃ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠨᠠᠷᠢᠯᠢᠭ ᠳᠡᠭᠡᠭᠰᠢᠯᠡᠭᠦᠯᠦᠨ᠎ᠡ᠃ ᠲᠣᠮᠣ | ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠵᠠᠰᠠᠮᠠᠯ ᠵᠠᠮ ᠤᠨ | ᠠᠵᠢᠯᠯᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠳᠤᠷ᠎ᠠ ᠪᠠᠷ ᠢᠶᠠᠨ ᠪᠠᠶᠢᠭᠤᠯᠵᠤ ᠳᠤᠷ᠎ᠠ ᠪᠠᠷ ᠢᠶᠠᠨ | ᠪᠠᠶᠢᠭᠤᠯᠬᠤ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠠᠷᠠᠳ ᠲᠤ | ᠲᠥᠬᠦᠮ ᠦᠵᠡᠭᠦᠯᠬᠦ ᠵᠠᠬ᠎ᠠ ᠳᠡᠯᠭᠡᠭᠦᠷ ᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠨ᠎ᠠ︔ ᠬᠤᠲᠠ | ᠲᠣᠭᠤᠷᠢᠭ ᠤᠨ ︽ᠲᠡᠷᠭᠡ ᠵᠣᠭᠰᠣᠭᠠᠬᠤ ᠳᠤ ᠬᠦᠴᠢᠷ︾ ︽ᠲᠡᠷᠭᠡ ᠵᠣᠭᠰᠣᠭᠠᠬᠤ ᠳᠤ ᠳᠤᠷ᠎ᠠ ᠪᠠᠷ ᠪᠠᠶᠢᠬᠤ︾ | ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠠᠳᠠᠯ ᠠᠬᠤᠶ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ | ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠢᠯᠡ | ᠪᠦᠷᠬᠦᠭᠦᠯᠬᠦ ᠠᠴᠠ ᠪᠦᠲᠦᠮᠵᠢᠲᠡᠶ ᠬᠠᠮᠤᠷᠬᠤ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠬᠤ ᠠᠵᠢᠯ ᠢ ᠲᠦᠷᠭᠡᠳᠬᠡᠨ ᠠᠬᠢᠭᠤᠯᠵᠤ᠂ ᠪᠦᠷᠢᠨ ᠪᠦᠲᠦᠨ ᠨᠡᠶᠢᠭᠡᠮ ᠲᠣᠭᠤᠷᠢᠭ ᠤᠨ | ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠦᠨ᠂ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠪᠡᠯᠡᠳᠬᠡᠮᠵᠢ ᠶᠢ ᠢᠵᠢ ᠪᠥᠷᠢᠳᠦᠭᠦᠯᠦᠨ ᠲᠡᠭᠦᠯᠳᠡᠷᠵᠢᠭᠦᠯᠵᠦ᠂ ︽ᠬᠤᠸᠠᠷ ᠬᠠᠳᠬᠤᠬᠤ︾ ᠬᠦᠴᠦ | ᠣᠷᠣᠭᠤᠯᠤᠨ ᠬᠤᠲᠠ ᠶᠢᠨ ᠨᠠᠷᠢᠯᠢᠬᠵᠢᠭᠤᠯᠬᠤ᠂ ᠰᠦᠯᠵᠢᠶᠡᠵᠢᠭᠦᠯᠬᠦ ᠬᠠᠮᠢᠶᠠᠷᠤᠯᠲᠠ ᠶᠢ ᠠᠬᠢᠭᠤᠯᠤᠨ᠎ᠠ᠃ | ︵ᠲᠠᠪᠤ︶ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠣᠯᠠᠨ ᠲᠦᠮᠡᠨ ᠤ ᠵᠣᠯ | ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃ ︽ᠠᠷᠠᠳ ᠲᠦᠮᠡᠨ ᠢ ᠳᠡᠭᠡᠳᠦᠯᠡᠬᠦ︾ ᠤᠢᠢᠯᠠᠭᠠᠭᠳᠠᠬᠤᠨ ᠢ | ᠪᠠᠲᠤ ᠪᠤᠢ ᠪᠣᠯᠭᠠᠵᠤ᠂ ᠬᠢᠵᠠᠭᠠᠷ ᠲᠠᠢ ᠡᠳ᠋ ᠤᠨ ᠬᠦᠴᠦᠨ ᠢ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ | ᠬᠦᠷᠢᠶᠡᠨ ᠳᠤ ᠬᠡᠷᠡᠭᠯᠡᠵᠦ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠲᠦᠷᠭᠡᠨ ᠰᠢᠢᠳᠪᠦᠷᠢᠯᠡᠵᠦ᠂ | ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ | ᠲᠤᠬᠠᠢ ᠰᠢᠨ᠎ᠡ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠬᠤ | ᠪᠠᠲᠤᠯᠠᠭ᠎ᠠ ᠶᠢ ᠴᠢᠩᠭᠠᠳᠬᠠᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ᠂ ᠬᠥᠯᠥᠰᠥᠨ ᠠᠵᠢᠯᠴᠢᠨ ᠵᠡᠷᠭᠡ | ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠬᠦᠴᠦᠯᠡᠨ ᠠᠬᠢᠭᠤᠯᠵᠤ᠂ ᠠᠵᠤ ᠦᠢᠯᠡᠰ ᠤᠨ ᠤᠯᠠᠨ | ᠲᠡᠰ ᠳᠠᠪᠬᠤᠷᠭ᠎ᠠ ᠶᠢᠨ ᠠᠵᠢᠯ ᠣᠯᠭᠤᠯᠲᠠ ᠶᠢᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠢ ᠪᠥᠬᠦ ᠴᠠᠷᠠᠭ᠎ᠠ ᠪᠠᠷ | ᠪᠦᠷᠬᠦᠭᠦᠯᠬᠦ ᠶᠢ ᠪᠡᠶᠡᠯᠡᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ | ᠪᠠᠶᠢᠩᠭᠤᠵᠢᠭᠤᠯᠤᠨ ᠥᠷᠨᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠶᠡᠬᠡᠪᠡᠷ | ᠨᠡᠭᠡᠭᠡᠨ ᠬᠥᠭᠵᠢᠭᠦᠯᠵᠦ᠂ ᠠᠵᠢᠯ ᠤᠯᠬᠤ ᠳᠤ ᠬᠦᠴᠢᠷᠲᠡᠶ ᠬᠥᠮᠦᠰ ᠢ ᠦᠨᠳᠦᠰᠦᠨ ᠵᠤᠶᠢᠯ ᠢᠶᠠᠷ ᠨᠢ ᠲᠥᠪᠬᠢᠨᠡᠭᠦᠯᠦᠨ᠂ | ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ ᠶᠢ ᠬᠥᠳᠡᠯᠦᠩᠭᠦᠶ ᠪᠠᠷ ᠴᠡᠪᠡᠷᠯᠡᠬᠦ ᠶᠢ ᠦᠨᠡᠨᠬᠦ ᠪᠠᠲᠤᠯᠠᠵᠤ᠂ | ᠬᠤᠲᠠ ᠪᠠᠯᠭᠠᠰᠤᠨ ᠤ 3000 ᠭᠠᠷᠤᠶ ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠪᠡᠶᠡᠯᠡᠭᠦᠯᠦᠨ᠎ᠡ᠃ ︽ | ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ︾ ᠶᠢ ᠪᠠᠷᠢᠮᠲᠠᠯᠠᠵᠤ᠂ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠨᠠᠰᠤᠵᠢᠯ ᠤᠨ ᠦᠨᠳᠦᠰᠦᠨ ᠠᠰᠠᠷᠠᠮᠵᠢ᠂ ᠡᠮ ᠡᠮᠨᠡᠯᠭᠡ᠂ | ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ ᠢ ᠨᠠᠶᠢᠳᠠᠪᠤᠷᠢᠵᠢᠭᠤᠯᠤᠨ᠎ᠠ᠃ | ᠬᠥᠳᠡᠯᠮᠦᠷᠢ ᠠᠵᠢᠯᠳᠠᠨ ᠤ ᠶᠠᠪᠤᠳᠠᠯ ᠤᠨ ᠮᠠᠷᠭᠤᠯᠳᠤᠭᠠᠨ ᠢ ᠰᠢᠢᠤᠡᠪᠤᠷᠢᠯᠡᠬᠦ ᠠᠵᠢᠯ ᠢ ᠴᠢᠩᠭᠠᠳᠬᠠᠵᠤ᠂ ᠴᠠᠯᠢᠩ | ᠥᠷᠢᠲᠦᠭᠰᠡᠨ ᠬᠡᠷᠡᠭ ᠢ ᠰᠢᠢᠤᠡᠪᠤᠷᠢᠯᠡᠬᠦ ᠡᠷᠴᠢᠮ ᠢᠶᠠᠨ ᠴᠢᠩᠭᠠᠷᠠᠭᠤᠯᠵᠤ᠂ ᠨᠡᠩ ᠡᠶ᠎ᠡ ᠵᠣᠬᠢᠴᠠᠯ ᠲᠠᠢ | ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠬᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ | ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠤᠭᠰᠠᠨ᠂ ᠡᠮᠨᠡᠬᠦ ᠰᠤᠪᠢᠯᠠᠬᠤ ᠡᠷᠡᠭᠦᠯᠵᠢᠭᠦᠯᠬᠦ ᠰᠤᠪᠢᠯᠠᠬᠤ ᠶᠢ | ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠵᠤ᠂ | ᠬᠠᠶᠢᠷᠤᠪ ᠤᠨ ᠲᠤᠬᠤᠢ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ | ᠲᠥᠪ ᠤᠨ ᠪᠠᠶᠢᠭᠤᠯᠤᠯᠲᠠ ᠶᠢ ᠠᠬᠢᠭᠤᠯᠤᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠪᠠ ᠠᠰᠠᠷᠠᠨ ᠬᠠᠷᠠᠭᠠᠯᠵᠠᠬᠤ | ᠡᠲᠡᠭᠡᠳ ᠲᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ᠂ ᠣᠨᠴᠠ ᠬᠦᠴᠢᠷᠳᠡᠯᠲᠡᠶ᠂ ᠵᠡᠮᠳᠡᠭᠴᠦᠳ ᠵᠡᠷᠭᠡ ᠠᠮᠢᠳᠤᠷᠠᠯ ᠨᠢ ᠬᠦᠴᠢᠷᠳᠡᠯ ᠲᠠᠢ ᠬᠥᠮᠦᠰ ᠢ ᠬᠠᠪᠰᠤᠷᠤᠨ | ᠲᠡᠳᠬᠦᠵᠦ ᠠᠪᠤᠷᠠᠨ ᠲᠤᠰᠠᠯᠠᠬᠤ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠦᠨᠳᠦᠰᠦᠨ ᠬᠤᠷᠢᠭ᠎ᠠ | ᠱᠤᠭᠤᠮ ᠢ ᠡᠷᠡᠰ ᠪᠠᠲᠤ ᠰᠠᠬᠢᠨ᠎ᠠ᠃ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ | ᠰᠠᠶᠢᠲᠤᠷ ᠡᠷᠬᠢᠯᠡᠨ᠎ᠠ᠃ ᠶᠣᠰᠣ ᠮᠣᠷᠠᠯ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠵᠤ᠂ ᠰᠤᠷᠤᠭᠴᠢᠳ ᠤᠨ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ | ᠬᠥᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ︽ᠬᠤᠶᠠᠷ ᠢ ᠬᠦᠩᠬᠡᠷᠡᠭᠦᠯᠬᠦ︾ ᠦᠷ᠎ᠡ ᠪᠦᠲᠦᠮᠵᠢ ᠶᠢ ᠪᠠᠬᠢᠵᠢᠭᠦᠯᠵᠦ᠂ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠶᠢᠨ ᠪᠡᠯᠡᠳᠬᠡᠮᠵᠢ ᠶᠢ ᠰᠢᠨᠡᠳᠬᠡᠨ ᠲᠡᠭᠦᠯᠳᠡᠷᠵᠢᠭᠦᠯᠬᠦ ᠶᠢ ᠲᠦᠷᠭᠡᠳᠬᠡᠨ ᠠᠬᠢᠭᠤᠯᠵᠤ᠂ ᠵᠢᠭᠠᠨ ᠰᠤᠷᠭᠠᠬᠤ | ᠵᠢᠭᠠᠨ ᠰᠤᠳᠤᠯᠬᠤ ᠬᠦᠴᠦᠨ ᠢ ᠲᠡᠭᠦᠯᠳᠡᠷᠵᠢᠭᠦᠯᠦᠨ᠂ ᠦᠬᠠᠶ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ | ᠬᠥᠭᠵᠢᠯᠲᠡ ᠶᠢᠨ ︽1+N︾ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠨᠠᠶᠢᠳᠠᠪᠤᠷᠢᠵᠢᠭᠤᠯᠵᠤ᠂ ︽ | ᠡᠬᠢᠯᠡᠯᠲᠡ ᠶᠢᠨ ᠱᠤᠭᠤᠮ︾ ︽ᠳᠣᠬᠢᠭᠤᠷ︾ ︽ᠬᠢᠨᠠᠯᠲᠠ ᠲᠠᠯᠪᠢᠬᠤ ᠲᠦᠷᠢᠮ︾ ᠵᠡᠷᠭᠡ ᠥᠭᠡᠷᠡᠴᠢᠯᠡᠯᠲᠡ ᠶᠢ | ᠦᠷᠭᠦᠯᠵᠢᠯᠡᠨ ᠠᠬᠢᠭᠤᠯᠵᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠡᠩᠴᠡᠭᠦᠷᠢᠲᠡᠶ | ᠳᠣᠭᠢᠷᠠᠭᠤᠯᠬᠤ ᠶᠢ ᠪᠡᠶᠡᠯᠡᠭᠦᠯᠦᠨ᠎ᠡ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠵᠤ᠂ ᠰᠤᠷᠭᠠᠭᠤᠯᠢ ᠶᠢᠨ ᠵᠠᠬᠢᠷᠤᠯ᠂ ᠵᠢᠭᠠᠨ ᠰᠤᠳᠤᠯᠤᠭᠴᠢ᠂ ᠠᠩᠭᠢ ᠶᠢᠨ ᠡᠷᠬᠢᠯᠡᠭᠴᠢ᠂ ᠪᠠᠭᠰᠢ ᠶᠢᠨ ︽ | ᠳᠥᠷᠪᠡᠨ ᠰᠠᠯᠠᠭ᠎ᠠ︾ ᠶᠢᠨ ᠰᠢᠯᠭᠠᠷᠠᠭᠰᠠᠨ ᠡᠩᠨᠡᠭᠡ ᠶᠢ ᠪᠣᠶ ᠪᠣᠯᠭᠠᠵᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠪᠠᠷᠢᠮᠵᠢᠶ᠎ᠠ ᠳᠤ ᠬᠦᠷᠭᠡᠵᠦ ᠰᠢᠯᠭᠠᠨ ᠠᠪᠬᠤ ᠶᠢ ᠪᠠᠲᠤᠯᠠᠨ᠎ᠠ᠃ | ᠠᠷᠠᠳ ᠲᠦᠮᠡᠨ ᠤ ᠡᠷᠡᠭᠦᠯ ᠮᠡᠨᠳᠦ ᠶᠢ ᠪᠥᠬᠦ ᠬᠦᠴᠦᠨ ᠢᠶᠠᠷ ᠡᠮᠴᠢᠯᠡᠭᠡᠨ ᠤ ︽1+N︾ ᠲᠥᠷᠥ ᠶᠢᠨ | ᠪᠣᠳᠣᠯᠭ᠎ᠠ ᠶᠢᠨ ᠰᠢᠰᠲ᠋ᠧᠮᠵᠢ ᠶᠢ ᠭᠦᠨᠵᠡᠭᠡᠶ ᠨᠠᠶᠢᠳᠠᠪᠤᠷᠢᠵᠢᠭᠤᠯᠵᠤ᠂ ᠨᠢᠭᠲᠠ ᠬᠡᠯᠪᠡᠷᠢ ᠶᠢᠨ ᠬᠤᠲᠠ ᠶᠢᠨ | ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠱᠠᠲᠤ | ᠬᠤᠪᠢᠶᠠᠨ ᠣᠨᠣᠰᠢᠯᠠᠨ ᠡᠮᠨᠡᠬᠦ ᠲᠦᠷᠢᠮ ᠢ ᠲᠡᠭᠦᠯᠳᠡᠷᠵᠢᠭᠦᠯᠦᠨ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ | ᠪᠠᠭᠲᠠᠭᠠᠮᠵᠢ ᠶᠢ ᠥᠷᠭᠡᠳᠬᠡᠨ ᠳᠣᠷᠣᠭᠰᠢ ᠪᠠᠭᠤᠯᠭᠠᠬᠤ ᠶᠢ ᠠᠬᠢᠭᠤᠯᠤᠨ᠎ᠠ᠃ ᠭᠤᠤᠯᠳᠠᠯᠭ᠎ᠠ ᠲᠠᠢ ᠰᠢᠨᠵᠢᠯᠡᠭᠡᠨ ᠤ | ᠰᠠᠯᠠᠭ᠎ᠠ ᠪᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠭᠤᠷᠢᠭ ᠤᠨ ᠬᠠᠷᠢᠶ᠎ᠠ ᠪᠥᠬᠦᠶ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠵᠥᠭᠡᠯᠡᠨ ᠬᠠᠲᠠᠭᠤ ᠬᠡᠷᠡᠭᠰᠡᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠡᠯ᠎ᠡ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠬᠤᠲᠠ ᠬᠥᠳᠡᠭᠡ ᠶᠢᠨ ᠡᠷᠡᠭᠦᠯ ᠬᠠᠮᠠᠭᠠᠯᠠᠯ ᠤᠨ ᠤᠶᠢᠯᠡᠰ ᠤᠨ ᠠᠳᠠᠯᠢ ᠲᠡᠭᠰᠢ ᠬᠥᠭᠵᠢᠯᠲᠡ ᠶᠢ | ᠠᠬᠢᠭᠤᠯᠤᠨ᠂ ᠪᠦᠬᠦᠯᠢ ᠴᠣᠭᠴᠠ ᠶᠢᠨ ᠡᠮᠴᠢᠯᠡᠭᠡᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ | ᠬᠢᠲᠠᠳ ᠡᠮ ᠡᠮᠨᠡᠯᠭᠡ ᠶᠢᠨ ᠦᠢᠯᠡᠰ ᠤᠨ ᠡᠪᠡᠳᠴᠢᠨ ᠡᠮᠭᠡᠭ ᠢ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ | ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠪᠠᠷ ᠲᠦᠯᠬᠢᠨ | ᠠᠬᠢᠭᠤᠯᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ | ᠠᠳᠬᠤᠵᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠶᠡᠬᠡᠪᠡᠷ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ | ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠰᠣᠶᠣᠯ ᠪᠡᠶ᠎ᠡ ᠶᠢᠨ | ᠲᠠᠮᠢᠷ ᠤᠨ ᠤᠶᠢᠯᠡᠰ ᠢ ᠲᠠᠰᠤᠷᠠᠯᠲᠠ ᠬᠠᠳᠤᠨ ᠭᠤᠤᠯ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠤᠨ | ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠡᠵᠢ ᠭᠤᠤᠯ ᠤᠨ ᠵᠢᠭᠤᠯᠴᠢᠯᠠᠯ ᠤᠨ ᠮᠠᠷᠠᠰᠤᠨ | ᠤᠷᠤᠯᠳᠤᠭᠠᠨ ᠤ ᠵᠠᠮ ᠤᠨ ᠲᠥᠷᠥᠯ ᠵᠤᠶᠢᠯ ᠳᠤ ᠲᠦᠰᠢᠭᠯᠡᠨ᠂ ᠣᠯᠠᠨ ᠤᠯᠤᠰ ᠤᠨ ᠡᠯᠡᠰᠦᠨ ᠲᠠᠩ ᠤᠨ ᠬᠥᠯ | ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠪᠥᠬᠦ ᠤᠯᠤᠰ ᠤᠨ ᠮᠠᠷᠠᠰᠤᠨ ᠤᠷᠤᠯᠳᠤᠭᠠᠨ᠂ ᠳᠤᠭᠤᠶ ᠲᠡᠷᠭᠡᠨ ᠤ | ᠤᠷᠤᠯᠳᠤᠭᠠᠨ ᠵᠡᠷᠭᠡ ᠴᠢᠬᠤᠯᠠ ᠶᠡᠭᠡ ᠠᠵᠢᠯᠯᠠᠭ᠎ᠠ ᠶᠢ ᠡᠷᠭᠢᠯᠡᠬᠦ ᠪᠠ ᠳᠠᠭᠠᠭᠠᠨ ᠡᠷᠭᠢᠯᠡᠨ᠎ᠡ︔ ᠴᠠᠭᠠᠨ ᠰᠠᠷ᠎ᠠ ᠶᠢᠨ | ᠰᠢᠷᠢᠰ ᠠᠵᠢᠯᠯᠠᠭ᠎ᠠ ᠶᠢ ᠲᠠᠰ ᠳᠡᠪᠰᠢᠭᠦᠯᠵᠦ᠂ ︽ᠨᠢᠭᠡ ᠮᠥᠴᠡ︾ ᠶᠢᠨ ᠭᠠᠷᠠᠭ ᠤᠨ ᠰᠡᠭᠦᠯᠴᠢ ᠶᠢᠨ ᠪᠠᠶᠠᠷ ᠤᠨ | ᠴᠤᠭᠯᠠᠭᠠᠨ᠂ ᠤᠯᠠᠭᠠᠨᠮᠥ᠋ᠴᠢᠷ ᠢ ᠬᠥᠳᠡᠭᠡ ᠲᠣᠰᠬᠤᠨ ᠳᠤ ᠠᠪᠠᠴᠢᠭᠰᠠᠨ ᠵᠡᠷᠭᠡ ᠣᠯᠠᠨ ᠲᠦᠮᠡᠨ ᠤ ᠰᠣᠶᠣᠯ | ᠴᠡᠩᠭᠡᠯ ᠤᠨ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠨ᠎ᠠ᠃ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ | ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠦᠷᠭᠦᠯᠵᠢᠯᠡᠨ ᠴᠢᠩᠭᠠᠳᠬᠠᠵᠤ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠪᠠᠳᠠᠷᠠᠭᠤᠯᠤᠨ᠎ᠠ᠃ | ︵ᠵᠢᠷᠭᠤᠭ᠎ᠠ︶ ᠬᠥᠭᠵᠢᠯᠲᠡ ᠬᠢᠭᠡᠳ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠨᠡᠶᠢᠭᠡᠮ ᠤᠨ ᠡᠶ᠎ᠡ | ᠵᠣᠬᠢᠴᠠᠯ ᠲᠠᠢ ᠲᠣᠭᠲᠠᠭᠤᠨ ᠪᠠᠶᠢᠳᠠᠯ ᠢ ᠪᠠᠲᠤᠯᠠᠨ᠎ᠠ᠃ ᠰᠠᠨᠠᠭᠠᠰᠢᠷᠠᠨ ᠵᠣᠪᠠᠨᠢᠬᠤ ᠤᠬᠠᠮᠰᠠᠷ᠂ ᠬᠠᠷᠢᠭᠤᠴᠠᠯᠭ᠎ᠠ ᠶᠢᠨ | ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ | ᠬᠤᠷᠢᠭ᠎ᠠ ᠱᠤᠭᠤᠮ ᠢ ᠪᠠᠲᠤ ᠰᠠᠬᠢᠵᠤ᠂ ᠲᠣᠭᠲᠠᠭᠤᠨ ᠡᠷᠡᠭᠦᠯ ᠠᠵᠤ ᠠᠬᠤᠢ ᠨᠡᠶᠢᠭᠡᠮ ᠤᠨ ᠣᠷᠴᠢᠨ ᠲᠣᠭᠤᠷᠢᠨ ᠢ | ᠬᠦᠴᠦᠯᠡᠨ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ | ᠰᠠᠶᠢᠨ ᠦᠢᠯᠡᠳᠦᠯᠴᠡᠯ ᠢ ᠪᠡᠶᠡᠯᠡᠭᠦᠯᠬᠦ ᠬᠡᠷᠡᠭᠲᠡᠢ᠃ ᠥᠷᠢ ᠥᠭᠴᠡᠭᠡ ᠶᠢ ᠠᠷᠢᠯᠭᠠᠬᠤ ᠶᠢ ᠪᠥᠬᠦ ᠬᠦᠴᠦᠨ ᠢᠶᠠᠷ | ᠳᠥᠯᠭᠢᠨ ᠥᠷᠢ ᠥᠭᠴᠡᠭᠡ ᠶᠢᠨ ᠲᠦᠭᠰᠢᠭᠦᠷᠢ ᠶᠢ ᠦᠨᠡᠨᠬᠦ ᠰᠡᠷᠭᠡᠶᠢᠯᠡᠨ ᠠᠷᠢᠯᠭᠠᠵᠤ᠂ ᠵᠠᠰᠠᠭ ᠤᠨ ᠣᠷᠳᠣᠨ ᠤ ᠥᠷᠢ | ᠥᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠨᠡᠮᠡᠭᠳᠡᠯ ᠤᠨ ᠬᠡᠮᠵᠢᠶ᠎ᠡ ᠶᠢ ᠬᠤᠷᠢᠭᠯᠠᠵᠤ᠂ ᠬᠠᠳᠠᠭᠠᠯᠠᠯᠲᠠ ᠶᠢᠨ | ᠬᠡᠮᠵᠢᠶ᠎ᠡ ᠶᠢ ᠪᠠᠭᠠᠰᠬᠠᠨ᠎ᠠ᠃ ᠡᠯ᠎ᠡ ᠲᠥᠷᠥᠯ ᠤᠨ ᠪᠠᠯᠠ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠢ ᠨᠢᠭᠡᠳᠦᠯᠲᠡᠶ | ᠲᠥᠯᠥᠪᠯᠡᠨ ᠠᠮᠢᠳᠤᠯᠢᠭ ᠪᠣᠯᠭᠠᠵᠤ᠂ ᠪᠥᠬᠦ ᠵᠢᠯ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠦᠨ᠂ | ︽ᠤᠯᠠᠪᠤᠷ︾ ᠥᠷᠢ ᠥᠭᠴᠡᠭᠡ ᠶᠢᠨ ᠲᠦᠭᠰᠢᠭᠦᠷᠢ ᠶᠡᠬᠡᠲᠡᠶ ᠨᠡᠷᠡᠰ ᠠᠴᠠ ᠤᠬᠤᠷᠢᠨ ᠭᠠᠷᠬᠤ ᠪᠠᠷ ᠴᠢᠷᠮᠠᠶᠢᠨ᠎ᠠ᠃ | ᠠᠶᠤᠯᠭᠦᠶ ᠦᠢᠯᠡᠳᠪᠦᠷᠢᠯᠡᠯ ᠢ ᠪᠦᠬᠦ ᠬᠦᠴᠦᠨ ᠢᠶᠠᠷ ᠰᠠᠶᠢᠲᠤᠷ ᠠᠳᠬᠤᠨ᠎ᠠ᠃ ᠠᠶᠤᠯ ᠦᠭᠡᠶ ᠦᠢᠯᠡᠳᠪᠦᠷᠢᠯᠡᠯ ᠤᠨ | ᠡᠭᠡᠯᠵᠢ ᠳᠤᠭᠤᠶᠢᠯᠠᠩ ᠤᠨ ᠰᠤᠷᠭᠠᠮᠵᠢ ᠶᠢᠨ ᠳᠦᠷᠢᠮ᠂ ᠠᠶᠤᠯ ᠦᠭᠡᠶ ᠦᠢᠯᠡᠳᠪᠦᠷᠢᠯᠡᠯ ᠢ ᠬᠢᠨᠠᠨ ᠪᠠᠶᠢᠴᠠᠭᠠᠵᠤ | ᠴᠢᠩᠭ᠎ᠠ ᠰᠢᠳᠬᠡᠬᠦ ᠳᠦᠷᠢᠮ᠂ ᠠᠶᠤᠯ ᠦᠭᠡᠶ ᠦᠢᠯᠡᠳᠪᠦᠷᠢᠯᠡᠯ ᠤᠨ ᠲᠤᠰᠬᠠᠶ ᠮᠡᠷᠭᠡᠵᠢᠯ ᠢ ᠪᠣᠳᠠᠲᠠᠶᠢᠵᠢᠭᠤᠯᠬᠤ | ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠭᠤᠷᠬᠠᠶ᠂ ᠠᠶᠤᠯ ᠲᠠᠢ ᠬᠢᠮᠢ ᠶᠢᠨ ᠪᠣᠳᠠᠰ᠂ ᠵᠠᠮ ᠬᠠᠷᠢᠯᠴᠠᠭ᠎ᠠ᠂ | ᠪᠠᠷᠢᠯᠭ᠎ᠠ ᠶᠢᠨ ᠠᠵᠢᠯ᠂ ᠬᠤᠲᠠ ᠪᠠᠯᠭᠠᠰᠤ ᠶᠢᠨ ᠰᠢᠲᠠᠮᠠᠬᠠᠶ ᠬᠡᠢ᠂ ᠥᠪᠡᠰᠦᠪᠡᠨ ᠭᠡᠷ ᠪᠠᠷᠢᠬᠤ ᠵᠡᠷᠭᠡ | ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠶᠢ ᠦᠷᠭᠦᠯᠵᠢᠯᠡᠨ ᠴᠢᠩᠭᠠᠷᠠᠭᠤᠯᠵᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠤᠢ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠠᠳᠬᠤᠵᠤ᠂ ᠬᠦᠨᠳᠦ ᠶᠡᠭᠡ ᠣᠨᠴᠠ ᠶᠡᠭᠡ | ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ | ᠬᠦᠴᠦᠨ ᠢ ᠨᠢᠭᠡᠳᠦᠯᠲᠡᠶ ᠲᠥᠯᠥᠪᠯᠡᠵᠦ᠂ ᠪᠣᠳᠠᠲᠤ ᠪᠠᠶᠢᠯᠳᠤᠭᠠᠨ ᠤ ᠰᠣᠷᠢᠯᠲᠠ ᠪᠠ ᠪᠠᠴᠢᠮ ᠪᠠᠶᠢᠳᠠᠯ ᠢ ᠠᠷᠭᠠᠴᠠᠬᠤ | ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠯᠲᠠ ᠶᠢᠨ | ᠵᠢᠯᠣᠭᠤᠳᠬᠤ ᠲᠤᠭ᠎ᠠ ᠪᠠᠷᠢᠮᠲᠠ ᠶᠢᠨ ᠲᠥᠪ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠲᠠᠰᠤᠷᠠᠯᠳᠠ ᠦᠭᠡᠢ | ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ︽ᠣᠭᠲᠣ ᠥᠯᠥ ᠬᠦᠯᠢᠴᠡᠬᠦ︾ ᠣᠪᠣᠷ ᠢᠶᠠᠷ ᠬᠠᠤᠯᠢ ᠲᠣᠭᠲᠠᠭᠠᠯ ᠠᠴᠠ ᠵᠥᠷᠢᠴᠡᠭᠰᠡᠨ ᠤᠶᠢᠯᠡ | ᠠᠵᠢᠯᠯᠠᠭ᠎ᠠ ᠶᠢ ᠬᠠᠤᠯᠢ ᠶᠣᠰᠣᠭᠠᠷ ᠴᠡᠭᠴᠡᠯᠡᠨ ᠵᠠᠰᠠᠵᠤ᠂ ᠠᠷᠠᠳ ᠣᠯᠠᠨ ᠤ ᠢᠳᠡᠭᠡᠨ ᠤᠮᠳᠠᠭᠠᠨ ᠡᠮ ᠲᠠᠩ ᠤᠨ | ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠶᠠᠰᠤ ᠴᠢᠨᠠᠷ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢ | ᠠᠬᠢᠭᠤᠯᠤᠨ᠎ᠠ᠃ ᠨᠡᠶᠢᠭᠡᠮ ᠤᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠬᠠᠮᠠᠭᠠᠯᠠᠨ᠎ᠠ᠃ ᠰᠢᠨ᠎ᠡ ᠴᠠᠭ | ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠤᠳᠠ ᠬᠥᠳᠡᠭᠡ ᠶᠢᠨ ᠨᠡᠶᠢᠭᠡᠮ | ᠲᠣᠭᠤᠷᠢᠭ ᠤᠨ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠵᠦ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ | ᠰᠢᠢᠳᠪᠦᠷᠢᠯᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ | ᠦᠨᠳᠦᠰᠦᠨ ᠱᠠᠲᠤᠨ ᠳᠤ ᠨᠠᠮᠳᠠᠭᠤᠯᠵᠤ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠨᠠᠮᠳᠠᠭᠤᠯᠤᠨ᠎ᠠ᠃ ᠵᠠᠬᠢᠳᠠᠯ | ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠲᠦᠷᠭᠡᠳᠬᠡᠵᠦ᠂ ︽ᠵᠠᠬᠢᠳᠠᠯ | ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ︾ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠵᠠᠬᠢᠳᠠᠯ | ᠰᠤᠷᠪᠤᠯᠵᠢᠯᠠᠭ᠎ᠠ ᠶᠢᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠲᠦᠯᠬᠢᠨ ᠠᠬᠢᠭᠤᠯᠤᠨ᠎ᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ ᠳᠦᠷᠦᠭᠳᠡᠯ ᠲᠠᠢ ᠪᠦᠲᠦᠮᠵᠢᠲᠡᠢ ᠪᠠᠷ ᠪᠠᠲᠤ ᠪᠠᠬᠢ | ᠪᠤᠢ ᠪᠣᠯᠭᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠴᠣᠭᠴᠠᠯᠠᠨ᠎ᠠ᠃ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠳᠡᠮᠵᠢᠵᠦ᠂ ᠴᠡᠷᠢᠭ ᠵᠠᠰᠠᠭ ᠴᠡᠷᠢᠭ | ᠠᠷᠠᠳ ᠤᠨ ᠪᠦᠯᠬᠦᠮᠳᠡᠯ ᠢ ᠪᠠᠬᠢᠵᠢᠭᠦᠯᠵᠦ᠂ ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ | ᠶᠢ ᠴᠢᠷᠮᠠᠶᠢᠨ ᠪᠠᠶᠢᠭᠤᠯᠤᠨ᠎ᠠ᠃ ᠨᠡᠶᠢᠭᠡᠮ ᠤᠨ ᠠᠮᠤᠷ ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠯᠲᠡ | ᠡᠵᠡᠮᠳᠡᠯ ᠢ ᠴᠢᠩᠭᠠᠳᠬᠠᠵᠤ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ | ᠰᠢᠨ᠎ᠡ ᠨᠢᠭᠡ ᠵᠢᠯ ᠳᠤ᠂ ᠵᠠᠰᠠᠭ ᠤᠨ ᠣᠷᠳᠣᠨ ᠤ ᠠᠵᠢᠯ ᠳᠤ ᠵᠠᠪᠠᠯ ᠰᠢᠨ᠎ᠡ ᠵᠢᠳᠬᠦᠯ ᠴᠢᠷᠮᠠᠶᠢᠯᠭ᠎ᠠ ᠰᠢᠨ᠎ᠡ | ᠳᠦᠷᠰᠦ ᠪᠠᠶᠢᠳᠠᠯ ᠲᠠᠢ ᠪᠠᠶᠢᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠳᠤ ᠡᠷᠬᠡᠪᠰᠢ ᠰᠢᠨ᠎ᠡ | ᠴᠢᠩᠭᠠᠳᠬᠠᠯ ᠰᠢᠨ᠎ᠡ ᠦᠰᠦᠷᠦᠯᠲᠡ ᠲᠠᠢ ᠪᠠᠶᠢᠬᠤ ᠬᠡᠷᠡᠭᠲᠡᠶ᠃ ᠪᠢᠳᠡ ︽ᠭᠤᠷᠪᠠᠨ ᠡᠷᠬᠡᠪᠰᠢ︾ ᠶᠢ ᠪᠠᠲᠤ | ᠴᠡᠭᠡᠵᠢᠯᠡᠵᠦ᠂ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠪᠣᠳᠠᠲᠠᠶ ᠠᠵᠢᠯᠯᠠᠵᠤ᠂ | ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠷᠠᠳ ᠲᠦᠮᠡᠨ ᠳᠤ | ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ︵ᠨᠢᠭᠡ︶ ᠤᠯᠤᠰ ᠲᠦᠷᠦ ᠶᠢᠨ ᠪᠠᠶᠢᠭᠤᠯᠤᠯᠲᠠ ᠪᠠᠷ ᠤᠷᠤᠭᠰᠢᠯᠠᠯᠲᠠ ᠶᠢᠨ ᠴᠢᠭᠯᠡᠯ ᠢ ᠬᠥᠲᠥᠯᠥᠨ | ᠳᠠᠭᠠᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠶᠢ ᠡᠯ᠎ᠡ ᠵᠦᠢᠯ ᠤᠨ ᠠᠵᠢᠯ ᠤᠨ ᠢᠶᠠᠨ ᠭᠤᠣᠯ ᠰᠢᠵᠢᠮ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ | ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ | ᠫᠢᠩ ᠤ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠮᠠᠭᠲᠠ ᠤᠨᠤᠯ ᠤᠨ ᠲᠠᠯ᠎ᠠ ᠪᠠᠷ ᠰᠡᠷᠭᠡᠭ ᠪᠠᠶᠢᠵᠤ | ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ ᠪᠠᠶᠢᠬᠤ ᠶᠢ ᠪᠠᠲᠤᠯᠠᠬᠤ ᠬᠡᠷᠡᠭᠲᠡᠢ᠃ ︽ᠬᠤᠶᠠᠷ ᠢ ᠲᠣᠭᠲᠠᠭᠠᠬᠤ︾ | ᠶᠢᠨ ᠦᠨᠡᠨᠴᠢ ᠰᠢᠳᠤᠷᠭᠤ ᠬᠦᠷᠢᠶᠡᠯᠡᠭᠴᠢ᠂ ︽ᠬᠤᠶᠠᠷ ᠢ ᠬᠠᠮᠠᠭᠠᠯᠠᠬᠤ︾ ᠶᠢᠨ ᠡᠷᠡᠰ ᠪᠠᠲᠤ | ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠶ᠃ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠱᠠᠭᠠᠷᠳᠠᠯᠭ᠎ᠠ ᠶᠢ ᠭᠤᠶᠢᠪᠢᠰᠢ ᠥᠬᠡᠶ ᠨᠠᠶᠢᠳᠠᠪᠤᠷᠢᠵᠢᠭᠤᠯᠵᠤ᠂ ᠵᠢᠭᠠᠪᠤᠷᠢ ᠠᠪᠬᠤ ᠪᠠ ᠮᠡᠳᠡᠭᠦᠯᠬᠦ ᠲᠦᠷᠢᠮ ᠢ ᠴᠢᠩᠭ᠎ᠠ | ᠬᠡᠷᠡᠭᠵᠢᠭᠦᠯᠦᠨ᠂ ᠴᠢᠬᠤᠯᠠ ᠶᠡᠭᠡ ᠵᠤᠶᠢᠯᠡᠰ ᠢ ᠲᠤᠭᠤᠷᠢᠭ ᠤᠨ ᠨᠠᠮ ᠤᠨ ᠬᠤᠷᠢᠶ᠎ᠠ ᠠᠴᠠ ᠤᠷᠢᠳᠴᠢᠯᠠᠨ ᠵᠢᠭᠠᠪᠤᠷᠢ | ᠠᠪᠬᠤ᠂ ᠭᠤᠤᠯᠳᠠᠯᠭ᠎ᠠ ᠲᠠᠢ ᠠᠵᠢᠯ ᠢ ᠰᠠᠨᠠᠭᠠᠴᠢᠯᠠᠭ᠎ᠠ ᠠᠴᠠ ᠪᠠᠨ ᠲᠤᠭᠤᠷᠢᠭ ᠤᠨ ᠨᠠᠮ ᠤᠨ ᠬᠤᠷᠢᠶ᠎ᠠ ᠳᠤ ᠬᠠᠷᠢᠭᠤ | ᠮᠡᠳᠡᠭᠦᠯᠬᠦ᠂ ᠴᠢᠬᠤᠯᠠ ᠶᠡᠭᠡ ᠠᠵᠢᠯᠯᠠᠭ᠎ᠠ ᠵᠢᠴᠢ ᠴᠠᠭ ᠲᠤᠬᠠᠶ ᠳᠤᠨᠢ ᠲᠤᠭᠤᠷᠢᠭ ᠤᠨ ᠨᠠᠮ ᠤᠨ ᠬᠤᠷᠢᠶ᠎ᠠ ᠳᠤ | ᠮᠡᠳᠡᠭᠦᠯᠦᠨ ᠵᠥᠪᠰᠢᠶᠡᠷᠡᠭᠦᠯᠬᠦ ᠶᠢ ᠤᠬᠠᠮᠰᠠᠷ ᠠᠴᠠ ᠪᠠᠨ ᠪᠡᠶᠡᠯᠡᠭᠦᠯᠵᠦ᠂ ᠡᠯ᠎ᠡ ᠵᠤᠶᠢᠯ ᠤᠨ ᠠᠵᠢᠯ ᠤᠶᠢᠯᠡᠰ ᠤᠨ | ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠲᠥᠪ ᠭᠤᠣᠯᠴᠢ ᠰᠢᠳᠤᠷᠭᠤ ᠶᠣᠰᠣ ᠪᠠᠷ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ | ᠠᠬᠢᠭᠤᠯᠤᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠬᠦᠴᠦᠨ ᠢᠶᠠᠷ ᠲᠥᠯᠬᠢᠨ ᠠᠬᠢᠭᠤᠯᠤᠨ᠎ᠠ᠃ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠤᠯᠴᠠᠬᠤ ᠳᠦᠷᠢᠮ ᠢ ᠪᠠᠷᠢᠮᠲᠠᠯᠠᠵᠤ᠂ ᠵᠠᠰᠠᠭ ᠤᠨ | ᠣᠷᠳᠣᠨ ᠤ ᠤᠳᠤᠷᠢᠳᠬᠤ ᠪᠠᠭ ᠲᠦᠷᠦᠭᠦᠯᠡᠨ ᠬᠠᠤᠯᠢ ᠶᠢ ᠬᠦᠨᠳᠦᠳᠬᠡᠨ ᠬᠠᠤᠯᠢ ᠶᠢ ᠰᠤᠷᠤᠯᠴᠠᠵᠤ ᠬᠠᠤᠯᠢ ᠶᠢ | ᠰᠠᠬᠢᠨ ᠬᠠᠤᠯᠢ ᠶᠢ ᠬᠡᠷᠡᠭᠯᠡᠵᠦ᠂ ᠵᠠᠰᠠᠭ ᠤᠨ ᠣᠷᠳᠣᠨ ᠤ ᠰᠢᠰᠲ᠋ᠧᠮ ᠬᠠᠤᠯᠢ ᠪᠠᠷ ᠵᠠᠰᠠᠬᠤ ᠰᠡᠳᠬᠢᠬᠦᠶ ᠪᠠ | ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠤᠬᠠᠮᠰᠠᠷ ᠠᠴᠠ ᠪᠠᠨ ᠬᠡᠷᠡᠭᠯᠡᠨ ᠠᠵᠢᠯ ᠢᠶᠠᠨ ᠥᠷᠨᠢᠭᠦᠯᠵᠦ᠂ ᠵᠠᠰᠠᠭ | ᠵᠠᠬᠢᠷᠭᠠᠨ ᠤ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠲᠦᠷᠢᠮ ᠢ ᠬᠢᠨᠠᠮᠠᠭᠠᠶ | ᠬᠡᠷᠡᠭᠵᠢᠭᠦᠯᠵᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠠᠩᠰᠠᠯᠠᠨ ᠬᠢᠨᠠᠨ ᠪᠠᠶᠢᠴᠠᠭᠠᠬᠤ ᠶᠢ | ᠴᠢᠩᠭᠠᠳᠬᠠᠵᠤ᠂ ᠵᠠᠰᠠᠭ ᠵᠠᠬᠢᠷᠭᠠᠨ ᠤ ᠲᠠᠬᠢᠨ ᠵᠥᠪᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠠᠤᠯᠢ ᠶᠢ | ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ | ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠤᠨ᠎ᠡ᠃ ᠲᠦᠷᠦ ᠶᠢᠨ ᠪᠤᠳᠤᠯᠭ᠎ᠠ ᠶᠢ ᠪᠡᠶᠡᠯᠡᠭᠦᠯᠬᠦ ᠪᠠ ᠵᠠᠰᠠᠭ ᠤᠨ | ᠣᠷᠳᠣᠨ ᠭᠡᠷ᠎ᠡ ᠪᠠᠨ ᠭᠦᠢᠴᠡᠳᠬᠡᠵᠦ ᠠᠮᠠᠯᠠᠯᠲᠠ ᠪᠠᠨ ᠪᠡᠶᠡᠯᠡᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ᠵᠠᠰᠠᠭ ᠤᠨ ᠣᠷᠳᠣᠨ ᠤ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠶ ᠪᠠᠶᠢᠬᠤ ᠪᠠᠷ ᠤᠯᠠᠨ ᠲᠦᠮᠡᠨ ᠪᠠ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢᠨ ᠢᠲᠡᠭᠡᠯ ᠢ ᠣᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠫᠢᠶᠣᠣ ᠪᠠᠷ ᠲᠣᠭᠲᠠᠭᠠᠬᠤ | ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠨ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ | ᠪᠤᠳᠤᠯᠭ᠎ᠠ ᠲᠣᠭᠲᠠᠭᠠᠬᠤ ᠵᠢᠷᠤᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠴᠢᠬᠤᠯᠠ ᠶᠡᠭᠡ | ᠰᠢᠢᠤᠡᠪᠤᠷᠢᠳᠤ ᠪᠤᠳᠤᠯᠭ᠎ᠠ ᠶᠢᠨ ᠰᠢᠨᠵᠢᠯᠡᠬᠦ ᠤᠬᠠᠭᠠᠨᠴᠢ ᠵᠢᠷᠤᠮᠵᠢᠯ ᠢ ᠦᠨᠡᠨ ᠬᠦ ᠪᠠᠲᠤᠯᠠᠨ᠎ᠠ᠃ | ︵ᠭᠤᠷᠪᠠ︶ ᠰᠢᠯᠭᠠᠷᠠᠭᠰᠠᠨ ᠰᠤᠷᠲᠠᠯ ᠢᠶᠠᠷ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ | ᠠᠮᠢᠨ ᠰᠤᠳᠠᠰᠤ ᠪᠣᠯᠭᠠᠵᠤ᠂ ︽ᠴᠢᠩᠭ᠎ᠠ᠂ ᠪᠣᠳᠠᠲᠠᠶ᠂ ᠲᠦᠷᠭᠡᠨ᠂ ᠨᠠᠷᠢᠯᠢᠭ︾ ᠪᠠᠶᠢᠬᠤ ᠰᠤᠷᠲᠠᠯ ᠢ ᠪᠠᠳᠠᠷᠠᠭᠤᠯᠵᠤ᠂ | ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠡᠷᠭᠡ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ | ᠠᠰᠠᠭᠤᠳᠠᠯ ᠢ ᠡᠷᠡᠰ ᠵᠠᠯᠠᠷᠠᠭᠤᠯᠤᠨ ᠵᠠᠰᠠᠵᠤ᠂ ᠨᠠᠷᠢᠨ ᠲᠠᠩᠰᠠᠴᠢᠯᠠᠭᠰᠠᠨ᠂ ᠪᠢᠲᠡᠭᠦᠦ ᠴᠠᠭᠠᠷᠢᠭ ᠤᠨ ᠬᠡᠯᠪᠡᠷᠢ ᠪᠠᠷ | ᠨᠠᠶᠢᠳᠠᠪᠤᠷᠢᠵᠢᠭᠤᠯᠤᠯᠲᠠ ᠶᠢ ᠠᠳᠬᠤᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠷᠢᠭᠤᠴᠠᠯᠭ᠎ᠠ ᠶᠢ | ᠪᠣᠳᠠᠲᠠᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠢ | ᠭᠤᠭᠴᠤᠭ᠎ᠠ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ | ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠶᠢᠨ ︽ᠵᠢᠯᠣᠭᠤᠳᠬᠤ ᠰᠢᠳᠠᠮ︾ ᠪᠠ ︽ | ᠬᠤᠷᠳᠤᠳᠬᠠᠭᠤᠷ︾ ᠤᠨ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠭᠦᠢᠴᠡᠳᠬᠡᠬᠦ | ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ ᠭᠤᠣᠯ | ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠪᠠᠬᠢᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ | ᠠᠬᠢᠭᠤᠯᠬᠤ ᠬᠡᠷᠡᠭᠲᠡᠢ᠃ | ︵ᠳᠥᠷᠪᠡ︶ ᠪᠢᠰᠢᠷᠡᠨ ᠵᠢᠷᠦᠬᠡᠰᠢᠶᠡᠬᠦ ᠰᠡᠳᠬᠢᠯᠭᠡ ᠪᠠᠷ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ | ᠰᠠᠬᠢᠨ᠎ᠠ᠃ ᠰᠠᠬᠢᠯᠭ᠎ᠠ ᠪᠠᠲᠤ ᠪᠠ ᠶᠣᠰᠣ ᠲᠦᠷᠢᠮ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ | ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠬᠢᠨᠠᠮᠠᠭᠠᠶ | ᠭᠦᠢᠴᠡᠳᠬᠡᠪᠡ᠃ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠠᠵᠢᠯ ᠤᠨ | ᠪᠠᠶᠢᠷᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠠᠪᠤᠳᠠᠯ ᠢ | ᠦᠷᠭᠦᠯᠵᠢᠯᠡᠨ ᠴᠢᠩᠭ᠎ᠠ ᠠᠩᠬᠠᠷᠴᠤ᠂ ᠮᠥᠩᠭᠦᠨ ᠭᠦᠢᠯᠭᠡᠭᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ | ᠡᠨᠧᠷᠭᠢ ᠶᠢᠨ ᠰᠤᠷᠪᠤᠯᠵᠢ᠂ ᠡᠮ ᠡᠮᠨᠡᠯᠭᠡ ᠪᠠ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ | ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠡᠯᠪᠡᠭ ᠬᠤᠷᠠᠭᠰᠠᠨ ᠬᠦᠷᠢᠶᠡᠨ ᠳᠠᠬᠢ | ᠢᠯᠵᠠᠷᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠠᠶᠤᠯ ᠲᠦᠭᠰᠢᠭᠦᠷᠢ ᠶᠢᠨ ᠲᠠᠯᠳᠠ ᠭᠡᠮ ᠢ ᠴᠡᠪᠡᠷᠯᠡᠨ᠎ᠡ᠃ | ᠡᠳ᠋ ᠤᠨ ᠵᠠᠰᠠᠭ ᠤᠨ ᠬᠠᠮᠢᠶᠠᠷᠤᠯᠲᠠ ᠶᠢ ᠨᠠᠷᠢᠯᠢᠬᠵᠢᠭᠤᠯᠬᠤ᠂ ᠵᠢᠷᠤᠮᠵᠢᠭᠤᠯᠬᠤ ᠶᠢ ᠲᠦᠯᠬᠢᠨ ᠠᠬᠢᠭᠤᠯᠵᠤ᠂ | ᠰᠢᠯᠵᠢᠭᠦᠯᠦᠨ ᠥᠭᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠡᠳ᠋ ᠤᠨ ᠵᠠᠰᠠᠭ ᠠᠵᠤ | ᠠᠬᠤᠶ ᠶᠢᠨ ᠰᠠᠬᠢᠯᠭ᠎ᠠ ᠪᠠᠲᠤ ᠶᠢ ᠴᠢᠩᠳᠠᠯᠠᠨ᠂ ᠬᠢᠨᠠᠯᠲᠠ ᠪᠠᠶᠢᠴᠠᠭᠠᠯᠲᠠ ᠶᠢ ᠤᠯᠠᠨ ᠲᠠᠯ᠎ᠠ ᠠᠴᠠ ᠥᠷᠨᠢᠭᠦᠯᠵᠦ᠂ | ᠡᠳ᠋ ᠤᠨ ᠵᠠᠰᠠᠭ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠢᠨ ᠠᠷᠪᠢᠯᠠᠨ | ᠭᠠᠮᠨᠠᠵᠤ ᠠᠮᠢᠳᠤᠷᠠᠬᠤ ᠳᠤ ᠳᠠᠳᠴᠤ᠂ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠣᠭᠤᠰ ᠢᠶᠠᠨ | ᠦᠨᠡᠨ ᠬᠦ ᠵᠠᠩᠭᠢᠯᠠᠭ᠎ᠠ ᠶᠢᠨ ᠭᠠᠵᠠᠷ ᠲᠤ ᠵᠠᠷᠤᠴᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠬᠢᠨᠠᠨ ᠪᠤᠳᠤᠬᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠪᠠ | ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠡᠯ᠎ᠡ ᠲᠦᠷᠦᠯ ᠤᠨ ᠬᠢᠨᠠᠯᠲᠠ ᠶᠢᠨ ᠨᠡᠪᠳᠡᠷᠡᠨ ᠵᠣᠬᠢᠴᠠᠬᠤ ᠶᠢ | ᠠᠬᠢᠭᠤᠯᠤᠨ᠎ᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠲᠦᠷᠢᠮ ᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ | ᠵᠠᠯᠠᠷᠠᠭᠤᠯᠤᠨ ᠵᠠᠰᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠦᠷᠭᠦᠯᠵᠢᠯᠡᠨ ᠴᠡᠭᠴᠡᠯᠡᠨ ᠵᠠᠰᠠᠵᠤ᠂ | ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ | ᠠᠬᠤᠢ ᠶᠢ ᠪᠦᠬᠦ ᠲᠠᠯ᠎ᠠ ᠪᠠᠷ ᠪᠠᠬᠢᠵᠢᠭᠦᠯᠤᠨ᠎ᠡ᠃ | ᠲᠥᠯᠥᠭᠡᠯᠡᠭᠴᠢᠳ ᠡ︕ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ | ᠪᠠᠶᠢᠭᠤᠯᠬᠤ ᠳᠤ᠂ ᠭᠠᠭᠴᠠᠬᠦ ᠪᠣᠳᠠᠲᠠᠢ ᠠᠵᠢᠯᠯᠠᠪᠠᠯ ᠰᠠᠶ᠋ᠢ ᠬᠦᠰᠡᠯ ᠵᠡᠭᠦᠳᠦ ᠪᠠᠨ ᠲᠡᠷᠭᠡᠯᠰᠢᠭᠦᠯᠵᠦ ᠴᠢᠳᠠᠨ᠎ᠠ᠃ ᠪᠢᠳᠡ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ ᠬᠤᠳᠠ ᠶᠢᠨ ᠵᠠᠰᠠᠭ ᠤᠨ ᠣᠷᠳᠣᠨ ᠪᠣᠯᠤᠨ ᠲᠤᠭᠤᠷᠢᠭ ᠤᠨ | ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠲᠡᠰᠪᠦᠷᠢ ᠬᠠᠲᠠᠭᠤᠵᠢᠯᠲᠠᠢ ᠠᠵᠢᠯᠯᠠᠵᠤ᠂ | ᠴᠤᠴᠠᠯᠲᠠ ᠦᠭᠡᠢ ᠤᠷᠤᠭᠰᠢᠯᠠᠬᠤ︾ ︽ᠮᠣᠩᠭᠤᠯ ᠮᠤᠷᠢᠨ ᠤ ᠵᠣᠷᠢᠭ ᠰᠠᠨᠠᠭ᠎ᠠ︾ ᠪᠠ ︽ᠲᠡᠰᠪᠦᠷᠢ ᠬᠠᠲᠠᠭᠤᠵᠢᠯᠲᠠᠢ | ᠲᠡᠮᠡᠴᠡᠬᠦ᠂ ᠭᠤᠶᠠᠴᠢ ᠦᠭᠡᠢ ᠵᠢᠳᠬᠦᠬᠦ᠂ ᠴᠥᠬᠦᠷᠡᠰᠢ ᠦᠭᠡᠢ ᠴᠢᠷᠮᠠᠶᠢᠬᠤ᠂ ᠤᠷᠳᠤ ᠬᠤᠭᠤᠴᠠᠭ᠎ᠠ ᠪᠠᠷ ᠭᠠᠪᠢᠶ᠎ᠠ | ᠪᠠᠶᠢᠭᠤᠯᠬᠤ︾ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠨᠡᠩ ᠶᠡᠭᠡ | ᠡᠷᠴᠢᠮ ᠪᠣᠯᠤᠨ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠵᠢᠷᠤᠭ ᠢ ᠪᠢᠴᠢᠭᠯᠡᠬᠦ ᠶᠢᠨ | ᠲᠥᠯᠥᠭᠡ ᠪᠦᠯᠬᠦᠮᠳᠡᠨ ᠲᠡᠮᠡᠴᠡᠵᠡᠭᠡᠶ᠎ᠡ︕ | | |