ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/4
    ᠤᠢᠢᠷ᠎ᠠ ᠶᠢᠨ ᠬᠤᠭᠤᠴᠠᠭᠠᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠪᠦᠬᠦ ᠲᠤᠭᠤᠷᠢᠭ ᠤᠨ ᠶᠣᠰᠣ ᠰᠤᠷᠲᠠᠬᠤᠨ ᠤ ᠬᠥᠮᠦᠵᠢᠯ ᠤᠨ ᠳᠡᠳ᠋ ᠳᠠᠷᠤᠭ᠎ᠠ ᠵᠢᠴᠢ ᠳᠤᠮᠳᠠ ᠳᠠᠪᠬᠤᠷᠭ᠎ᠠ ᠶᠢᠨ ᠺᠠᠳ᠋ᠷ 35 ᠭᠠᠷᠤᠢ ᠬᠥᠮᠦᠨ ᠣᠷᠣᠯᠴᠠᠪᠠ᠃
1706694859451006360.png   
    ᠬᠤᠷᠠᠯ ᠳᠡᠭᠡᠷ᠎ᠡ᠂ ᠰᠤᠷᠭᠠᠨ ᠬᠥᠮᠦᠵᠢᠯ ᠤᠨ ᠲᠣᠪᠴᠢᠶᠠᠨ ᠤ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢ ᠤᠯᠠᠮᠵᠢᠯᠠᠨ ᠰᠤᠷᠤᠯᠴᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾᠎ ᠤᠨ ᠬᠡᠰᠡᠭ ᠠᠭᠤᠯᠭ᠎ᠠ ᠶᠢ ᠳᠠᠭᠠᠭᠤᠯᠤᠨ ᠰᠤᠷᠤᠯᠴᠠᠭᠰᠠᠨ ᠪᠥᠭᠡᠳ ᠢᠷᠭᠠᠢ ᠬᠤᠲᠠ ᠶᠢᠨ ᠰᠢᠩᠴᠢᠩ ᠲᠣᠭᠤᠷᠢᠭ ᠤᠨ ᠲᠤᠷᠰᠢᠯᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠵᠧᠨ ᠶᠤᠸᠠᠨ ᠰᠤᠷᠭᠠᠭᠤᠯᠢ ᠶᠢᠨ ᠲᠣᠭᠤᠷᠢᠭ ᠲᠤ ᠬᠦᠷᠴᠦ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠨᠡᠶᠢᠲᠡᠯᠢᠭ ᠠᠷᠭ᠎ᠠ ᠬᠢᠳᠡᠯ ᠢ ᠪᠠᠲᠤ ᠴᠣᠭᠴᠠᠯᠠᠶ᠎ᠠ︾ ᠭᠡᠬᠦ ᠲᠤᠬᠠᠶ ᠭᠤᠤᠯᠳᠠᠯᠭ᠎ᠠ ᠲᠠᠢ ᠰᠤᠷᠤᠯᠴᠠᠪᠠ᠃ ᠪᠣᠳᠠᠲᠠᠶ ᠪᠠᠷ ᠬᠡᠯᠡᠪᠡᠯ᠂ ᠲᠣᠰ ᠰᠤᠷᠭᠠᠭᠤᠯᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢᠨ ᠰᠤᠷᠭᠠᠭᠤᠯᠢ ᠶᠢᠨ ︽136+N︾ ᠰᠤᠷᠭᠠᠭᠤᠯᠢ ᠡᠷᠭᠢᠯᠡᠬᠦ ᠵᠠᠭᠪᠤᠷ᠂ ᠬᠢᠴᠢᠶᠡᠯ ᠤᠨ ᠰᠢᠰᠲ᠋ᠧᠮ ᠤᠨ ᠪᠦᠲᠦᠴᠡ᠂ ᠶᠣᠰᠣ ᠰᠤᠷᠲᠠᠬᠤᠨ ᠤ ᠬᠥᠮᠦᠵᠢᠯ ᠤᠨ ᠨᠡᠪᠲᠡᠯᠦᠯᠲᠡ ᠵᠡᠷᠭᠡ ᠲᠠᠯ᠎ᠠ ᠶᠢᠨ ᠲᠡᠷᠢᠭᠦᠨ ᠤ ᠲᠤᠷᠰᠢᠯᠭ᠎ᠠ ᠶᠢ ᠪᠠᠭᠲᠠᠭᠠᠵᠤ᠂ ᠣᠨᠣᠯ ᠤᠨ ᠦᠨᠳᠦᠷᠴᠡ ᠲᠠᠢ ᠪᠥᠭᠡᠳ ᠠᠮᠢᠳᠤᠯᠢᠭ ᠬᠡᠷᠡᠭ ᠤᠨ ᠵᠢᠱᠢᠶ᠎ᠡ ᠲᠠᠢ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠭᠦᠨᠵᠡᠭᠡᠶ ᠰᠤᠷᠤᠯᠴᠠᠨ ᠣᠶᠢᠯᠠᠭᠠᠬᠤ ᠳᠤ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷ ᠲᠠᠢ ᠶᠤᠮ᠃ ᠬᠤᠷᠠᠯ ᠳᠡᠭᠡᠷ᠎ᠡ ᠪᠠᠰᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠤᠨ ᠪᠠᠬᠢᠵᠢᠭᠦᠯᠬᠦ ᠲᠤᠬᠠᠢ ᠠᠷᠭ᠎ᠠ ᠬᠡᠮᠵᠢᠶ᠎ᠡ ᠨᠦᠭᠦᠳ︾᠎ ᠤᠨ ᠪᠢᠴᠢᠭ ᠮᠠᠲ᠋ᠧᠷᠢᠶᠠᠯ ᠳᠠᠬᠢ ᠬᠠᠮᠢᠶ᠎ᠠ ᠪᠦᠬᠦᠢ ᠡᠭᠦᠷᠭᠡ ᠶᠢ ᠨᠠᠶᠢᠳᠠᠪᠤᠷᠢᠵᠢᠭᠤᠯᠬᠤ ᠲᠤᠬᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃    ᠬᠤᠷᠠᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠢᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠰᠢᠨ᠎ᠡ ᠪᠠᠶᠢᠳᠠᠯ ᠳᠣᠣᠷ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠢᠨ᠎ᠡ ᠠᠷᠭ᠎ᠠ ᠵᠠᠮ᠂ ᠰᠢᠨ᠎ᠡ ᠠᠷᠭ᠎ᠠ ᠶᠢ ᠢᠳᠡᠪᠬᠢᠲᠡᠢ ᠰᠦᠪᠡᠭᠴᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠲᠤ ᠪᠠᠬᠢ ᠪᠤᠢ ᠪᠣᠯᠭᠠᠬᠤ ᠪᠠ ᠰᠢᠨᠵᠢᠯᠡᠭᠡᠨ ᠤ ᠰᠠᠯᠠᠭᠠᠨ ᠤ ᠵᠢᠭᠠᠨ ᠰᠤᠷᠭᠠᠯᠲᠠ ᠶᠢ ᠤᠶᠠᠯᠳᠤᠭᠤᠯᠵᠤ᠂ ᠶᠣᠰᠣ ᠰᠤᠷᠲᠠᠬᠤᠨ ᠤ ᠬᠥᠮᠦᠵᠢᠯ ᠤᠨ ᠠᠵᠢᠯ ᠲᠠᠢ ᠤᠶᠠᠯᠳᠤᠭᠤᠯᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠪᠣᠳᠠᠲᠠᠢ ᠪᠦᠲᠦᠮᠵᠢᠲᠡᠢ ᠪᠠᠲᠤ ᠴᠣᠭᠴᠠᠯᠠᠬᠤ ᠬᠡᠷᠡᠭᠲᠡᠢ ᠭᠡᠵᠤ ᠴᠢᠬᠤᠯᠠᠴᠢᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号