ᠤᠯᠠᠨ ᠲᠦᠮᠡᠨ ᠤ ︽ᠪᠠᠴᠢᠮ ᠲᠤᠯᠭᠠᠮ᠎ᠠ᠂ ᠬᠦᠴᠢᠷ ᠵᠣᠪᠠᠭᠤᠷᠢ᠂ ᠬᠦᠰᠡᠯ ᠡᠷᠡᠮᠡᠯᠵᠡᠯ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠶᠢᠷᠤᠪ ᠤᠨ ᠲᠤᠬᠤᠢ ᠶᠢᠨ ︽ᠪᠠᠬᠢᠯᠡᠯᠲᠡ ᠶᠢᠨ ᠦᠯᠢᠭᠡᠷ ᠳᠠᠭᠤᠷᠢᠶᠠᠯ︾᠎ ᠢ ᠡᠭᠦᠳᠦᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2024/3/1
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠲᠣᠰᠬᠤᠨ ︵ᠨᠡᠶᠢᠭᠡᠮ ᠲᠣᠭᠤᠷᠢᠭ︶᠎ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠪᠠᠬᠢᠯᠡᠯᠲᠡ ᠶᠢᠨ ᠥᠯᠢᠭᠡᠷ ᠨᠠᠮ ᠤᠨ ᠡᠭᠦᠷ ᠢ ᠡᠭᠦᠳᠦᠨ ᠪᠠᠶᠢᠭᠤᠯᠬᠤ︾ ᠵᠢᠴᠢ ︽ᠨᠠᠮ ᠤᠨ ᠪᠠᠶᠢᠭᠤᠯᠤᠯᠲᠠ ᠶᠢᠨ ᠰᠡᠳᠬᠢᠮᠵᠢ ᠶᠢ ᠰᠣᠨᠣᠰᠬᠤ᠂ ᠠᠵᠢᠯ ᠤᠨ ᠲᠥᠯᠥᠪᠵᠢᠭᠦᠯᠭᠡ ᠶᠢ ᠡᠷᠬᠢᠮᠯᠡᠬᠦ᠂ ᠬᠥᠭᠵᠢᠯᠲᠡ ᠶᠢᠨ ᠢᠷᠡᠭᠡᠳᠦᠶ ᠶᠢ ᠦᠵᠡᠬᠦ︾ ᠭᠤᠤᠯ ᠰᠡᠳᠦᠪᠲᠦ ᠠᠵᠢᠯᠯᠠᠭ᠎ᠠ ᠬᠠᠶᠢᠷᠤᠪ ᠤᠨ ᠲᠣᠬᠤᠶ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠤᠷᠤᠭᠰᠢᠲᠠᠶ ᠶᠠᠪᠤᠭᠳᠠᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠪᠠ᠃    ᠠᠵᠢᠯᠯᠠᠭ᠎ᠠ ᠶᠢᠨ ᠳᠤᠮᠳᠠ᠂ 7 ᠨᠡᠷᠡᠰ ᠲᠣᠰᠬᠤᠨ ︵ᠨᠡᠶᠢᠭᠡᠮ ᠲᠣᠭᠤᠷᠢᠭ︶᠎ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ 2023 ᠣᠨ ᠤ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠲᠣᠭᠤᠷᠢᠨ ᠳᠤ ᠭᠤᠤᠯ ᠰᠡᠳᠦᠪᠲᠦ ᠬᠥᠮᠦᠵᠢᠯ ᠤᠨ ︽ᠬᠦᠴᠢᠷ ᠠᠰᠠᠭᠤᠳᠠᠯ ᠢ ᠰᠢᠢᠳᠪᠤᠷᠢᠯᠡᠬᠦ᠂ ᠪᠣᠳᠠᠲᠤ ᠶᠠᠪᠤᠳᠠᠯ ᠬᠢᠬᠦ︾ ᠦᠷ᠎ᠡ ᠪᠦᠲᠦᠭᠡᠯ ᠪᠠ 2024 ᠣᠨ ᠤ ᠭᠤᠤᠯᠳᠠᠯᠭ᠎ᠠ ᠲᠠᠢ ᠠᠵᠢᠯ ᠤᠨ ᠲᠥᠯᠥᠪᠯᠡᠭᠡ ᠲᠠᠢ ᠤᠶᠠᠯᠳᠤᠭᠤᠯᠤᠨ ᠬᠤᠶᠠᠷ ᠲᠠᠯ᠎ᠠ ᠪᠠᠷ ᠠᠮᠵᠢᠯᠲᠠ ᠪᠠᠨ ᠢᠯᠡ ᠪᠣᠯᠭᠠᠬᠤ᠂ ᠠᠷᠭ᠎ᠠ ᠶᠢ ᠡᠷᠬᠢᠮᠯᠡᠬᠦ᠂ ᠲᠤᠷᠰᠢᠯᠭ᠎ᠠ ᠪᠠᠨ ᠶᠠᠷᠢᠯᠴᠠᠬᠤ᠂ ᠬᠥᠭᠵᠢᠯᠲᠡ ᠶᠢᠨ ᠲᠤᠬᠠᠶ ᠶᠠᠷᠢᠯᠴᠠᠬᠤ ᠶᠢᠨ ᠬᠠᠮᠲᠤ᠂ ᠡᠯ᠎ᠡ ᠪᠠᠯᠭᠠᠰᠤ ︵ᠵᠡᠭᠡᠯᠢ ᠭᠤᠳᠤᠮᠵᠢ︶᠎ ᠶᠢᠨ ᠨᠠᠮ ︵ᠠᠵᠤ ᠦᠢᠯᠡᠳᠪᠦᠷᠢ︶᠎ ᠤᠨ ᠬᠤᠷᠢᠶ᠎ᠠ ᠶᠢᠨ ᠱᠦᠵᠢ ᠶᠠᠷᠢᠭᠰᠠᠨ ᠠᠭᠤᠯᠭ᠎ᠠ ᠶᠢ ᠦᠨᠳᠦᠰᠦᠯᠡᠨ ᠲᠤᠬᠠᠶ ᠶᠢᠨ ᠲᠠᠯᠠᠪᠤᠷ ᠲᠤ ᠠᠰᠠᠭᠤᠯᠲᠠ ᠠᠰᠠᠭᠤᠵᠤ᠂ ᠡᠴᠦᠰ ᠲᠡᠭᠡᠨ ᠲᠤᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ᠂ ᠣᠯᠠᠨ ᠲᠦᠮᠡᠨ ᠤ ᠲᠥᠯᠥᠭᠡᠯᠡᠭᠴᠢ ᠵᠡᠷᠭᠡ ᠠᠴᠠ ᠦᠨᠡᠯᠡᠯᠲᠡ ᠬᠢᠵᠦ ᠬᠤᠪᠢ ᠥᠭᠭᠦᠨ᠎ᠡ᠃    ᠰᠦᠨ ᠬᠤᠤ᠂ ᠡᠯ᠎ᠡ ᠵᠦᠢᠯ ᠤᠨ ᠦᠨᠳᠦᠰᠦᠨ ᠱᠠᠲᠤᠨ ᠤ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠪᠠᠷ ᠬᠦᠴᠦᠲᠡᠢ ᠭᠠᠷᠳᠠᠴᠠ ᠪᠣᠯᠭᠠᠵᠤ᠂ ᠠᠷᠠᠳ ᠤᠨ ᠠᠮᠢᠳᠤᠷᠠᠯ ᠤᠨ ᠬᠦᠴᠢᠷ ᠲᠦᠪᠡᠭᠲᠡᠢ ᠠᠰᠠᠭᠤᠳᠠᠯ ᠢᠶᠠᠷ ᠠᠵᠢᠯ ᠤᠨ ᠬᠦᠴᠦᠯᠡᠬᠦ ᠴᠡᠭ ᠪᠣᠯᠭᠠᠵᠤ᠂ ᠤᠯᠠᠨ ᠲᠦᠮᠡᠨ ᠤ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠤᠮᠳᠠ ᠠᠴᠠ ᠬᠦᠷᠲᠡᠮᠵᠢ ᠶᠢᠨ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠶᠢᠴᠠᠭᠠᠨ ᠰᠤᠳᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠤᠷᠤᠭᠰᠢᠯᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠬᠠᠷᠢᠶ᠎ᠠ ᠣᠷᠣᠨ ᠤ ᠤᠯᠠᠨ ᠲᠦᠮᠡᠨ ᠳᠤ ᠦᠢᠯᠡᠴᠢᠯᠡᠬᠦ ᠶᠢ ᠰᠠᠶᠢᠲᠤᠷ ᠬᠢᠬᠦ ᠳᠤ ︽ᠶᠡᠭᠡ ᠨᠡᠶᠢᠭᠡᠮ ᠲᠣᠭᠤᠷᠢᠭ︾᠎ ᠤᠨ ᠤᠢᠢᠯᠠᠭᠠᠭᠳᠠᠬᠤᠨ ᠢ ᠭᠦᠢᠴᠡᠳ ᠢᠯᠡᠷᠡᠭᠦᠯᠵᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢ ᠲᠤᠪᠤᠶᠢᠯᠭᠠᠵᠤ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠤ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号