ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠡᠭᠦᠳᠦᠨ ᠪᠠᠶᠢᠭᠤᠯᠬᠤ ᠠᠵᠢᠯ ᠢ ᠱᠠᠯᠠᠪᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2024/3/1
    2024 ᠣᠨ ᠤ 2 ᠰᠠᠷ᠎ᠠ ᠶᠢᠨ 25᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠭᠤᠣᠯ ᠤᠳᠤᠷᠢᠳᠤᠯᠭ᠎ᠠ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠢ ᠳᠠᠭᠠᠭᠤᠯᠤᠨ ᠦᠬᠠᠢ ᠬᠤᠳᠠ ᠶᠢᠨ ᠾᠧᠩ ᠱᠢ ᠳᠤᠮᠳᠠᠳᠤ ᠰᠤᠷᠭᠠᠭᠤᠯᠢ᠂ ᠦᠬᠠᠢ ᠬᠤᠳᠠ ᠶᠢᠨ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ᠂ ᠬᠠᠶᠢᠷᠤᠪ ᠤᠨ ᠲᠤᠬᠤᠢ ᠲᠣᠭᠤᠷᠢᠭ ᠤᠨ ᠬᠤᠶᠠᠳᠤᠭᠠᠷ ᠪᠠᠭ᠎ᠠ ᠰᠤᠷᠭᠠᠭᠤᠯᠢ ᠵᠡᠷᠭᠡ ᠰᠤᠷᠭᠠᠭᠤᠯᠢ ᠳᠤ ᠬᠦᠷᠴᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠡᠭᠦᠳᠦᠨ ᠪᠠᠶᠢᠭᠤᠯᠬᠤ ᠠᠵᠢᠯ ᠢ ᠱᠠᠯᠠᠪᠳᠠᠭᠤᠯᠤᠨ ᠪᠠᠶᠢᠴᠠᠭᠠᠪᠠ᠃    ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠲᠤᠬᠠᠶ ᠶᠢᠨ ᠭᠠᠵᠠᠷ ᠲᠤᠨᠢ ᠯᠠᠪᠯᠠᠨ ᠠᠰᠠᠭᠤᠬᠤ ᠪᠠᠷ ᠳᠠᠮᠵᠢᠭᠤᠯᠤᠨ᠂ ᠡᠯ᠎ᠡ ᠰᠤᠷᠭᠠᠭᠤᠯᠢ ᠶᠢᠨ ᠬᠢᠴᠢᠶᠡᠯ ᠤᠨ ᠪᠠᠶᠢᠷᠢᠯᠠᠭᠤᠯᠤᠯᠲᠠ᠂ ᠰᠤᠷᠭᠠᠭᠤᠯᠢ ᠡᠷᠭᠢᠯᠡᠬᠦ ᠨᠥᠬᠦᠴᠡᠯ᠂ ᠠᠭᠤᠯᠤᠭᠳᠠᠬᠤᠨ ᠢ ᠳᠡᠭᠡᠭᠰᠢᠯᠡᠭᠦᠯᠬᠦ᠂ ᠴᠢᠳᠠᠮᠵᠢ ᠶᠢᠨ ᠲᠠᠰᠤᠭ ᠤᠨ ᠪᠠᠶᠢᠭᠤᠯᠤᠯᠲᠠ ᠪᠠ ᠬᠡᠷᠡᠭᠯᠡᠯᠲᠡ ᠶᠢᠨ ᠪᠠᠶᠢᠳᠠᠯ ᠵᠡᠷᠭᠡ ᠶᠢ ᠭᠦᠨᠵᠡᠭᠡᠶ ᠣᠶᠢᠯᠠᠭᠠᠵᠤ᠂ ᠰᠤᠷᠭᠠᠭᠤᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠡᠭᠦᠳᠦᠨ ᠪᠠᠶᠢᠭᠤᠯᠬᠤ ᠠᠵᠢᠯ ᠤᠨ ᠣᠯᠤᠭᠰᠠᠨ ᠦᠷ᠎ᠡ ᠪᠦᠲᠦᠮᠵᠢ ᠶᠢ ᠨᠤᠲᠠᠯᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠨᠡᠶᠢᠲᠡᠯᠢᠭ ᠴᠢᠨᠠᠷ ᠪᠠ ᠥᠪᠡᠷᠮᠢᠴᠡ ᠴᠢᠨᠠᠷ ᠤᠨ ᠠᠰᠠᠭᠤᠳᠠᠯ ᠳᠤ ᠴᠢᠭᠯᠡᠭᠦᠯᠦᠨ ᠰᠠᠨᠠᠭᠤᠯᠭ᠎ᠠ ᠳᠤᠷᠠᠳᠪᠠ᠃    ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠨᠢᠭᠡ ᠳᠤ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠵᠦ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠬᠤ ᠬᠦᠰᠦᠨᠦᠭᠲᠦ ᠶᠣᠰᠣᠭᠠᠷ᠂ ᠥᠷᠯᠥᠭᠡ ᠦᠳᠡᠰᠢ ᠶᠢ ᠲᠡᠮᠡᠴᠡᠬᠦ ᠲᠤᠯᠭᠠᠮ᠎ᠠ ᠰᠡᠳᠬᠢᠯᠭᠡ ᠪᠠᠷ ᠡᠭᠦᠳᠦᠨ ᠪᠠᠶᠢᠭᠤᠯᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠡᠯ᠎ᠡ ᠱᠠᠲᠤᠨ ᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠳᠤ ᠴᠠᠭ ᠲᠤᠬᠠᠢ ᠳᠤᠨᠢ ᠳ᠋ᠤᠭᠠᠷ ᠬᠠᠰᠤᠵᠤ᠂ ᠰᠠᠶᠢᠨ ᠰᠠᠶᠢᠬᠠᠨ ᠳᠦᠷᠰᠦ ᠪᠠᠶᠢᠳᠠᠯ ᠢᠶᠠᠷ ᠥᠪᠡᠷᠲᠡᠭᠡᠨ ᠵᠠᠰᠠᠬᠤ ᠣᠷᠣᠨ ᠤ ᠲᠤᠰᠬᠠᠢ ᠲᠦᠷᠦᠯ ᠤᠨ ᠦᠨᠡᠯᠡᠨ ᠵᠢᠱᠢᠵᠦ ᠰᠢᠯᠭᠠᠨ ᠠᠪᠬᠤ ᠶᠢ ᠤᠭᠲᠤᠬᠤ ᠬᠡᠷᠡᠭᠲᠡᠢ︔ ᠬᠤᠶᠠᠷ ᠲᠤ ᠠᠭᠤᠯᠤᠭᠳᠠᠬᠤᠨ ᠢ ᠬᠥᠭᠵᠢᠭᠦᠯᠬᠦ ᠶᠢ ᠦᠷᠭᠦᠯᠵᠢᠯᠡᠨ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠲᠥᠯᠥᠪᠵᠢᠭᠦᠯᠭᠡ ᠪᠠ ᠪᠠᠶᠢᠷᠢᠯᠠᠭᠤᠯᠤᠯᠲᠠ ᠶᠢ ᠰᠠᠶᠢᠲᠤᠷ ᠬᠢᠵᠦ᠂ ︽ᠨᠢᠭᠡ ᠰᠤᠷᠭᠠᠭᠤᠯᠢ ᠨᠢᠭᠡ ᠪᠦᠲᠦᠭᠡᠭᠳᠡᠬᠦᠨ︾᠎ ᠤ ᠤᠨᠴᠠᠯᠢᠭᠳᠤ ᠰᠤᠷᠭᠠᠭᠤᠯᠢ ᠡᠷᠭᠢᠯᠡᠬᠦ ᠣᠶᠢᠯᠠᠭᠠᠭᠳᠠᠬᠤᠨ ᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠬᠡᠷᠡᠭᠲᠡᠢ︔ ᠭᠤᠷᠪᠠ ᠳᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠶ ᠡᠭᠦᠳᠦᠨ ᠪᠠᠶᠢᠭᠤᠯᠬᠤ ᠠᠵᠢᠯ ᠢ ᠵᠦᠶ ᠵᠣᠬᠢᠰᠲᠠᠶ ᠨᠢᠭᠡᠳᠦᠯᠲᠡᠶ ᠲᠥᠯᠥᠪᠯᠡᠨ᠂ ᠡᠭᠦᠳᠦᠨ ᠪᠠᠶᠢᠭᠤᠯᠬᠤ ᠠᠵᠢᠯ ᠢᠶᠠᠷ ᠳᠠᠮᠵᠢᠭᠤᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠶ ᠭᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号