ᠲᠤᠰᠬᠠᠢ ᠰᠡᠳᠦᠪᠲᠦ ᠲᠠᠶᠢᠯᠤᠮᠵᠢ
ᠨᠡᠶᠢᠲᠡᠯᠡᠭᠰᠡᠨ ᠴᠠᠭ᠄
2024/3/11
    3 ᠰᠠᠷ᠎ᠠ ᠶᠢᠨ 8᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ︽ᠱᠦᠵᠢ ᠱᠦᠵᠢ ᠳᠤ ᠶᠠᠷᠢᠵᠤ ᠥᠭᠬᠦ︾ ᠲᠤᠰᠬᠠᠢ ᠰᠡᠳᠦᠪᠲᠦ ᠲᠠᠶᠢᠯᠤᠮᠵᠢ ᠬᠢᠪᠡ᠃
专题.jpg   
    ᠲᠠᠶᠢᠯᠤᠮᠵᠢ ᠶᠢᠨ ᠲᠤᠬᠠᠢ ᠶᠢᠨ ᠲᠠᠯᠠᠪᠠᠢ ᠳᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ 5 ᠨᠡᠷᠡᠰ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠡᠰ ᠳᠠᠷᠠᠭᠠᠯᠠᠨ ᠤᠬᠠᠭᠤᠯᠤᠨ ᠲᠠᠶᠢᠯᠪᠤᠷᠢᠯᠠᠵᠤ᠂ ᠬᠥᠳᠡᠭᠡ ᠲᠣᠰᠬᠤᠨ ᠤ ᠵᠣᠯ ᠵᠢᠷᠭᠠᠯ ᠤᠨ ᠲᠠᠩᠰᠠ ᠶᠢ ᠰᠠᠶᠢᠲᠤᠷ ᠪᠤᠳᠤᠬᠤ᠂ ᠦᠨᠳᠦᠰᠦᠨ ᠱᠠᠲᠤᠨ ᠤ ᠵᠠᠰᠠᠯᠲᠠ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠪᠠ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ︾ ᠵᠡᠷᠭᠡ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠬᠦᠮ ᠣᠶᠢᠯᠠᠭᠠᠮᠵᠢᠲᠠᠢ ᠦᠭᠡ ᠬᠡᠯᠡ᠂ ᠠᠮᠢᠳᠤᠯᠢᠭ ᠪᠣᠳᠠᠲᠤ ᠵᠢᠱᠢᠶ᠎ᠡ᠂ ᠨᠠᠷᠢᠨ ᠨᠢᠭᠲᠠ ᠲᠤᠭ᠎ᠠ ᠪᠠᠷᠢᠮᠲᠠ ᠪᠠᠷ ᠰᠤᠷᠤᠯᠴᠠᠭᠰᠠᠨ ᠣᠶᠢᠯᠠᠭᠠᠯᠲᠠ ᠪᠠᠨ ᠶᠠᠷᠢᠵᠤ᠂ ᠬᠥᠭᠵᠢᠯᠲᠡ ᠶᠢᠨ ᠬᠤᠪᠢᠷᠠᠯᠲᠠ ᠪᠠᠨ ᠶᠠᠷᠢᠵᠤ᠂ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠣᠳᠠᠲᠠᠢ ᠥᠷᠨᠢᠭᠦᠯᠬᠦ ᠳᠤ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠪᠡ᠃    ᠬᠠᠶᠢᠷᠤᠪ ᠤᠨ ᠲᠤᠬᠤᠢ ᠲᠣᠭᠤᠷᠢᠭ ᠤᠨ ᠬᠢᠨ ︽ᠱᠦᠵᠢ ᠱᠦᠵᠢ ᠳᠤ ᠶᠠᠷᠢᠵᠤ ᠦᠭᠬᠦ︾ ᠨᠥᠯᠥᠭᠡᠯᠡᠨ ᠳᠠᠶᠢᠴᠢᠯᠠᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠵᠥᠪ ᠲᠠᠯ᠎ᠠ ᠠᠴᠠ ᠬᠦᠳᠦᠯᠦᠨ ᠵᠢᠯᠣᠭᠤᠳᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠭᠦᠢᠴᠡᠳ ᠪᠣᠳᠣᠯᠬᠢᠯᠠᠵᠤ ᠂ ᠤᠯᠠᠨ ᠲᠦᠮᠡᠨ ᠤ ︽ᠪᠠᠴᠢᠮ ᠬᠦᠴᠢᠷ ᠵᠣᠪᠠᠭᠤᠷᠢ ᠪᠠ ᠬᠦᠰᠡᠯ ᠡᠷᠡᠮᠡᠯᠵᠡᠯ︾᠎ ᠳᠤ ᠰᠠᠭᠤᠷᠢᠯᠠᠵᠤ᠂ ᠲᠤᠰ ᠨᠢᠭᠡᠴᠢ᠂ ᠲᠤᠰ ᠬᠦᠷᠢᠶᠡᠨ ᠤ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠴᠠᠭ ᠲᠤᠬᠠᠢ ᠳᠤᠨᠢ ᠳ᠋ᠦᠩᠨᠡᠨ᠂ ᠡᠷᠡᠯᠬᠡᠭᠯᠡᠨ ᠤᠷᠤᠭᠰᠢᠯᠠᠭᠰᠠᠨ ᠦᠯᠢᠭᠡᠷ ᠢ ᠦᠷᠭᠦᠯᠵᠢᠯᠡᠨ ᠰᠠᠶᠢᠲᠤᠷ ᠶᠠᠷᠢᠵᠤ᠂ ᠤᠯᠠᠨ ᠲᠦᠮᠡᠨ ᠤ ᠣᠷᠣᠯᠴᠠᠬᠤ ᠲᠣᠭᠲᠠᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号