ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 113 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/12
    3 ᠰᠠᠷ᠎ᠠ ᠶᠢᠨ 8᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 113 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ᠂ ᠪᠦᠬᠦ ᠤᠯᠤᠰ ᠤᠨ ︽ᠬᠤᠶᠠᠷ ᠬᠤᠷᠠᠯ︾᠎ ᠤᠨ ᠵᠣᠷᠢᠭ ᠰᠠᠨᠠᠭ᠎ᠠ᠂ ᠰᠦᠨ ᠱᠤᠤ ᠴᠧᠩ ᠨᠥᠬᠦᠷ ᠤᠨ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠎ ᠶᠢᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠶᠠᠷᠢᠶ᠎ᠠ᠂ ᠲᠠᠩ ᠢ ᠨᠥᠬᠦᠷ ᠤᠨ ᠪᠦᠬᠦ ᠬᠤᠳᠠ ᠶᠢᠨ ᠰᠢᠶᠠᠨ ᠭᠠᠵᠠᠷ ᠤᠨ ᠲᠡᠰ ᠤᠨ ᠭᠤᠣᠯ ᠤᠳᠤᠷᠢᠳᠬᠤ ᠺᠠᠳ᠋ᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠵᠢᠴᠢ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠎ ᠶᠢᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ︔ ︽ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠵᠢᠯ ᠤᠨ ᠪᠠᠶᠢᠳᠠᠯ ᠤᠨ ᠮᠡᠳᠡᠭᠦᠯᠦᠯᠲᠡ︾ ᠵᠢᠴᠢ ︽ᠬᠠᠶᠢᠷᠤᠪ ᠤᠨ ᠲᠤᠬᠤᠢ ᠲᠣᠭᠤᠷᠢᠭ ᠤᠨ 2024 ᠣᠨ ᠤ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠠᠵᠢᠯ ᠤᠨ ᠲᠥᠯᠥᠪᠯᠡᠭᠡ︾᠎ ᠶᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠰᠦᠨ ᠬᠤᠤ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠲᠠᠢ ᠨᠢᠭᠲᠠ ᠬᠤᠯᠪᠣᠭ᠎ᠠ ᠲᠠᠢ᠂ ᠢᠷᠡᠭᠡᠳᠦᠢ ᠶᠢᠨ ᠬᠠᠶᠢᠷᠤᠪ ᠤᠨ ᠲᠤᠬᠤᠢ ᠲᠣᠭᠤᠷᠢᠭ ᠤᠨ ᠭᠡᠷᠡᠯ ᠴᠡᠨᠡᠭ᠂ ᠯᠢᠲ᠋ᠢ ᠳ᠋ᠢᠶᠠᠨ ᡂᠢ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠭᠤᠷᠪᠠᠨ ᠶᠡᠭᠡ ᠳᠠᠪᠠᠭᠤᠯᠢᠭ ᠠᠵᠤ ᠦᠢᠯᠡᠰ ᠢ ᠶᠡᠬᠡᠪᠡᠷ ᠬᠥᠭᠵᠢᠭᠦᠯᠬᠦ ᠳᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠦᠷᠭᠦᠯᠵᠢᠯᠡᠨ ᠪᠤᠶᠢᠵᠢᠭᠤᠯᠤᠨ ᠪᠤᠵᠠᠭᠠᠶᠢᠷᠠᠭᠤᠯᠬᠤ ᠢᠲᠡᠭᠡᠯ ᠵᠣᠷᠢᠭ ᠢ ᠪᠠᠲᠤᠳᠬᠠᠪᠠ᠃ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠬᠠᠶᠢᠷᠤᠪ ᠤᠨ ᠲᠤᠬᠤᠢ ᠲᠣᠭᠤᠷᠢᠭ ᠤᠨ ᠪᠠᠶᠢᠷᠢ ᠶᠢᠨ ᠳᠠᠪᠠᠭᠤᠯᠢᠭ᠂ ᠠᠵᠤ ᠦᠢᠯᠡᠳᠪᠦᠷᠢ ᠶᠢᠨ ᠰᠠᠭᠤᠷᠢ ᠪᠣᠯᠤᠨ ᠵᠠᠬ᠎ᠠ ᠳᠡᠯᠭᠡᠭᠦᠷ ᠤᠨ ᠣᠨᠴᠠᠯᠢᠭ ᠢᠶᠠᠨ ᠭᠦᠢᠴᠡᠳ ᠪᠠᠳᠠᠷᠠᠭᠤᠯᠵᠤ᠂ ᠪᠦᠬᠦ ᠤᠯᠤᠰ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠳᠤ ᠲᠦᠷᠭᠡᠨ ᠠᠭᠤᠰᠤᠯᠴᠠᠬᠤ ᠬᠡᠷᠡᠭᠲᠡᠢ︔ ᠮᠥᠩᠭᠦᠨ ᠭᠦᠢᠯᠭᠡᠭᠡᠨ ᠢᠶᠠᠷ ᠬᠠᠶᠢᠷᠤᠪ ᠤᠨ ᠲᠤᠬᠤᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠳᠤ ᠦᠢᠯᠡᠴᠢᠯᠡᠬᠦ ᠶᠢ ᠰᠠᠨᠠᠭᠠᠴᠢᠯᠠᠭ᠎ᠠ ᠠᠴᠠ ᠪᠠᠨ ᠰᠦᠪᠡᠭᠴᠢᠯᠡᠵᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠵᠢᠭᠡᠯᠡᠯᠭᠡ᠂ ᠠᠷᠠᠳ ᠤᠯᠠᠨ ᠤ ᠦᠢᠯᠡᠰ ᠪᠤᠰᠬᠠᠬᠤ ᠬᠡᠷᠡᠭᠯᠡᠭᠡ ᠶᠢ ᠪᠠᠲᠤᠯᠠᠬᠤ ᠶᠢ ᠨᠡᠩ ᠰᠠᠶᠢᠲᠤᠷ ᠳᠡᠮᠵᠢᠬᠦ ᠬᠡᠷᠡᠭᠲᠡᠢ᠃ ᠮᠥᠩᠭᠦᠨ ᠭᠦᠢᠯᠭᠡᠭᠡᠨ ᠤ ᠰᠢᠰᠲ᠋ᠧᠮ ᠢ ᠬᠥᠭᠵᠢᠭᠦᠯᠦᠨ ᠪᠤᠵᠠᠭᠠᠶᠢᠷᠠᠭᠤᠯᠵᠤ᠂ ᠠᠵᠤ ᠦᠢᠯᠡᠳᠪᠦᠷᠢ ᠶᠢᠨ ᠪᠠᠭᠲᠠᠭᠠᠮᠵᠢ ᠲᠠᠢ ᠵᠣᠬᠢᠴᠠᠭᠰᠠᠨ ᠮᠥᠩᠭᠦᠨ ᠭᠦᠢᠯᠭᠡᠭᠡᠨ ᠤ ᠠᠵᠤ ᠦᠢᠯᠡᠰ ᠢ ᠪᠣᠶ ᠪᠣᠯᠭᠠᠬᠤ ᠬᠡᠷᠡᠭᠲᠡᠶ︔ ᠪᠦᠬᠦ ᠤᠯᠤᠰ ᠤᠨ ︽ᠬᠤᠶᠠᠷ ᠬᠤᠷᠠᠯ︾᠎ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠠᠵᠢᠯ ᠢ ᠰᠠᠶᠢᠲᠤᠷ ᠬᠢᠵᠦ᠂ ᠬᠠᠶᠢᠷᠤᠪ ᠤᠨ ᠲᠤᠬᠤᠢ ᠲᠣᠭᠤᠷᠢᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠬᠤ ᠶᠢᠨ ᠬᠠᠮᠲᠤ ᠪᠦᠬᠦ ᠨᠡᠶᠢᠭᠡᠮ ᠳᠤ ᠬᠢᠯᠪᠡᠷ ᠪᠤᠰᠤ ᠪᠠᠷ ᠣᠯᠤᠭᠰᠠᠨ ᠠᠮᠵᠢᠯᠲᠠ ᠪᠣᠯᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠬᠥᠭᠵᠢᠯᠲᠡ ᠶᠢ ᠠᠳᠬᠤᠬᠤ ᠡᠷᠡᠰ ᠵᠣᠷᠢᠭ ᠢ ᠳᠠᠮᠵᠢᠭᠤᠯᠵᠤ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠤ ᠬᠡᠯᠡᠪᠡ᠃    ᠰᠦᠨ ᠬᠤᠤ᠂ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠦᠵᠡᠯ ᠰᠠᠨᠠᠭ᠎ᠠ᠂ ᠲᠠᠨᠢᠯᠲᠠ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠳᠡᠭᠡᠳᠦ ᠱᠠᠳᠤ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠬᠦᠴᠦᠨ ᠢᠶᠠᠷ ᠢᠶᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠲᠤᠰ ᠨᠢᠭᠡᠴᠡ᠂ ᠲᠤᠰ ᠬᠦᠷᠢᠶ᠎ᠡ ᠬᠡᠪᠴᠢᠶᠡᠨ ᠳᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠪᠠᠬᠢᠯᠡᠯᠲᠡ ᠶᠢ ᠴᠢᠩᠭᠠᠳᠬᠠᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠲᠣᠰᠬᠤᠨ ︵ᠨᠡᠶᠢᠭᠡᠮ ᠲᠣᠭᠤᠷᠢᠭ︶᠂ ᠪᠠᠶᠢᠭᠤᠯᠭ᠎ᠠ ᠵᠡᠷᠭᠡ ᠡᠯ᠎ᠡ ᠬᠦᠷᠢᠶ᠎ᠡ ᠡᠯ᠎ᠡ ᠨᠢᠭᠡᠴᠡ ᠳᠤ ᠪᠦᠬᠦ ᠤᠯᠤᠰ ᠤᠨ ᠲᠡᠷᠢᠭᠦᠨ ᠤ ᠵᠢᠱᠢᠶ᠎ᠡ ᠦᠵᠡᠭᠦᠯᠬᠦ ᠶᠢ ᠴᠢᠷᠮᠠᠶᠢᠨ ᠡᠭᠦᠳᠴᠦ᠂ ᠲᠡᠷᠢᠭᠦᠨ ᠤ ᠬᠢ ᠶᠢ ᠬᠥᠭᠡᠭᠡᠴᠡᠯᠳᠦᠬᠦ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠪᠣᠳᠠᠲᠠᠢ ᠳᠤ ᠰᠠᠭᠤᠷᠢᠯᠠᠵᠤ᠂ ᠠᠰᠠᠭᠤᠳᠠᠯ ᠵᠥᠷᠢᠴᠡᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠴᠠᠭ ᠦᠶ᠎ᠡ ᠶᠢᠨ ᠦᠢᠯᠡᠳᠦᠯᠭᠡ ᠶᠢᠨ ︽ᠹᠧᠩᠴᠢᠶᠤᠤ ᠶᠢᠨ ᠲᠤᠷᠰᠢᠯᠭ᠎ᠠ︾᠎ ᠶᠢᠨ ᠣᠨᠴᠠᠯᠢᠭ ᠪᠠ ᠬᠢᠯᠠᠰ ᠴᠡᠭ ᠢ ᠦᠷᠭᠦᠯᠵᠢᠯᠡᠨ ᠴᠣᠭᠴᠠᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠣᠯᠤᠨ ᠬᠠᠤᠯᠢ ᠲᠦᠷᠢᠮᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠬᠤ ᠲᠠᠯ᠎ᠠ ᠪᠠᠷ ᠥᠪᠡᠷᠮᠢᠴᠡ ᠣᠨᠴᠠᠯᠢᠭ ᠲᠠᠢ ᠪᠣᠯᠭᠠᠵᠤ᠂ ᠪᠣᠳᠠᠲᠤ ᠦᠷ᠎ᠡ ᠪᠦᠲᠦᠮᠵᠢ ᠭᠠᠷᠭᠠᠵᠤ᠂ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠲᠠᠢ ᠪᠠᠶᠢᠬᠤ ᠶᠢ ᠬᠡᠷᠡᠭᠯᠡᠬᠦ ᠵᠥᠪ ᠲᠠᠯ᠎ᠠ ᠶᠢᠨ ᠲᠦᠷᠢ ᠲᠥᠷᠬᠦ ᠶᠢ ᠴᠢᠨᠠᠭᠰᠢᠳᠠ ᠪᠤᠢ ᠪᠣᠯᠭᠠᠬᠤ ᠬᠡᠷᠡᠭᠲᠡᠢ᠃ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠵᠣᠷᠢᠭ ᠢᠶᠠᠨ ᠪᠠᠲᠤᠳᠬᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠢᠯᠠᠯᠲᠠ ᠶᠢᠨ ᠡᠷᠴᠢᠨ ᠳᠡᠭᠡᠷ᠎ᠡ ᠢᠯᠠᠯᠲᠠ ᠣᠯᠵᠤ᠂ ᠲᠡᠦᠬᠡ ᠶᠢᠨ ᠦᠯᠡᠳᠡᠭᠳᠡᠯ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠤᠶᠤᠨ ᠴᠢᠳᠠᠯ ᠢᠶᠠᠨ ᠲᠥᠪᠯᠡᠷᠡᠭᠦᠯᠦᠨ ᠬᠥᠭᠵᠢᠯᠲᠡ ᠶᠢ ᠠᠳᠬᠤᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠢᠨ ᠠᠵᠤ ᠠᠬᠤᠶᠢᠯᠠᠯ ᠤᠨ ᠬᠠᠤᠯᠢ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠳᠤ ᠬᠦᠴᠦᠨ ᠨᠡᠮᠡᠷᠢᠯᠡᠵᠦ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠮᠤᠷ ᠠᠮᠤᠭᠤᠯᠠᠩ ᠰᠡᠳᠭᠢᠯ ᠢᠶᠠᠷ ᠬᠥᠭᠵᠢᠯᠲᠡ ᠶᠢ ᠡᠷᠢᠯᠬᠢᠯᠡᠬᠦ ᠬᠡᠷᠡᠭᠲᠡᠢ  ᠭᠡᠵᠤ ᠬᠡᠯᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号