ᠳᠠᠬᠢᠨ ᠠᠬᠢᠭᠤᠯᠤᠶ᠎ᠠ︕ ᠬᠠᠶᠢᠷᠤᠪ ᠤᠨ ᠲᠤᠬᠤᠢ ᠶᠢᠨ ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠰᠢᠨ᠎ᠡ ᠵᠠᠭᠪᠤᠷ ᠢ ᠬᠠᠶᠢᠨ ᠰᠦᠪᠡᠭᠴᠢᠯᠡᠪᠡ
ᠨᠡᠶᠢᠲᠡᠯᠡᠭᠰᠡᠨ ᠴᠠᠭ᠄
2024/3/12
    ᠵᠠᠰᠠᠭ ᠤᠨ ᠣᠷᠳᠣᠨ᠂ ᠠᠵᠤ ᠠᠬᠤᠶᠢᠯᠠᠯ ᠪᠣᠯᠤᠨ ᠶᠡᠭᠡ ᠳᠡᠭᠡᠳᠦ ᠰᠤᠷᠭᠠᠭᠤᠯᠢ ᠶᠢᠨ ᠬᠤᠭᠤᠷᠣᠨᠳᠣᠬᠢ ᠤᠯᠤᠯᠴᠠᠭ᠎ᠠ ᠬᠥᠭᠦᠷᠭᠡ ᠶᠢ ᠪᠠᠶᠢᠭᠤᠯᠬᠤ ᠶᠢᠨ ᠲᠥᠯᠥᠭᠡ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠪᠡᠭᠡᠵᠢᠩ ᠶᠡᠭᠡ ᠰᠤᠷᠭᠠᠭᠤᠯᠢ ᠶᠢᠨ ᠲᠤᠮᠤ ᠳ᠋ᠠᠶᠢᠲ᠋ᠠ ᠶᠢᠨ ᠵᠠᠳᠠᠯᠤᠯᠲᠠ ᠪᠠ ᠬᠡᠷᠡᠭᠯᠡᠭᠡᠨ ᠤ ᠤᠯᠤᠰ ᠤᠨ ᠢᠨᠵᠧᠨᠧᠷᠢᠩ ᠤᠨ ᠲᠤᠷᠰᠢᠯᠲᠠ ᠶᠢᠨ ᠲᠠᠰᠤᠭ ᠲᠠᠢ ᠢᠳᠡᠪᠬᠢᠲᠡᠢ ᠵᠣᠯᠭᠠᠭᠤᠯᠵᠤ᠂ ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠵᠡᠷᠭᠡ ᠬᠠᠮᠢᠶ᠎ᠠ ᠪᠦᠬᠦᠢ ᠠᠵᠢᠯ ᠢ ᠵᠢᠯᠣᠭᠤᠳᠪᠠ᠃
640.png   
    3 ᠰᠠᠷ᠎ᠠ ᠶᠢᠨ 11᠎ ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠵᠢᠶᠠ ᠶᠠᠨ ᠷᠦ᠋ ᠪᠡᠭᠡᠵᠢᠩ ᠶᠡᠭᠡ ᠰᠤᠷᠭᠠᠭᠤᠯᠢ ᠶᠢᠨ ᠲᠣᠮᠣ ᠳ᠋ᠠᠶᠢᠲ᠋ᠠ ᠶᠢᠨ ᠵᠠᠳᠠᠯᠤᠯᠲᠠ ᠪᠠ ᠬᠡᠷᠡᠭᠯᠡᠭᠡᠨ ᠤ ᠤᠯᠤᠰ ᠤᠨ ᠢᠨᠵᠧᠨᠧᠷᠢᠩ ᠤᠨ ᠲᠤᠷᠰᠢᠯᠲᠠ ᠶᠢᠨ ᠲᠠᠰᠤᠭ ᠤᠨ ᠰᠢᠨ᠎ᠡ ᠶᠢ ᠡᠭᠦᠳᠬᠦ ᠲᠥᠪ ᠤᠨ ᠳᠡᠳ᠋ ᠡᠷᠬᠢᠯᠡᠭᠴᠢ ᠸᠠᠩ ᠨᠠᠨ ᠵᠡᠷᠭᠡ 4 ᠬᠥᠮᠦᠨ ᠢ ᠤᠷᠢᠵᠤ ᠦᠬᠠᠶ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠪᠠ᠃ ᠦᠬᠠᠶ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠢᠶᠣᠤ ᠲᠢᠶᠠᠨ ᠹᠧᠩ ᠵᠢᠴᠢ ᠬᠤᠯᠪᠣᠭᠳᠠᠯ ᠪᠥᠬᠦᠶ ᠬᠠᠷᠢᠭᠤᠴᠠᠯᠭᠠᠲᠠᠨ ᠶᠠᠷᠢᠯᠴᠠᠬᠤ   ᠬᠤᠷᠠᠯ ᠳᠤ ᠣᠷᠣᠯᠴᠠᠵᠤ᠂ ᠬᠠᠶᠢᠷᠤᠪ ᠤᠨ ᠲᠣᠬᠤᠶ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠦᠬᠠᠶ ᠶᠢᠨ ᠳᠡᠭᠡᠳᠦ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ᠂ ᠰᠣᠷᠣᠭᠴᠢ ᠡᠯᠰᠡᠬᠦ ᠠᠵᠢᠯ ᠣᠯᠭᠤᠬᠤ ᠭᠠᠵᠠᠷ᠂ ᠮᠠᠰᠢᠨ ᠴᠠᠬᠢᠯᠭᠠᠨ ᠤ ᠢᠨᠵᠧᠨᠧᠷᠢᠩ ᠤᠨ ᠰᠠᠯᠪᠤᠷᠢ ᠵᠡᠷᠭᠡ ᠬᠤᠯᠪᠣᠭᠳᠠᠯ ᠪᠥᠬᠦᠶ ᠰᠠᠯᠪᠤᠷᠢ ᠶᠢᠨ ᠭᠠᠵᠠᠷ ᠲᠠᠰᠤᠭ ᠤᠨ ᠬᠠᠷᠢᠭᠤᠴᠠᠯᠭᠠᠲᠠᠨ ᠬᠠᠮᠲᠤ ᠪᠠᠷ ᠪᠠᠶᠢᠴᠠᠭᠠᠨ ᠰᠤᠳᠤᠯᠵᠤ ᠶᠠᠷᠢᠯᠴᠠᠬᠤ ᠠᠵᠢᠯᠯᠠᠭ᠎ᠠ ᠳᠤ ᠣᠷᠣᠯᠴᠠᠪᠠ᠃
640 (1).png   
    ᠲᠣᠰ ᠤᠳᠠᠭᠠᠨ ᠤ ᠪᠠᠶᠢᠴᠠᠭᠠᠨ ᠰᠤᠳᠤᠯᠬᠤ ᠠᠵᠢᠯᠯᠠᠭ᠎ᠠ ᠶᠢᠨ ᠵᠣᠷᠢᠯᠭ᠎ᠠ ᠨᠢ ᠵᠠᠰᠠᠭ ᠤᠨ ᠣᠷᠳᠣᠨ ᠠᠴᠠ ᠬᠥᠭᠦᠷᠭᠡ ᠬᠤᠯᠪᠣᠭᠠᠰᠤ ᠪᠣᠯᠵᠣ᠂ ᠠᠵᠤ ᠠᠬᠤᠶᠢᠯᠠᠯ ᠬᠢᠭᠡᠳ ᠶᠡᠭᠡ ᠳᠡᠭᠡᠳᠦ ᠰᠤᠷᠭᠠᠭᠤᠯᠢ ᠶᠢᠨ ᠬᠤᠭᠤᠷᠣᠨᠳᠣᠬᠢ ᠨᠡᠪᠲᠡᠷᠡᠯᠴᠡᠭᠡ ᠰᠣᠯᠢᠯᠴᠠᠭ᠎ᠠ ᠶᠢ ᠴᠢᠩᠭᠠᠳᠬᠠᠨ᠂ ᠬᠠᠮᠲᠤᠷᠠᠯᠴᠠᠭᠠᠨ ᠤ ᠳᠠᠯᠳᠠ ᠬᠦᠴᠦᠨ ᠢ ᠠᠭᠤᠳᠠᠯᠵᠤ᠂ ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠲᠠᠰ ᠳᠡᠪᠰᠢᠬᠦ ᠶᠢ ᠬᠠᠮᠲᠤ ᠪᠠᠷ ᠠᠬᠢᠭᠤᠯᠬᠤ ᠶᠢᠨ ᠲᠥᠯᠥᠭᠡ ᠶᠤᠮ᠃ ᠬᠤᠷᠠᠯ ᠳᠡᠭᠡᠷ᠎ᠡ ᠪᠡᠭᠡᠵᠢᠩ ᠶᠡᠭᠡ ᠰᠤᠷᠭᠠᠭᠤᠯᠢ ᠶᠢᠨ ᠲᠤᠮᠤ ᠳ᠋ᠠᠶᠢᠲ᠋ᠠ ᠶᠢᠨ ᠵᠠᠳᠠᠯᠤᠯᠲᠠ ᠪᠣᠯᠤᠨ ᠬᠡᠷᠡᠭᠯᠡᠭᠡᠨ ᠤ ᠤᠯᠤᠰ ᠤᠨ ᠢᠨᠵᠧᠨᠧᠷᠢᠩ ᠤᠨ ᠲᠤᠷᠰᠢᠯᠲᠠ ᠶᠢᠨ ᠲᠠᠰᠤᠭ ᠤᠨ ᠰᠢᠨ᠎ᠡ ᠶᠢ ᠡᠭᠦᠳᠬᠦ ᠲᠥᠪ ᠤᠨ ᠳᠡᠳ᠋ ᠡᠷᠬᠢᠯᠡᠭᠴᠢ ᠸᠠᠩ ᠨᠠᠨ ᠰᠢᠨ᠎ᠡ ᠶᠢ ᠡᠭᠦᠳᠬᠦ ᠲᠥᠪ ᠤᠨ ᠦᠨᠳᠦᠰᠦᠨ ᠪᠠᠶᠢᠳᠠᠯ᠂ ᠰᠤᠳᠤᠯᠭᠠᠨ ᠤ ᠴᠢᠭᠯᠡᠯ᠂ ᠭᠤᠣᠯᠳᠠᠯᠭ᠎ᠠ ᠲᠠᠢ ᠲᠤᠬᠠᠶᠢᠯᠠᠭᠰᠠᠨ ᠠᠵᠢᠯ ᠵᠡᠷᠭᠡ ᠶᠢᠨ ᠲᠤᠬᠠᠢ ᠨᠠᠷᠢᠨ ᠲᠠᠨᠢᠯᠴᠠᠭᠤᠯᠪᠠ᠃ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠢᠶᠣᠤ ᠲᠢᠶᠠᠨ ᠹᠧᠩ ᠳᠡᠭᠡᠳᠦ ᠰᠤᠷᠭᠠᠭᠤᠯᠢ ᠶᠢᠨ ᠦᠨᠳᠦᠰᠦᠨ ᠪᠠᠶᠢᠳᠠᠯ᠂ ᠤᠨᠴᠠᠯᠢᠬᠳᠤ ᠲᠤᠰᠬᠠᠢ ᠮᠡᠷᠭᠡᠵᠢᠯ ᠤᠨ ᠴᠣᠭᠴᠠᠯᠠᠯᠲᠠ᠂ ᠴᠢᠳᠠᠪᠤᠷᠢᠲᠠᠨ ᠢ ᠬᠥᠮᠦᠵᠢᠭᠦᠯᠬᠦ᠂ ᠨᠡᠶᠢᠭᠡᠮ ᠤᠨ ᠪᠣᠯᠪᠠᠰᠤᠷᠠᠯ ᠵᠡᠷᠭᠡ ᠲᠠᠯ᠎ᠠ ᠪᠠᠷ ᠲᠠᠨᠢᠯᠴᠠᠭᠤᠯᠪᠠ᠃ ᠵᠠᠯᠭᠠᠭᠠᠳ᠂ ᠬᠤᠶᠠᠷ ᠲᠠᠯ᠎ᠠ ᠪᠠᠷ ᠢᠶᠠᠨ ᠰᠠᠨᠠᠯ ᠢᠶᠠᠨ ᠰᠣᠯᠢᠯᠴᠠᠵᠤ᠂ ᠴᠢᠳᠠᠪᠤᠷᠢᠲᠠᠨ ᠢ ᠬᠥᠮᠦᠵᠢᠭᠦᠯᠬᠦ᠂ ᠲᠤᠰᠬᠠᠢ ᠮᠡᠷᠭᠡᠵᠢᠯ ᠤᠨ ᠴᠢᠭᠯᠡᠯ ᠢᠶᠠᠷ ᠨᠡᠶᠢᠭᠡᠮ ᠤᠨ ᠪᠣᠯᠪᠠᠰᠤᠷᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ BDO ᠨᠢᠭᠡ ᠴᠤᠬᠴᠠᠵᠢᠭᠤᠯᠤᠬᠰᠠᠨ ᠣᠶᠤᠨᠴᠢ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠬᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠠᠵᠤ ᠦᠢᠯᠡᠰ ᠤᠨ ᠳᠡᠭᠡᠳᠦ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ᠂ ᠰᠡᠳᠦᠪ ᠤᠨ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠲᠠᠯ᠎ᠠ ᠪᠠᠷ ᠰᠣᠯᠢᠯᠴᠠᠨ ᠶᠠᠷᠢᠯᠴᠠᠪᠠ᠃
640 (2).png   
    ᠬᠤᠷᠠᠯ ᠤᠨ ᠳᠠᠷᠠᠭ᠎ᠠ᠂ ᠰᠢᠨ᠎ᠡ ᠵᠢᠭᠠᠨ ᠰᠤᠷᠭᠠᠯᠲᠠ ᠶᠢᠨ ᠠᠰᠠᠷ᠂ ᠥᠨᠳᠥᠷ ᠬᠦᠴᠦᠳᠡᠯᠲᠦ ᠴᠠᠬᠢᠯᠭᠠᠨ ᠤ ᠲᠥᠬᠦᠭᠡᠷᠦᠮᠵᠢ ᠶᠢ ᠰᠡᠯᠪᠢᠨ ᠵᠠᠰᠠᠵᠤ ᠤᠭᠰᠠᠷᠠᠬᠤ ᠪᠣᠳᠠᠲᠠᠶ ᠪᠣᠯᠪᠠᠰᠤᠷᠠᠯ ᠤᠨ ᠲᠠᠰᠤᠭ᠂ ᠴᠠᠬᠢᠯᠭᠠᠨ ᠡᠨᠧᠷᠭᠢ ᠶᠢᠨ ᠬᠡᠮᠵᠢᠯᠲᠡ ᠶᠢᠨ ᠪᠣᠳᠠᠲᠠᠶ ᠪᠣᠯᠪᠠᠰᠤᠷᠠᠯ ᠤᠨ ᠲᠠᠰᠤᠭ᠂ ᠤᠶᠤᠨᠴᠢᠯᠠᠭᠰᠠᠨ ᠴᠠᠬᠢᠯᠭᠠᠨ ᠲᠦᠭᠡᠭᠡᠬᠦ ᠪᠣᠳᠠᠲᠠᠶ ᠪᠣᠯᠪᠠᠰᠤᠷᠠᠯ ᠤᠨ ᠲᠠᠰᠤᠭ᠂ ᠡᠷᠡᠭᠦᠯ ᠮᠡᠨᠳᠦ ᠶᠢᠨ ᠦᠨᠡᠯᠡᠯᠲᠡ ᠶᠢᠨ ᠪᠣᠳᠠᠲᠠᠶ ᠪᠣᠯᠪᠠᠰᠤᠷᠠᠯ ᠤᠨ ᠲᠠᠰᠤᠭ᠂ ᠠᠮᠢᠳᠤ ᠪᠣᠳᠠᠰ ᠤᠨ ᠪᠡᠶ᠎ᠡ ᠮᠠᠬᠠᠪᠣᠳ ᠤᠨ ᠪᠣᠯᠪᠠᠰᠤᠷᠠᠯ ᠤᠨ ᠲᠠᠰᠤᠭ᠂ ᠰᠤᠪᠢᠯᠠᠯᠲᠠ ᠶᠢᠨ ᠶᠡᠷᠦᠩᠬᠡᠶᠢᠯᠡᠭᠰᠡᠨ ᠪᠣᠳᠠᠲᠠᠶ ᠪᠣᠯᠪᠠᠰᠤᠷᠠᠯ ᠤᠨ ᠲᠠᠰᠤᠭ ᠵᠡᠷᠭᠡ ᠲᠠᠯᠠᠪᠤᠷ ᠢ ᠲᠣᠭᠤᠷᠢᠨ ᠦᠵᠡᠪᠡ᠃    ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ᠂ ᠮᠡᠷᠭᠡᠵᠢᠯ᠂ ᠡᠬᠢ ᠪᠠᠶᠠᠯᠢᠭ᠂ ᠴᠢᠳᠠᠪᠤᠷᠢᠲᠠᠨ ᠵᠡᠷᠭᠡ ᠤᠯᠠᠨ ᠲᠠᠯ᠎ᠠ ᠪᠠᠷ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠬᠠᠮᠵᠢᠯᠴᠠᠨ ᠬᠥᠮᠦᠨ ᠬᠥᠮᠦᠵᠢᠭᠦᠯᠬᠦ ᠪᠠᠷ ᠬᠠᠷᠠᠯᠲᠠ ᠪᠣᠯᠭᠠᠵᠤ᠂ ᠵᠠᠰᠠᠭ ᠤᠨ ᠣᠷᠳᠣᠨ ᠤ ᠲᠠᠪᠴᠠᠩ ᠢᠶᠠᠷ ᠬᠤᠯᠪᠣᠭᠠᠰᠤ ᠪᠣᠯᠭᠠᠵᠤ᠂ ᠰᠤᠷᠭᠠᠭᠤᠯᠢ ᠠᠵᠤ ᠠᠬᠤᠶᠢᠯᠠᠯ ᠬᠤᠶᠠᠷ ᠲᠠᠯ᠎ᠠ ᠶᠢᠨ ᠤᠯᠠᠨ ᠲᠡᠰ ᠳᠠᠪᠬᠤᠷᠭ᠎ᠠ᠂ ᠤᠯᠠᠨ ᠬᠡᠯᠪᠡᠷᠢ᠂ ᠤᠯᠠᠨ ᠣᠷᠣᠨ ᠪᠦᠰᠡ ᠶᠢᠨ ᠬᠦᠷᠢᠶᠡᠨ ᠤ ᠬᠠᠮᠲᠤᠷᠠᠯᠴᠠᠭ᠎ᠠ ᠶᠢ ᠴᠢᠨᠠᠭᠰᠢᠳᠠ ᠥᠷᠨᠢᠭᠦᠯᠬᠦ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠰᠢᠨ᠎ᠡ ᠦᠷ᠎ᠡ ᠪᠦᠲᠦᠭᠡᠯ ᠢ ᠡᠷᠲᠡᠬᠡᠨ ᠪᠡᠶᠡᠯᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号