ᠲᠤᠰᠬᠠᠢ ᠰᠡᠳᠦᠪ ᠤᠨ ᠪᠣᠯᠪᠠᠰᠤᠷᠠᠯ︕
ᠨᠡᠶᠢᠲᠡᠯᠡᠭᠰᠡᠨ ᠴᠠᠭ᠄
2024/3/13
    ᠣᠶᠢᠷ᠎ᠠ ᠳᠤ᠂ ᠬᠠᠶᠢᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠰᠠᠷ ᠤᠨ ᠳᠠᠷᠤᠭ᠎ᠠ ᠶᠢᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠬᠠᠷᠢᠶ᠎ᠠ ᠣᠷᠣᠨ ᠤ 8 ᠲᠤᠷᠰᠢᠯᠲᠠ ᠶᠢᠨ ᠴᠡᠭ ᠤᠨ ᠵᠢᠵᠢᠭ ᠲᠣᠭᠤᠷᠢᠭ ᠤᠨ ᠠᠰᠠᠷ ᠤᠨ ᠳᠠᠷᠤᠭ᠎ᠠ᠂ ᠠᠵᠢᠯ ᠦᠢᠯᠡᠰ ᠤᠨ ᠵᠥᠪᠯᠡᠯ ᠤᠨ ᠡᠷᠬᠢᠯᠡᠭᠴᠢ᠂ ᠠᠳᠠᠯ ᠠᠬᠤᠶ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠠᠷᠠᠳ ᠤᠨ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠣᠷᠣᠯᠴᠠᠵᠠᠶ᠃ ᠬᠤᠷᠠᠯ ᠳᠡᠭᠡᠷ᠎ᠡ ᠬᠠᠶᠢᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠰᠠᠷ ᠤᠨ ᠳᠠᠷᠤᠭ᠎ᠠ ᠶᠢᠨ ᠠᠵᠢᠯ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ᠃ ᠬᠤᠷᠠᠯ ᠳᠤ ᠣᠷᠣᠯᠴᠠᠭᠰᠠᠳ ᠠᠰᠠᠷ ᠤᠨ ᠳᠠᠷᠤᠭ᠎ᠠ ᠶᠢᠨ ᠠᠵᠢᠯ ᠤᠨ ᠳᠤᠮᠳᠠ ᠣᠯᠤᠭᠰᠠᠨ ᠦᠷ᠎ᠡ ᠪᠦᠲᠦᠮᠵᠢ ᠪᠣᠯᠤᠨ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠲᠣᠰ ᠲᠣᠰ ᠶᠠᠷᠢᠶ᠎ᠠ ᠲᠠᠯᠪᠢᠪᠠ᠃ ᠬᠦᠮᠦᠨ ᠤ ᠬᠦᠴᠦᠨ ᠤ ᠰᠦᠯᠵᠢᠶ᠎ᠡ ︵ᠪᠡᠭᠡᠵᠢᠩ︶ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠰᠠᠷ ᠤᠨ ᠳᠠᠷᠤᠭ᠎ᠠ ᠶᠢᠨ ᠰᠢᠰᠲ᠋ᠧᠮ ᠳᠤ ᠲᠤᠬᠠᠢ ᠶᠢᠨ ᠲᠠᠯᠠᠪᠠᠢ ᠶᠢᠨ ᠪᠣᠯᠪᠠᠰᠤᠷᠠᠯ ᠬᠦᠷᠳᠡᠭᠡᠪᠡ᠃    ᠲᠣᠰ ᠤᠳᠠᠭᠠᠨ ᠤ ᠪᠣᠯᠪᠠᠰᠤᠷᠠᠭᠤᠯᠤᠯ ᠤᠨ ᠵᠣᠷᠢᠯᠭ᠎ᠠ ᠨᠢ ᠠᠰᠠᠷ ᠤᠨ ᠳᠠᠷᠤᠭ᠎ᠠ ᠶᠢᠨ ᠠᠵᠢᠯ ᠢᠶᠠᠨ ᠥᠷᠨᠢᠭᠦᠯᠬᠦ ᠳᠤ ᠲᠥᠬᠦᠮ ᠨᠥᠬᠦᠴᠡᠯ ᠢ ᠪᠣᠶ ᠪᠣᠯᠭᠠᠬᠤ ᠶᠢᠨ ᠬᠠᠮᠲᠤ ᠡᠯ᠎ᠡ ᠵᠢᠵᠢᠭ ᠲᠣᠭᠤᠷᠢᠭ ᠤᠨ ᠠᠰᠠᠷ ᠤᠨ ᠳᠠᠷᠤᠭ᠎ᠠ ᠶᠢᠨ ᠵᠢᠱᠢᠭᠳᠡᠭᠴᠢ ᠶᠢ ᠠᠭᠤᠳᠠᠯᠬᠤ ᠪᠠ ᠬᠥᠮᠦᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠱᠠᠩᠨᠠᠨ ᠬᠥᠬᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠠᠰᠠᠷ ᠤᠨ ᠳᠠᠷᠤᠭ᠎ᠠ ᠶᠢᠨ ᠬᠡᠷᠡᠭ ᠵᠥᠪᠯᠡᠬᠦ ᠲᠦᠷᠢᠮ ᠢ ᠲᠦᠷᠭᠡᠨ ᠬᠡᠷᠡᠭᠵᠢᠭᠦᠯᠬᠦ ᠶᠢ ᠪᠠᠷᠢᠮᠲᠠᠯᠠᠵᠤ᠂ ᠬᠤᠪᠢᠰᠬᠠᠯ ᠤᠨ ᠠᠳᠠᠯ ᠠᠬᠤᠶ ᠵᠢᠴᠢ ᠠᠰᠠᠷ ᠤᠨ ᠳᠠᠷᠤᠭ᠎ᠠ ᠶᠢᠨ ᠬᠡᠷᠡᠭ ᠵᠥᠪᠯᠡᠬᠦ ᠲᠠᠪᠴᠠᠩ ᠢ ᠰᠠᠶᠢᠲᠤᠷ ᠠᠰᠢᠭᠯᠠᠨ᠂ ᠨᠠᠮ ᠤᠨ ᠬᠠᠮᠤᠭ ᠤᠨ ᠰᠢᠨ᠎ᠡ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠤ ᠳᠤᠮᠳᠠ ᠴᠠᠭ ᠲᠤᠬᠠᠶ ᠳᠤᠨᠢ ᠤᠯᠠᠮᠵᠢᠯᠠᠵᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠥᠷᠭᠡᠨ ᠣᠯᠠᠨ ᠰᠠᠭᠤᠭᠠᠯᠢ ᠠᠷᠠᠳ ᠤᠨ ︽ᠰᠣᠨᠣᠰᠬᠤ ᠳᠤᠷᠠᠲᠠᠶ᠂ ᠤᠶᠢᠯᠭᠠᠮᠵᠢᠲᠠᠢ︾ ᠦᠭᠡ ᠬᠡᠯᠡ ᠪᠠᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠰᠠᠶᠢᠨ ᠲᠥᠷᠥ ᠶᠢᠨ ᠪᠣᠳᠣᠯᠭ᠎ᠠ ᠶᠢᠨ ᠠᠪᠴᠢᠷᠠᠭᠰᠠᠨ ᠰᠠᠶᠢᠨ ᠠᠮᠢᠳᠤᠷᠠᠯ ᠢ ᠦᠨᠡᠨ ᠬᠦ ᠮᠡᠳᠡᠷᠡᠭᠦᠯᠵᠦ᠂ ᠪᠦᠯᠬᠦᠮᠳᠡᠨ ᠲᠡᠮᠡᠴᠡᠵᠦ᠂ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠬᠤ ᠶᠢᠨ ᠲᠥᠯᠥᠭᠡ ᠶᠤᠮ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号