ᠬᠠᠶᠢᠷᠤᠪ ᠤᠨ ᠲᠤᠬᠤᠢ ︽ᠰᠡᠳᠬᠢᠯ ᠬᠤᠯᠪᠣᠬᠤ ᠬᠥᠭᠦᠷᠭᠡ︾᠎ ᠶᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠦᠨ᠎ᠡ
ᠨᠡᠶᠢᠲᠡᠯᠡᠭᠰᠡᠨ ᠴᠠᠭ᠄
2024/3/14
    ᠬᠠᠶᠢᠷᠤᠪ ᠤᠨ ᠲᠤᠬᠤᠢ ᠲᠣᠭᠤᠷᠢᠭ ︽ᠲᠦᠷᠪᠡᠨ ᠦᠨᠳᠦᠰᠦᠨ ᠱᠠᠲᠤᠨ ᠳᠤ ᠪᠠᠭᠤᠬᠤ︾ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠤᠬᠠᠭᠤᠯᠬᠤ ᠶᠢ ᠦᠵᠡᠯ ᠰᠠᠨᠠᠭᠠᠨ ᠤ ᠠᠤᠭ᠎ᠠ ᠬᠦᠴᠦᠨ ᠢ ᠣᠶᠢᠯᠠᠭᠠᠬᠤ ᠴᠢᠬᠤᠯᠠ ᠠᠷᠭ᠎ᠠ ᠵᠠᠮ ᠪᠣᠯᠭᠠᠬᠤ ᠶᠢ ᠪᠠᠷᠢᠮᠲᠠᠯᠠᠵᠤ᠂ ︽ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠪᠠ᠃ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠬᠤ ᠬᠠᠶᠢᠷ᠎ᠠ ᠬᠠᠯᠠᠮᠵᠢ ᠶᠢᠨ ᠰᠠᠭᠤᠷᠢ ᠪᠠ ᠬᠦᠴᠦᠨ ᠴᠢᠳᠠᠯ ᠤᠨ ᠡᠬᠢ ᠰᠤᠷᠪᠤᠯᠵᠢ ᠶᠢ ᠭᠦᠨᠵᠡᠭᠡᠢ ᠬᠥᠮᠦᠵᠢᠭᠦᠯᠵᠦ᠂ ᠨᠠᠮ ᠤᠨ ᠭᠡᠰᠢᠭᠦᠨ ᠺᠠᠳ᠋ᠷ ᠪᠠ ᠤᠯᠠᠨ ᠲᠦᠮᠡᠨ ᠢ ᠤᠯᠠᠮ ᠨᠢᠭᠡ ᠠᠯᠬᠤᠮ ᠬᠦᠳᠦᠯᠦᠨ ᠵᠢᠯᠣᠭᠤᠳᠴᠤ ᠪᠠᠶᠢᠭᠠᠳ ︽ᠵᠢᠷᠭᠤᠭᠠᠨ ᠦᠭᠡ︾᠎ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠲᠠᠨᠢᠭᠤᠯᠤᠨ ᠣᠶᠢᠯᠠᠭᠠᠭᠤᠯᠵᠤ᠂ ᠪᠦᠬᠦ ᠲᠤᠭᠤᠷᠢᠭ ᠤᠨ ᠤᠯᠠᠨ ᠲᠦᠮᠡᠨ ᠳᠤ ᠬᠦᠴᠦ ᠪᠠᠨ ᠲᠥᠪᠯᠡᠷᠡᠭᠦᠯᠵᠦ ᠪᠠᠶᠢᠭᠠᠳ ᠨᠠᠮ ᠤᠨ ᠲᠥᠪ ᠬᠤᠷᠢᠶ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠯᠠᠮᠵᠢᠯᠠᠯ ᠢ ᠭᠦᠨᠵᠡᠭᠡᠢ ᠣᠶᠢᠯᠠᠭᠠᠭᠤᠯᠬᠤ ᠬᠡᠷᠡᠭᠲᠡᠢ᠃
1.jpg   
     ︽ᠰᠤᠷᠤᠯᠴᠠᠬᠤ︾᠎ ᠪᠠᠷ ᠰᠠᠭᠤᠷᠢ ᠪᠣᠯᠭᠠᠬᠤ᠂ ︽ᠶᠠᠷᠢᠬᠤ︾᠎ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠤᠨᠤᠯ ᠢᠶᠠᠷ ᠵᠡᠪᠰᠡᠭᠯᠡᠬᠦ ᠶᠢ ᠤᠬᠠᠮᠰᠠᠷ ᠠᠴᠠ ᠪᠠᠨ ᠴᠢᠩᠭᠠᠳᠬᠠᠵᠤ᠂ ᠤᠬᠠᠭᠤᠯᠤᠨ ᠲᠠᠶᠢᠯᠪᠤᠷᠢᠯᠠᠬᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ︽︿ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ﹀ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯ ᠤᠨ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠶᠡᠷᠦᠩᠬᠡᠢ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ 6 ᠲᠠᠯ᠎ᠠ ᠶᠢᠨ ᠭᠤᠣᠯᠳᠠᠯᠭ᠎ᠠ ᠲᠠᠢ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢ ᠨᠠᠷᠢᠯᠢᠬᠵᠢᠭᠤᠯᠵᠤ᠂ ᠪᠦᠬᠦ  ᠲᠤᠭᠤᠷᠢᠭ ᠳᠠᠶᠠᠭᠠᠷ ᠲᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠪᠠᠷ ᠴᠢᠷᠮᠠᠶᠢᠨ᠎ᠠ᠃ ᠤᠯᠤᠰ ᠲᠥᠷᠥ ᠶᠢᠨ ᠬᠡᠪ ᠴᠢᠨᠠᠷ ᠢᠶᠠᠷ ᠴᠢᠩᠭ᠎ᠠ᠂ ᠤᠨᠤᠯ ᠤᠨ ᠬᠢᠷᠢ ᠬᠡᠮᠵᠢᠶ᠎ᠡ ᠪᠠᠷ ᠥᠨᠳᠥᠷ᠂ ᠤᠬᠠᠭᠤᠯᠤᠨ ᠲᠠᠶᠢᠯᠪᠤᠷᠢᠯᠠᠬᠤ ᠴᠢᠳᠠᠪᠤᠷᠢ ᠪᠠᠷ ᠴᠢᠩᠭ᠎ᠠ ᠤᠳᠤᠷᠢᠳᠬᠤ ᠺᠠᠳ᠋ᠷ ᠪᠣᠯᠤᠨ ︽ᠠᠷᠠᠳ ᠣᠯᠠᠨ ᠤ ᠨᠡᠷᠡᠲᠦ ᠶᠠᠷᠢᠭᠴᠢ︾᠎ ᠶᠢ ᠨᠡᠶᠢᠲᠡ 27 ᠬᠥᠮᠦᠨ ᠢ ᠰᠣᠩᠭᠤᠵᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠬᠠᠶᠢᠷᠤᠪ ᠤᠨ ᠲᠣᠬᠤᠢ ᠲᠣᠭᠤᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠶᠢᠭᠤᠯᠵᠤ᠂ ︽ᠦᠨᠳᠦᠰᠦᠨ ᠱᠠᠲᠤᠨ ᠤ ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ︾᠂ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠲᠥᠪ ︵ᠭᠠᠵᠠᠷ᠂ ᠥᠷᠲᠡᠭᠡ︶ ᠵᠡᠷᠭᠡ ᠠᠴᠢᠶᠠᠯᠠᠪᠤᠷᠢ ᠳᠤ ᠲᠦᠰᠢᠭᠯᠡᠨ᠂ ᠲᠠᠷᠢᠶᠠᠨ ᠭᠠᠵᠠᠷ᠂ ᠠᠶᠢᠯ ᠲᠣᠰᠬᠤᠨ ᠨᠡᠶᠢᠭᠡᠮ ᠲᠣᠭᠤᠷᠢᠭ᠂ ᠤᠶᠢᠯᠡᠤᠡᠪᠤᠷᠢ ᠶᠢᠨ ᠲᠠᠰᠤᠭ ᠵᠡᠷᠭᠡ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠥᠷᠭᠡᠨ ᠢᠶᠠᠷ ᠤᠬᠠᠭᠤᠯᠤᠨ ᠲᠠᠶᠢᠯᠪᠤᠷᠢᠯᠠᠪᠠ᠃ ᠯᠧᠺᠲ᠋ᠣᠷ ᠤᠨ ᠪᠦᠯᠬᠦᠮ ᠤᠨ ᠲᠤᠰᠬᠠᠶ ᠮᠡᠷᠭᠡᠵᠢᠯ ᠤᠨ ᠬᠦᠴᠦᠨ ᠢ ᠭᠦᠢᠴᠡᠳ ᠪᠠᠳᠠᠷᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠢ ᠤᠷᠢᠵᠤ ᠤᠬᠠᠭᠤᠯᠤᠨ ᠲᠠᠶᠢᠯᠪᠤᠷᠢᠯᠠᠬᠤ ᠪᠣᠯᠪᠠᠰᠤᠷᠠᠯ 1 ᠲᠠᠯᠠᠪᠤᠷ ᠥᠷᠨᠢᠭᠦᠯᠵᠦ᠂ ᠲᠣᠭᠤᠷᠢᠭ ᠤᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ 1 ᠲᠠᠯᠠᠪᠤᠷ ᠲᠥᠪᠯᠡᠷᠡᠭᠦᠯᠦᠨ ᠬᠢᠴᠢᠶᠡᠯ ᠪᠡᠯᠡᠳᠬᠡᠵᠦ᠂ ᠤᠬᠠᠭᠤᠯᠤᠨ ᠲᠠᠶᠢᠯᠪᠤᠷᠢᠯᠠᠭᠴᠢ 60 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠪᠠ᠃ ᠪᠦᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ 300 ᠭᠠᠷᠤᠢ ᠲᠠᠯᠠᠪᠠᠢ ᠤᠳᠠᠭ᠎ᠠ ᠥᠷᠭᠡᠨ ᠢᠶᠠᠷ ᠥᠷᠨᠢᠭᠦᠯᠵᠦ᠂ ᠤᠯᠠᠨ ᠲᠦᠮᠡᠨ ᠺᠠᠳ᠋ᠷ ᠢ 3.2 ᠲᠦᠮᠡ ᠭᠠᠷᠤᠢ ᠬᠥᠮᠦᠨ ᠤᠳᠠᠭ᠎ᠠ ᠬᠠᠮᠤᠷᠪᠠ᠃
2.jpg   
    ᠣᠯᠠᠨ ᠵᠦᠢᠯ ᠤᠨ ᠠᠴᠢᠶᠠᠯᠠᠪᠤᠷᠢ ᠶᠢ ᠠᠮᠢᠳᠤᠯᠢᠭ ᠢᠶᠠᠷ ᠬᠡᠷᠡᠭᠯᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡ ᠪᠠᠷ ᠬᠦᠴᠦᠯᠡᠵᠦ᠂ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠵᠢᠭᠰᠠᠭᠠᠯ ᠢ ᠪᠠᠶᠢᠭᠤᠯᠤᠨ᠎ᠠ᠃ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠣᠰ ᠲᠣᠰ ᠤᠨ ᠠᠵᠢᠯ ᠤᠨ ᠪᠣᠳᠠᠲᠤ ᠪᠠᠶᠢᠳᠠᠯ ᠪᠠ ᠬᠦᠷᠢᠶᠡᠨ ᠳᠠᠬᠢ ᠣᠨᠴᠠᠯᠢᠭ ᠲᠠᠢ ᠪᠠᠨ ᠤᠶᠠᠯᠳᠤᠭᠤᠯᠤᠨ ᠨᠠᠷᠢᠯᠢᠭ ᠣᠨᠣᠴᠠᠲᠠᠶ ᠪᠠᠷ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠬᠠᠭᠤᠯᠤᠨ ᠲᠠᠶᠢᠯᠪᠤᠷᠢᠯᠠᠬᠤ ᠵᠢᠭᠰᠠᠭᠠᠯ ᠢ ᠪᠠᠶᠢᠭᠤᠯᠪᠠ᠃ ᠴᠡᠭᠡᠯ ᠠᠭᠤᠯᠠ ᠪᠠᠯᠭᠠᠰᠤ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠪᠠᠶᠠᠯᠢᠭᠵᠢᠭᠤᠯᠵᠤ᠂ ᠬᠠᠷᠢᠯᠴᠠᠨ ᠬᠥᠳᠡᠯᠦᠯᠴᠡᠬᠦ ᠬᠡᠯᠪᠡᠷᠢ ᠪᠠᠷ ᠤᠬᠠᠭᠤᠯᠤᠨ ᠲᠠᠶᠢᠯᠪᠤᠷᠢᠯᠠᠬᠤ᠂ ᠠᠰᠠᠭᠤᠯᠲᠠ ᠬᠠᠷᠢᠭᠤᠯᠲᠠ ᠪᠣᠯᠤᠨ ᠳᠤᠭᠤᠶᠢᠯᠠᠩ ᠶᠠᠷᠢᠯᠴᠠᠬᠤ ᠵᠡᠷᠭᠡ ᠬᠡᠯᠪᠡᠷᠢ ᠶᠢ ᠠᠪᠴᠤ᠂ ᠤᠬᠠᠭᠤᠯᠤᠨ ᠲᠠᠶᠢᠯᠪᠤᠷᠢᠯᠠᠬᠤ ᠦᠢᠯᠡᠳᠦᠯᠴᠡᠬᠦ ᠴᠢᠨᠠᠷ ᠪᠣᠯᠤᠨ ᠣᠷᠣᠯᠴᠠᠬᠤ ᠬᠡᠮᠵᠢᠶ᠎ᠡ ᠶᠢ ᠴᠢᠩᠭᠠᠳᠬᠠᠵᠤ᠂ ᠰᠣᠨᠣᠰᠤᠭᠴᠢᠳ ᠢ ᠰᠡᠳᠬᠢᠨ ᠪᠣᠳᠣᠯᠬᠢᠯᠠᠬᠤ ᠳᠤᠮᠳᠠ ᠭᠦᠨᠵᠡᠭᠡᠢ ᠣᠶᠢᠯᠠᠭᠠᠭᠤᠯᠪᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠥᠷᠲᠡᠭᠡ ᠳᠤ ᠲᠦᠰᠢᠭᠯᠡᠨ᠂ ︽ᠲᠣᠯᠢ ᠥᠭᠦᠯᠡᠪᠦᠷᠢ︾᠎ ᠶᠢᠨ ᠤᠷᠠᠨ ᠪᠢᠴᠢᠯᠭᠡ ᠶᠢᠨ ᠠᠵᠢᠯᠯᠠᠭ᠎ᠠ ᠥᠷᠨᠢᠭᠦᠯᠵᠦ᠂ ︽ᠲᠣᠰᠬᠤᠨ ᠪᠣᠯᠭᠠᠨ ᠳᠤ ᠳᠠᠭᠤᠷᠢᠰᠬᠤ︾᠎ ᠪᠠᠷ ᠳᠠᠮᠵᠢᠭᠤᠯᠤᠨ ᠨᠠᠮ ᠪᠠ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠵᠦ᠂ ᠤᠬᠠᠭᠤᠯᠤᠨ ᠲᠠᠶᠢᠯᠪᠤᠷᠢᠯᠠᠬᠤ ᠶᠢ ᠲᠣᠰᠬᠤᠨ ︵ᠰᠠᠭᠤᠭᠠᠯᠢ ᠠᠷᠠᠳ︶᠎ ᠤ ᠠᠷᠠᠳ ᠤᠨ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠬᠠᠷᠢᠶ᠎ᠠ ᠣᠷᠣᠨ ᠳᠤ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠨ᠎ᠠ᠃ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠲᠤᠰᠬᠠᠢ ᠰᠡᠳᠦᠪᠲᠦ ᠲᠤᠰᠬᠠᠢ ᠪᠤᠯᠤᠩ ᠪᠣᠯᠣᠨ ︽ᠨᠠᠮ ᠤᠨ ᠲᠤᠬᠠᠢ ᠰᠡᠳᠬᠢᠯ ᠤᠨ ᠦᠭᠡ︾ ᠭᠡᠬᠦ ᠸᠢᠳᠢᠣ᠋ ᠲᠤᠰᠬᠠᠢ ᠪᠤᠯᠤᠩ ᠭᠠᠷᠭᠠᠵᠤ᠂ ᠤᠯᠠᠨ ᠲᠦᠮᠡᠨᠴᠢᠯᠡᠭᠰᠡᠨ᠂ ᠵᠦᠷᠢᠶᠡᠴᠢᠯᠡᠭᠰᠡᠨ᠂ ᠨᠠᠷᠢᠯᠢᠭ ᠣᠨᠣᠴᠠᠲᠠᠢ ᠤᠬᠠᠭᠤᠯᠭ᠎ᠠ ᠶᠢ ᠥᠷᠨᠢᠭᠦᠯᠪᠡ᠃ ᠤᠳᠤᠷᠢᠳᠬᠤ ᠺᠠᠳ᠋ᠷ ᠲᠦᠷᠦᠭᠦᠯᠡᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠡᠭ ᠲᠤ ᠭᠦᠨᠵᠡᠭᠡᠶᠢᠷᠡᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠵᠤ᠂ ᠠᠷᠠᠳ ᠲᠤ ᠠᠰᠢᠭ ᠬᠦᠷᠲᠡᠭᠡᠬᠦ ᠨᠠᠷᠢᠨ ᠲᠠᠩᠰᠠ ᠶᠢ ᠤᠬᠠᠭᠤᠯᠤᠨ ᠲᠠᠶᠢᠯᠪᠤᠷᠢᠯᠠᠵᠤ᠂  ᠤᠶᠢᠯᠡᠳᠤᠯᠭᠡ ᠶᠢᠨ ᠬᠥᠮᠦᠵᠢᠯ ᠤᠨ ᠬᠠᠷᠠᠯᠲᠠ ᠲᠣᠳᠣᠷᠬᠠᠶ᠂ ᠠᠴᠢᠶᠠᠯᠠᠪᠤᠷᠢ ᠡᠯᠪᠡᠭ ᠪᠠᠶᠠᠯᠢᠭ᠂ ᠦᠷ᠎ᠡ ᠪᠦᠲᠦᠮᠵᠢ ᠢᠯᠡᠷᠬᠡᠶ ᠪᠠᠶᠢᠬᠤ ᠶᠢ ᠦᠨᠡᠨᠬᠦ ᠪᠠᠲᠤᠯᠠᠪᠠ᠃ ᠬᠠᠶᠢᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯ ᠢ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠲᠡᠳᠬᠦᠵᠦ ᠲᠣᠬᠤᠨᠢᠭᠤᠯᠬᠤ᠂ ᠤᠯᠠᠮᠵᠢᠯᠠᠯᠲᠤ ᠰᠣᠶᠣᠯ ᠤᠨ ᠠᠵᠢᠯᠯᠠᠭ᠎ᠠ ᠵᠡᠷᠭᠡ ᠠᠵᠢᠯ ᠲᠠᠢ ᠤᠶᠠᠯᠳᠤᠭᠤᠯᠤᠨ᠎ᠠ᠃
3.jpg    
    ᠣᠯᠠᠨ ᠲᠦᠮᠡᠨ ᠤ ᠳᠤᠮᠳᠠ ᠬᠦᠷᠴᠦ ᠤᠬᠠᠭᠤᠯᠤᠨ᠂ ᠣᠯᠠᠨ ᠲᠦᠮᠡᠨ ᠤ ᠦᠵᠡᠯ ᠰᠠᠨᠠᠭ᠎ᠠ ᠶᠢ ᠤᠬᠠᠭᠤᠯᠤᠨ ᠬᠥᠮᠦᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠦᠨᠳᠦᠰᠦᠨ ᠱᠠᠲᠤᠨ ᠤ ᠤᠯᠠᠨ ᠲᠦᠮᠡᠨ ᠤ ᠪᠣᠳᠠᠲᠠᠢ ᠬᠡᠷᠡᠭᠴᠡᠭᠡ ᠪᠠᠷ ᠵᠣᠭᠰᠣᠴᠠ ᠪᠣᠯᠭᠠᠵᠤ᠂ ᠤᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠶᠠᠪᠤᠳᠠᠯ ᠢ ᠢᠯᠡᠭᠦᠬᠡᠨ ᠶᠠᠷᠢᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠪᠣᠳᠠᠲᠠᠢ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠳᠤ ᠬᠤᠪᠢᠷᠠᠯᠲᠠ ᠶᠢ ᠦᠵᠡᠭᠦᠯᠵᠦ᠂ ᠪᠣᠳᠠᠲᠤ ᠠᠰᠢᠭ ᠬᠦᠷᠲᠡᠭᠡᠵᠦ᠂ ᠦᠷ᠎ᠡ ᠪᠦᠲᠦᠭᠡᠯ ᠢ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ᠃ ᠬᠠᠶᠢᠷᠤᠪ ᠤᠨ ᠲᠤᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠯ᠎ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠡᠷᠦᠭᠡ ᠳᠤ ᠬᠦᠷᠴᠦ ᠰᠤᠷᠪᠤᠯᠵᠢᠯᠠᠵᠤ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠴᠤᠭᠯᠠᠭ᠎ᠠ ᠮᠠᠶᠢᠮᠠᠢ ᠶᠢᠨ ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠲᠦᠮᠡᠨ ᠳᠤ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠪᠣᠯᠤᠨ ᠬᠠᠮᠢᠶ᠎ᠠ ᠪᠦᠬᠦᠢ ᠰᠠᠭᠤᠷᠢ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠵᠤ᠂ ᠰᠡᠳᠬᠢᠯ ᠤᠨ ᠦᠢᠯᠡᠴᠢᠯᠡᠭᠡ ᠶᠢ ᠤᠯᠠᠨ ᠲᠦᠮᠡᠨ ᠤ ᠳᠡᠷᠭᠡᠳᠡ ᠬᠦᠷᠭᠡᠵᠦ᠂ ᠠᠯᠪᠠᠨ ᠵᠢᠷᠤᠮ ᠤᠨ ᠡᠮᠴᠢᠯᠡᠭᠡ ᠵᠢᠴᠢ ᠤᠬᠠᠭᠤᠯᠤᠨ ᠲᠠᠶᠢᠯᠪᠤᠷᠢᠯᠠᠯᠲᠠ ᠶᠢ ᠨᠡᠶᠢᠳᠡ 36 ᠤᠳᠠᠭ᠎ᠠ ᠥᠷᠨᠢᠭᠦᠯᠵᠦ᠂ ᠡᠷᠡᠭᠦᠯ ᠮᠡᠨᠳᠦ ᠶᠢᠨ ᠤᠬᠠᠭᠤᠯᠭ᠎ᠠ ᠶᠢᠨ ᠮᠠᠲ᠋ᠧᠷᠢᠶᠠᠯ ᠢ 8000 ᠭᠠᠷᠤᠢ ᠬᠤᠪᠢ ᠲᠠᠷᠬᠠᠭᠠᠵᠤ᠂ ᠤᠯᠠᠨ ᠲᠦᠮᠡᠨ ᠳᠤ 6000 ᠭᠠᠷᠤᠢ ᠬᠥᠮᠦᠨ ᠤᠳᠠᠭ᠎ᠠ ᠦᠢᠯᠡᠴᠢᠯᠡᠵᠦ᠂ ᠤᠯᠠᠨ ᠲᠦᠮᠡᠨ ᠳᠤ ᠨᠠᠮ ᠪᠣᠯᠤᠨ ᠤᠯᠤᠰ ᠤᠨ ᠬᠠᠶᠢᠷ᠎ᠠ ᠬᠠᠯᠠᠮᠵᠢ ᠶᠢ ᠦᠨᠡᠨᠬᠦ ᠮᠡᠳᠡᠷᠡᠭᠦᠯᠵᠦ᠂ ᠤᠯᠠᠨ ᠲᠦᠮᠡᠨ ᠳᠤ ᠯᠠᠪᠳᠠᠭᠤᠨ ᠪᠠᠲᠤᠲᠠᠢ ᠰᠠᠶᠢᠨ ᠶᠠᠪᠤᠳᠠᠯ᠂ ᠪᠣᠳᠠᠲᠠᠢ ᠶᠠᠪᠤᠳᠠᠯ ᠬᠢᠵᠦ ᠥᠭᠪᠡ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠰᠠᠶᠢᠲᠤᠷ ᠥᠷᠨᠢᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ 28 ᠨᠡᠷᠡᠰ ᠲᠣᠭᠤᠷᠢᠭ ᠤᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠪᠦᠷᠢᠯᠳᠦᠭᠰᠡᠨ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠲᠠᠶᠢᠯᠪᠤᠷᠢᠯᠠᠯᠲᠠ ᠶᠢ ᠬᠢᠵᠦ᠂ ᠬᠡᠰᠡᠭ ᠬᠤᠪᠢᠶᠠᠨ ᠲᠠᠶᠢᠯᠪᠤᠷᠢᠯᠠᠬᠤ᠂ ᠦᠨᠡᠨ ᠪᠣᠳᠠᠲᠠᠢ ᠬᠡᠷᠡᠭ ᠤᠨ ᠵᠢᠱᠢᠶ᠎ᠡ ᠶᠢ ᠬᠤᠪᠢᠶᠠᠨ ᠡᠳ᠋ᠯᠡᠬᠦ ᠵᠡᠷᠭᠡ ᠠᠷᠭ᠎ᠠ ᠬᠡᠯᠪᠡᠷᠢ ᠶᠢ ᠠᠰᠢᠭᠯᠠᠵᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠲᠥᠯᠥᠭᠡᠯᠡᠭᠴᠢᠳ ᠤᠨ ᠭᠡᠷ ᠲᠤ ᠭᠦᠨᠵᠡᠭᠡᠶᠢᠷᠡᠨ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 20 ᠭᠠᠷᠤᠢ ᠲᠠᠯᠠᠪᠠᠢ ᠥᠷᠨᠢᠭᠦᠯᠪᠡ᠃ ᠡᠷᠦᠬᠡ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠵᠡᠷᠭᠡ ᠠᠵᠢᠯ ᠤᠨ ᠵᠠᠪᠰᠠᠷ ᠲᠠᠬᠢ ︽ᠬᠡᠰᠡᠭᠴᠢᠯᠡᠬᠦ︾ ᠴᠠᠭ ᠢ ᠠᠮᠢᠳᠤᠯᠢᠭ ᠢᠶᠠᠷ ᠬᠡᠷᠡᠭᠯᠡᠵᠦ᠂ ᠴᠠᠭ ᠢᠮᠠᠭᠲᠠ ︽ᠵᠣᠭᠤᠭᠳᠠᠬᠤ︾᠂ ︽ᠦᠯᠢᠭᠡᠷ ᠶᠠᠷᠢᠬᠤ︾ ᠵᠡᠷᠭᠡ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠵᠦ᠂ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢ ᠨᠡᠩ ᠥᠷᠭᠡᠨ ᠳᠡᠯᠭᠡᠷ᠂ ᠨᠡᠩ ᠭᠦᠨᠵᠡᠭᠡᠢ ᠲᠠᠷᠬᠠᠭᠠᠬᠤ ᠶᠢ ᠪᠦᠲᠦᠮᠵᠢᠲᠡᠢ ᠠᠬᠢᠭᠤᠯᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号