ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠸᠠᠩ ᠵᠢᠤᠸᠠᠨ ᠪᠦᠯᠬᠦᠮ ᠳᠠᠭᠠᠭᠤᠯᠤᠨ ᠰᠢᠨ᠎ᠡ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/15
    3 ᠰᠠᠷ᠎ᠠ ᠶᠢᠨ 11᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠲᠣᠭᠤᠷᠢᠭ ᠤᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠵᠢᠤᠸᠠᠨ ᠪᠦᠯᠬᠦᠮ ᠳᠠᠭᠠᠭᠤᠯᠵᠤ᠂ ᠦᠬᠠᠢ ᠬᠤᠳᠠ ᠶᠢᠨ ᠠᠷᠪᠠᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠪᠴᠢᠶ᠎ᠠ᠂ ᠬᠤᠳᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
3.15.jpg   
    ᠸᠠᠩ ᠵᠢᠤᠸᠠᠨ ᠱᠦᠵᠢ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥᠯ ᠵᠦᠢᠯ ᠤᠨ ᠠᠬᠢᠴᠠ ᠵᠡᠷᠭᠡ ᠠᠵᠢᠯ ᠢ ᠨᠠᠷᠢᠨ ᠣᠶᠢᠯᠠᠭᠠᠵᠤ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠨ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠵᠤ᠂ ᠲᠥᠷᠥᠯ ᠵᠦᠢᠯ ᠢ ᠴᠠᠭ ᠲᠤᠬᠠᠶ ᠳᠤᠨᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠨ᠂ ᠰᠠᠨᠠᠭ᠎ᠠ ᠠᠮᠤᠷ ᠢᠨᠵᠧᠨᠧᠷᠢᠩ᠂ ᠰᠣᠳᠣᠨ ᠢᠨᠵᠧᠨᠧᠷᠢᠩ ᠪᠣᠯᠭᠠᠨ ᠪᠥᠲᠥᠭᠡᠨ ᠪᠠᠶᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠲᠡᠷᠡ᠂ ᠠᠷᠪᠠᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠥᠷᠥᠯ ᠵᠦᠢᠯ ᠢ ᠪᠠᠶᠢᠭᠤᠯᠤᠭᠰᠠᠨ ᠨᠢ ᠮᠠᠨ ᠤ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠢᠨ ᠾᠧ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠪᠠᠷᠢᠯᠭ᠎ᠠ ᠪᠠᠷᠢᠬᠤ ᠨᠢᠭᠡᠴᠡ ᠵᠠᠪᠠᠯ ᠲᠣᠭᠲᠠᠭᠰᠠᠨ ᠬᠠᠷᠠᠯᠲᠠ ᠡᠭᠦᠷᠭᠡ ᠶᠣᠰᠣᠭᠠᠷ ᠠᠵᠢᠯ ᠤᠨ ᠶᠠᠪᠤᠴᠠ ᠪᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠤᠷ᠎ᠠ ᠴᠠᠭ ᠲᠤᠬᠠᠶ ᠳᠤᠨᠢ ᠠᠵᠢᠯ ᠲᠤᠰᠢᠶᠠᠬᠤ ᠬᠡᠷᠡᠭᠲᠡᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠪᠠᠷᠢᠯᠭ᠎ᠠ ᠶᠢᠨ ᠶᠠᠰᠤ ᠴᠢᠨᠠᠷ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠠᠷᠢᠭᠤᠴᠠᠯᠭ᠎ᠠ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠷᠠᠭᠤᠯᠤᠨ᠂ ᠲᠥᠷᠥᠯ ᠵᠦᠢᠯ ᠢ ᠡᠷᠲᠡᠬᠡᠨ ᠪᠠᠶᠢᠭᠤᠯᠤᠨ ᠪᠦᠲᠦᠭᠡᠬᠦ ᠳᠤ ᠴᠢᠬᠤᠯᠠ ᠪᠦᠬᠦᠢ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠨᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠪᠣᠯᠤᠭᠰᠠᠨ ᠤ ᠬᠤᠪᠢ ᠳᠤ᠂ ᠲᠤᠰᠬᠠᠶ ᠬᠥᠮᠦᠨ ᠳᠣᠭᠢᠷᠠᠭᠤᠯᠤᠨ ᠲᠥᠷᠥᠯ ᠵᠦᠢᠯ ᠢ ᠣᠷᠣᠭᠤᠯᠵᠤ᠂ ᠲᠥᠷᠥᠯ ᠵᠦᠢᠯ ᠤᠨ ᠠᠬᠢᠴᠠ ᠶᠢ ᠴᠢᠩᠭ᠎ᠠ ᠠᠩᠬᠠᠷᠴᠤ᠂ ᠪᠠᠷᠢᠯᠭ᠎ᠠ ᠶᠢᠨ ᠨᠢᠭᠡᠴᠡ ᠶᠢ ᠰᠢᠮᠳᠠᠭᠤᠯᠵᠤ ᠪᠠᠶᠢᠭᠠᠳ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠬᠤ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠴᠢᠩᠭ᠎ᠠ ᠵᠢᠷᠤᠮᠯᠠᠬᠤ ᠬᠡᠷᠡᠭᠲᠡᠶ ᠭᠡᠵᠠᠢ᠃    ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ ᠬᠡᠦᠬᠡᠳ ᠤᠳ ᠲᠤ ᠨᠡᠩ ᠡᠷᠬᠡ ᠲᠡᠭᠰᠢ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠡᠭᠦᠳᠴᠦ ᠥᠭᠭᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号