282 ᠲᠥᠷᠥᠯ︕ ᠬᠠᠶᠢᠷᠤᠪ ᠤᠨ ᠲᠤᠬᠤᠢ ᠶᠢᠨ ︽ᠨᠢᠭᠡ ᠯᠡ ᠤᠳᠠᠭ᠎ᠠ ᠳᠤ ᠬᠦᠢᠴᠡᠳᠭᠡᠬᠦ︾
ᠨᠡᠶᠢᠲᠡᠯᠡᠭᠰᠡᠨ ᠴᠠᠭ᠄
2024/3/15
    ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠯᠠᠨ ᠲᠦᠮᠡᠨ ᠤ ᠬᠠᠷᠠᠭᠠᠰᠤ᠂ ᠠᠵᠤ ᠠᠬᠤᠶᠢᠯᠠᠯ ᠤᠨ ᠲᠦᠷᠦᠭᠳᠡᠯ ᠳᠤ ᠰᠠᠭᠤᠷᠢᠯᠠᠵᠤ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠣᠳᠣᠬᠠᠨ ᠳᠤ ᠨᠢᠭᠡᠨᠲᠡ 36 ᠰᠠᠯᠠᠭ᠎ᠠ ᠮᠥᠴᠢᠷ  ᠣᠷᠣᠵᠤ ᠰᠠᠭᠤᠵᠤ᠂ 50 ᠦᠢᠯᠡᠴᠢᠯᠡᠭᠡᠨ ᠤ ᠴᠣᠩᠬᠤ ᠭᠠᠷᠭᠠᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ 1300 ᠭᠠᠷᠤᠢ ᠵᠦᠢᠯ ᠃ 7 ᠴᠣᠩᠬᠤᠪᠴᠢ ᠪᠠᠷ᠂ ︽ᠵᠢᠷᠭᠤᠭᠠᠨ ᠨᠢᠭᠡ︾ ᠶᠢᠨ ᠦᠢᠯᠡᠴᠢᠯᠡᠭᠡ ︵ᠲᠤᠬᠠᠶᠢᠯᠠᠪᠠᠯ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠬᠦᠰᠦᠨᠦᠭᠲᠦ ᠪᠠᠷ ᠮᠡᠳᠡᠭᠦᠯᠬᠦ᠂ ᠨᠢᠭᠡ ᠢᠵᠢ ᠮᠠᠲ᠋ᠧᠷᠢᠶᠠᠯ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠤᠳᠠᠭ᠎ᠠ ᠳᠤ ᠳᠠᠭᠤᠰᠬᠠᠬᠤ᠂ ᠨᠢᠭᠡ ᠤᠳᠠᠭ᠎ᠠ ᠳᠤ ᠬᠦᠷᠭᠡᠬᠦ︾ ᠭᠤᠣᠯ ᠰᠡᠳᠦᠪᠲᠦ ᠦᠢᠯᠡᠴᠢᠯᠡᠭᠡᠨ ᠤ ᠨᠠᠷᠢᠨ ᠲᠠᠩᠰᠠ ᠶᠢ ᠬᠡᠷᠡᠭᠵᠢᠭᠦᠯᠵᠦ᠂ 282 ᠵᠦᠢᠯ ᠤᠨ ︽ᠨᠢᠭᠡ ᠯᠡ ᠤᠳᠠᠭ᠎ᠠ ᠳᠤ ᠭᠦᠢᠴᠡᠳᠬᠡᠬᠦ︾ ᠭᠤᠣᠯ ᠰᠡᠳᠦᠪᠲᠦ ᠦᠢᠯᠡᠴᠢᠯᠡᠭᠡᠨ ᠤ ᠨᠠᠷᠢᠨ ᠲᠠᠩᠰᠠ ᠶᠢ ᠭᠠᠷᠭᠠᠵᠤ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠠᠬᠢᠭᠤᠯᠵᠤ᠂ ᠤᠯᠠᠨ ᠲᠦᠮᠡᠨ᠂ ᠠᠵᠤ ᠠᠬᠤᠶᠢᠯᠠᠯ ᠤᠨ ︽ᠨᠢᠭᠡ ᠯᠡ ᠡᠭᠦᠳᠡ ᠪᠠᠷ ᠣᠷᠣᠵᠤ᠂ ᠪᠤᠢ ᠪᠦᠬᠦᠢ ᠶᠠᠪᠤᠳᠠᠯ ᠢ ᠰᠠᠶᠢᠲᠤᠷ ᠬᠢᠬᠦ︾  ᠶᠢ ᠪᠡᠶᠡᠯᠡᠭᠦᠯᠦᠨ᠎ᠡ᠃
 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号