3 ᠰᠠᠷ᠎ᠠ ᠶᠢᠨ 15 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ | ᠶᠢᠰᠦᠳᠦᠭᠡᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ᠃ | ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠭᠤᠤ ᠳ᠋ᠧᠩ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ᠂ | 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ | ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ | ᠠᠩᠬᠢ ᠶᠢᠨ ᠰᠤᠷᠤᠯᠭ᠎ᠠ ᠡᠬᠢᠯᠡᠬᠦ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ᠂ ᠪᠦᠬᠦ ᠤᠯᠤᠰ ᠤᠨ ︽ᠬᠤᠶᠠᠷ | ᠬᠤᠷᠠᠯ︾ ᠤᠨ ᠵᠣᠷᠢᠭ ᠰᠠᠨᠠᠭ᠎ᠠ᠂ ︽ᠦᠨᠡᠨ︾ ᠰᠡᠳᠬᠦᠯ ᠤᠨ 2024 ᠣᠨ ᠤ 5 ᠳ᠋ᠤᠭᠠᠷ ᠬᠤᠭᠤᠴᠠᠭᠠᠨ ᠳᠤ | ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠠᠵᠢᠯ ᠤᠨ ᠪᠦᠬᠦ ᠲᠠᠯ᠎ᠠ ᠶᠢᠨ ᠬᠥᠭᠵᠢᠯᠲᠡ ᠶᠢ ᠴᠢᠩᠭᠠᠳᠬᠠᠨ ᠰᠠᠶᠢᠵᠢᠷᠠᠭᠤᠯᠬᠤ ᠲᠤᠬᠠᠢ ᠵᠥᠪᠯᠡᠬᠦ | ᠠᠷᠠᠳᠴᠢᠯᠠᠯ︾᠂ ᠲᠠᠩ ᠢ ᠨᠥᠬᠦᠷ ᠤᠨ ᠪᠦᠬᠦ ᠬᠤᠳᠠ ᠶᠢᠨ ᠰᠢᠶᠠᠨ ᠭᠠᠵᠠᠷ ᠤᠨ ᠲᠡᠰ ᠤᠨ ᠭᠤᠣᠯ ᠤᠳᠤᠷᠢᠳᠬᠤ | ᠺᠠᠳ᠋ᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ | ᠵᠢᠴᠢ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ | ᠶᠢᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ | ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠰᠢᠨ᠎ᠡ ᠴᠠᠭ ᠦᠶ᠎ᠡ ᠶᠢᠨ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠦᠢᠯᠡᠳᠦᠯ ᠢ ᠭᠦᠢᠴᠡᠳ ᠪᠠᠳᠠᠷᠠᠭᠤᠯᠬᠤ ᠲᠤᠬᠠᠢ ᠬᠡᠷᠡᠭᠵᠢᠭᠦᠯᠬᠦ ᠰᠠᠨᠠᠯ︾ | ︵ᠲᠥᠰᠦᠯ︶᠂ ︽ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠳᠠ ᠶᠢᠨ ᠬᠠᠶᠢᠷᠤᠪ ᠤᠨ ᠲᠤᠬᠤᠢ | ᠲᠣᠭᠤᠷᠢᠭ ᠤᠨ ᠬᠤᠷᠢᠶ᠎ᠠ ᠶᠢᠨ 2024 ᠣᠨ ᠤ ᠠᠵᠢᠯ ᠤᠨ ᠭᠤᠣᠯᠳᠠᠯᠭ᠎ᠠ︾ ︵ᠲᠥᠰᠦᠯ︶ ᠵᠢᠴᠢ ᠬᠤᠯᠪᠣᠭᠳᠠᠯ | ᠪᠦᠬᠦᠢ ᠠᠵᠢᠯᠳᠠᠨ ᠤ ᠶᠠᠪᠤᠳᠠᠯ ᠤᠨ ᠵᠦᠢᠯᠡᠰ ᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ᠂ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ | ᠲᠤᠤᠱᠯᠠᠭᠤᠯᠬᠤ ᠶᠢ ᠣᠳᠣᠬᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠵᠣᠷᠢᠭ ᠰᠠᠨᠠᠭᠠᠨ ᠤ | ᠮᠥᠨ ᠴᠢᠨᠠᠷ ᠢ ᠭᠦᠨᠵᠡᠭᠡᠢ ᠣᠶᠢᠯᠠᠭᠠᠵᠤ᠂ ᠭᠤᠣᠯ ᠠᠭᠤᠯᠭ᠎ᠠ ᠶᠢ ᠡᠵᠡᠮᠳᠡᠵᠦ᠂ ᠲᠤᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠤ ᠪᠠᠶᠢᠭᠤᠯᠭ᠎ᠠ ᠶᠢᠨ ᠺᠠᠳ᠋ᠷ ᠪᠣᠯᠤᠨ ᠪᠠᠶᠢᠩᠭᠤ ᠶᠢᠨ ᠭᠡᠰᠢᠭᠦᠳ ᠲᠦᠷᠦᠭᠦᠯᠡᠨ ᠪᠦᠬᠦ ᠤᠯᠤᠰ ᠤᠨ ︽ | ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠠᠵᠢᠯ ᠢ ᠰᠠᠶᠢᠲᠤᠷ ᠬᠢᠵᠦ᠂ ᠪᠦᠬᠦ | ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠵᠣᠭᠰᠣᠴᠠ ᠪᠠᠨ ᠳᠡᠭᠡᠭᠰᠢᠯᠡᠭᠦᠯᠵᠦ᠂ ᠬᠠᠷᠠᠭ᠎ᠠ ᠪᠠᠨ ᠥᠷᠭᠡᠳᠬᠡᠵᠦ᠂ ᠠᠵᠤ ᠠᠬᠤᠢ ᠶᠢᠨ ᠬᠥᠭᠵᠢᠯᠲᠡ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠤᠯᠤᠰ ᠲᠦᠷᠦ ᠶᠢᠨ ᠵᠥᠪᠯᠡᠯᠭᠡᠨ ᠤ ᠵᠠᠰᠠᠭ ᠤᠨ ᠶᠠᠪᠤᠳᠠᠯ ᠳᠤ | ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠡᠭᠦᠷᠭᠡ ᠴᠢᠳᠠᠪᠬᠢ ᠶᠢᠨ ᠳᠠᠪᠠᠭᠤᠯᠢᠭ ᠢᠶᠠᠨ ᠪᠠᠳᠠᠷᠠᠭᠤᠯᠬᠤ ᠬᠡᠷᠡᠭᠲᠡᠢ︔ | ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠲᠠᠢ ᠨᠢᠭᠲᠠ ᠤᠶᠠᠯᠳᠤᠭᠤᠯᠵᠤ᠂ | ᠪᠠᠶᠢᠳᠠᠯ ᠡᠭᠦᠷᠭᠡ ᠶᠢ ᠣᠨᠣᠪᠴᠢᠲᠠᠢ ᠡᠵᠡᠮᠳᠡᠵᠦ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ | ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠭᠤᠣᠯ ᠬᠠᠷᠢᠭᠤᠴᠠᠯᠭ᠎ᠠ ᠭᠤᠣᠯ ᠠᠵᠢᠯ ᠲᠠᠢ ᠤᠶᠠᠯᠳᠤᠭᠤᠯᠵᠤ᠂ | ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠣᠨ ᠤ ᠠᠵᠢᠯ ᠤᠨ ᠭᠤᠣᠯᠳᠠᠯᠭ᠎ᠠ ᠪᠣᠯᠤᠨ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠤᠨ ᠱᠠᠭᠠᠷᠳᠠᠯᠭ᠎ᠠ ᠶᠣᠰᠣᠭᠠᠷ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢᠶᠠᠨ | ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ |