ᠬᠠᠶᠢᠷᠤᠪ ᠤᠨ ᠲᠤᠬᠤᠢ ᠲᠣᠭᠤᠷᠢᠭ ᠤᠨ 2024 ᠣᠨ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠵᠢᠴᠢ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/20
    3 ᠰᠠᠷ᠎ᠠ ᠶᠢᠨ 19᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ 2024 ᠣᠨ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠵᠢᠴᠢ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠤᠸᠠᠨ ᠬᠤᠷᠠᠯ ᠢ ᠡᠷᠬᠢᠯᠡᠪᠡ᠃    ᠬᠤᠷᠠᠯ ᠠᠴᠠ ᠬᠠᠶᠢᠷᠤᠪ ᠤᠨ ᠲᠤᠬᠤᠢ ᠲᠣᠭᠤᠷᠢᠭ ᠤᠨ ᠨᠢᠭᠡᠳᠦᠮᠡᠯ ᠹᠷᠣᠨᠲ ᠤᠨ ᠠᠵᠢᠯ ᠪᠣᠯᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠪᠠᠶᠢᠳᠠᠯ ᠢ ᠳ᠋ᠦᠩᠨᠡᠭᠰᠡᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠲᠤᠬᠠᠢ ᠲᠤᠷᠰᠢᠯᠭ᠎ᠠ ᠪᠠᠨ ᠬᠤᠪᠢᠶᠠᠯᠴᠠᠪᠠ᠃    ᠰᠦᠨ ᠬᠤᠤ᠂ ᠤᠯᠤᠰ ᠲᠦᠷᠦ ᠶᠢᠨ ᠵᠥᠪ ᠴᠢᠭᠯᠡᠯ ᠢ ᠪᠠᠲᠤ ᠡᠵᠡᠮᠳᠡᠵᠦ᠂ ᠣᠳᠣᠬᠠᠨ ᠤ ᠨᠢᠭᠡᠳᠦᠮᠡᠯ ᠹᠷᠣᠨᠲ ᠤᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠭᠦᠨᠵᠡᠭᠡᠢ ᠲᠠᠨᠢᠵᠤ᠂ ᠤᠯᠤᠰ ᠤᠨ ᠡᠷᠬᠡ ᠮᠡᠳᠡᠯ᠂ ᠠᠮᠤᠷ ᠲᠥᠪᠰᠢᠨ᠂ ᠬᠦᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠲᠠᠯ᠎ᠠ ᠪᠠᠷ ᠬᠢ ᠨᠢᠭᠡᠳᠦᠮᠡᠯ ᠹᠠᠷᠤᠨᠲ ᠤᠨ ᠦᠢᠯᠡᠳᠦᠯ ᠢ ᠪᠠᠳᠠᠷᠠᠭᠤᠯᠵᠤ᠂ ᠨᠠᠮ ᠤᠨ ᠠᠩᠬᠢ ᠶᠢᠨ ᠰᠠᠭᠤᠷᠢ ᠶᠢ ᠴᠢᠩᠭᠠᠳᠬᠠᠬᠤ᠂ ᠨᠠᠮ ᠤᠨ ᠤᠯᠠᠨ ᠲᠦᠮᠡᠨ ᠤ ᠰᠠᠭᠤᠷᠢᠨ ᠳᠡᠭᠡᠷᠡᠬᠢ ᠦᠢᠯᠡᠳᠦᠯ ᠢ ᠥᠷᠭᠡᠳᠬᠡᠵᠦ᠂ ᠨᠢᠭᠡᠳᠦᠮᠡᠯ ᠹᠷᠣᠨᠲ ᠢ ᠰᠠᠶᠢᠲᠤᠷ ᠬᠥᠭᠵᠢᠭᠦᠯᠵᠦ᠂ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠥᠷᠨᠢᠭᠦᠯᠬᠦ ᠬᠡᠷᠡᠭᠲᠡᠢ︔ ᠭᠤᠣᠯ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠪᠦᠬᠦ ᠬᠦᠴᠦᠨ ᠢᠶᠠᠷ ᠢᠶᠠᠨ ᠴᠢᠷᠮᠠᠶᠢᠨ ᠪᠠᠶᠢᠭᠤᠯᠬᠤ ᠬᠡᠷᠡᠭᠲᠡᠢ︔ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠦᠨ ᠲᠣᠭᠲᠠᠯ ᠬᠦᠴᠦᠨ ᠢ ᠪᠠᠲᠤᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠤᠨᠢᠨ ᠳᠡᠭᠡᠷ᠎ᠡ ᠨᠢ ᠬᠦᠴᠦᠯᠡᠵᠦ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠦᠷᠭᠦᠯᠵᠢᠯᠡᠨ ᠬᠦᠴᠦᠯᠡᠵᠦ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠡᠭᠦᠳᠦᠨ ᠪᠠᠶᠢᠭᠤᠯᠬᠤ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ︔ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠦᠷᠭᠦᠯᠵᠢᠯᠡᠨ ᠪᠠᠬᠢᠵᠢᠭᠦᠯᠦᠨ ᠲᠡᠭᠦᠯᠳᠡᠷᠵᠢᠭᠦᠯᠵᠦ᠂ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠨᠢᠭᠡᠳᠦᠮᠡᠯ ᠹᠷᠣᠨᠲ ᠤᠨ ᠠᠵᠢᠯ ᠤᠨ ᠴᠢᠳᠠᠪᠤᠷᠢ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠢᠭᠡᠳᠦᠮᠡᠯ ᠹᠷᠣᠨᠲ ᠤᠨ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠢ ᠭᠡᠵᠤ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号