3 ᠰᠠᠷ᠎ᠠ ᠶᠢᠨ 19 ᠤ ᠡᠳᠦᠷ᠂ ᠶᠢᠰᠦᠳᠦᠭᠡᠷ ᠬᠤᠭᠤᠴᠠᠭᠠᠨ ᠤ ᠬᠠᠶᠢᠷᠤᠪ ᠤᠨ ᠲᠤᠬᠤᠢ ᠲᠣᠭᠤᠷᠢᠭ ᠤᠨ | ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ | ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ᠂ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠳᠡᠳ᠋ ᠳᠠᠷᠤᠭ᠎ᠠ ᠴᠢᠶᠠᠨ ᠶᠦᠨ ᠭᠧ ᠨᠥᠬᠦᠷ ᠬᠤᠷᠠᠯ ᠳᠤ ᠣᠷᠣᠯᠴᠠᠭᠰᠠᠨ ᠪᠥᠭᠡᠳ | ᠲᠠᠶᠢᠴᠢᠯᠠᠯᠳᠠ ᠶᠢᠨ ᠶᠠᠷᠢᠶ᠎ᠠ ᠲᠠᠯᠪᠢᠬᠤ ᠶᠢᠨ ᠬᠠᠮᠲᠤ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ | ᠣᠯᠭᠤᠯᠲᠠ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃ ᠲᠣᠭᠤᠷᠢᠭ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ᠂ | ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠸᠠᠩ ᠯᠢ ᠰᠢᠶᠠ ᠨᠥᠬᠦᠷ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠦᠬᠠᠢ ᠬᠤᠳᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠬᠤᠯᠪᠣᠭᠳᠠᠯ | ᠪᠦᠬᠦᠢ ᠵᠣᠷᠢᠭ ᠰᠠᠨᠠᠭ᠎ᠠ ᠶᠢ ᠤᠯᠠᠮᠵᠢᠯᠠᠪᠠ᠃ | ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ | ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠲᠠᠢ ᠨᠡᠪᠲᠡᠷᠡᠭᠦᠯᠬᠦ | ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠵᠢᠴᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠷᠢᠯᠠᠭᠤᠯᠤᠯᠲᠠ ᠲᠣᠬᠢᠷᠠᠭᠤᠯᠤᠯᠲᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠪᠠ | ᠲᠤᠭᠤᠷᠢᠭ ᠤᠨ ᠨᠠᠮ ᠤᠨ ᠬᠤᠷᠢᠶᠠᠨ ᠤ ᠪᠣᠳᠠᠲᠠᠶ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ | ᠤᠯᠤᠰ ᠲᠦᠷᠦ ᠶᠢᠨ ᠬᠢᠨᠠᠯᠲᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠲᠣᠭᠤᠷᠢᠨ ᠪᠠᠶᠢᠴᠠᠭᠠᠵᠤ ᠬᠢᠨᠠᠯᠲᠠ | ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡᠳᠦᠭᠡᠷ ᠬᠠᠷᠢᠭᠤᠴᠠᠯᠭᠠᠲᠠᠨ︾ ᠪᠣᠯᠤᠨ | ᠵᠠᠩᠭᠢᠯᠠᠭ᠎ᠠ ᠶᠢᠨ ᠴᠥᠭᠡᠨ ᠲᠣᠭᠠᠲᠠᠨ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠳᠤ ᠬᠢᠨᠠᠯᠲᠠ | ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠬᠦ ᠶᠢ ᠲᠤᠪᠤᠶᠢᠯᠭᠠᠬᠤ ᠬᠡᠷᠡᠭᠲᠡᠢ᠃ ᠭᠤᠣᠯ ᠡᠭᠦᠷᠭᠡ ᠶᠢᠨ ᠲᠣᠭᠤᠷᠢᠨ ᠳᠤ᠂ | ᠤᠨᠢᠨ ᠳᠡᠭᠡᠷ᠎ᠡ ᠨᠢ ᠵᠠᠩᠭᠢᠯᠠᠭ᠎ᠠ ᠶᠢ ᠲᠤᠪᠤᠶᠢᠯᠭᠠᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ | ᠪᠠᠷᠢᠮᠲᠠᠯᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠭᠦᠨᠵᠡᠭᠡᠶᠢᠷᠡᠭᠦᠯᠵᠦ᠂ ᠲᠣᠭᠤᠷᠢᠨ | ᠪᠠᠶᠢᠴᠠᠭᠠᠬᠤ ᠪᠠᠷ ᠥᠭᠡᠷᠡᠴᠢᠯᠡᠯᠲᠡ ᠶᠢ ᠠᠬᠢᠭᠤᠯᠬᠤ᠂ ᠲᠣᠭᠤᠷᠢᠨ ᠪᠠᠶᠢᠴᠠᠭᠠᠬᠤ ᠪᠠᠷ ᠪᠦᠳᠦᠭᠡᠨ ᠪᠠᠶᠢᠭᠤᠯᠤᠯᠲᠠ ᠶᠢ | ᠠᠬᠢᠭᠤᠯᠬᠤ᠂ ᠲᠣᠭᠤᠷᠢᠨ ᠪᠠᠶᠢᠴᠠᠭᠠᠬᠤ ᠪᠠᠷ ᠵᠠᠰᠠᠯᠲᠠ ᠶᠢ ᠠᠬᠢᠭᠤᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ | ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠠᠷᠭ᠎ᠠ ᠶᠢᠨ ᠰᠢᠨ᠎ᠡ ᠶᠢ ᠡᠭᠦᠳᠴᠦ ᠲᠣᠭᠤᠷᠢᠨ ᠪᠠᠶᠢᠴᠠᠭᠠᠬᠤ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ︽ᠡᠷᠬᠡ ᠣᠯᠭᠤᠭᠰᠠᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠢ ᠲᠣᠭᠤᠷᠢᠨ | ᠪᠠᠶᠢᠴᠠᠭᠠᠬᠤ︾ ᠤᠨ ᠲᠤᠷᠰᠢᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠵᠡᠭᠡᠯᠢ ᠭᠤᠳᠤᠮᠵᠢ ᠨᠡᠶᠢᠭᠡᠮ | ᠲᠣᠭᠤᠷᠢᠭ ᠢ ᠲᠣᠭᠤᠷᠢᠨ ᠪᠠᠶᠢᠴᠠᠭᠠᠬᠤ ᠰᠢᠨ᠎ᠡ ᠪᠠᠶᠢᠳᠠᠯ᠂ ᠰᠢᠨ᠎ᠡ ᠣᠨᠴᠠᠯᠢᠭ᠂ ᠰᠢᠨ᠎ᠡ ᠱᠠᠭᠠᠷᠳᠠᠯᠭ᠎ᠠ ᠳᠤ | ᠴᠢᠭᠯᠡᠭᠦᠯᠦᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠲᠤᠪᠤᠶᠢᠯᠭᠠᠬᠤ ᠬᠡᠷᠡᠭᠲᠡᠢ᠃ ᠡᠭᠦᠷᠭᠡ ᠴᠢᠳᠠᠪᠬᠢ ᠶᠢᠨ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ | ᠬᠢᠨᠠᠯᠲᠠ ᠲᠠᠯᠪᠢᠬᠤ ᠭᠤᠣᠯᠳᠠᠯᠭ᠎ᠠ ᠵᠢᠴᠢ ᠬᠠᠷᠠᠭᠠᠯᠵᠠᠭᠰᠠᠨ ᠲᠣᠭᠤᠷᠢᠨ ᠪᠠᠶᠢᠴᠠᠭᠠᠬᠤ ᠠᠷᠭ᠎ᠠ ᠬᠡᠯᠪᠡᠷᠢ ᠶᠢ | ᠲᠣᠳᠣᠷᠬᠠᠶᠢᠯᠠᠵᠤ᠂ ︽ᠡᠷᠬᠡ ᠣᠯᠭᠤᠬᠤ ᠲᠣᠭᠤᠷᠢᠨ ᠪᠠᠶᠢᠴᠠᠭᠠᠬᠤ︾ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ | ᠬᠦᠴᠢᠷᠳᠡᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠦᠢᠯᠡᠳᠦᠯᠭᠡ ᠶᠢᠨ ᠳᠤᠮᠳᠠ ᠪᠦᠲᠦᠮᠵᠢᠲᠡᠢ ᠠᠷᠭ᠎ᠠ | ᠬᠢᠳᠡᠯ ᠢᠶᠠᠨ ᠳ᠋ᠦᠩᠨᠡᠵᠦ᠂ ︽ᠬᠠᠶᠢᠷᠤᠪ ᠤᠨ ᠲᠤᠬᠤᠢ︾ ᠶᠢᠨ ᠲᠤᠷᠰᠢᠯᠭ᠎ᠠ ᠶᠢ ᠳᠡᠯᠭᠡᠷᠡᠭᠦᠯᠬᠦ ᠬᠡᠷᠡᠭᠲᠡᠢ ᠭᠡᠵᠤ | ᠱᠠᠭᠠᠷᠳᠠᠪᠠ᠃ | ᠬᠤᠷᠠᠯ ᠠᠴᠠ᠂ ᠰᠢᠯᠭᠠᠷᠠᠭᠰᠠᠨ ᠴᠠᠭᠳᠠᠨ ᠪᠠᠶᠢᠴᠠᠭᠠᠬᠤ ᠡᠩᠨᠡᠭᠡ ᠶᠢ ᠬᠦᠴᠦᠯᠡᠨ ᠪᠠᠶᠢᠭᠤᠯᠵᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠣᠯᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ | ᠴᠢᠩᠭᠠᠳᠬᠠᠵᠤ᠂ ᠲᠡᠮᠡᠴᠡᠯ ᠤᠨ ᠴᠢᠳᠠᠪᠤᠷᠢ ᠪᠠᠨ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ | ᠰᠠᠬᠢᠯᠭ᠎ᠠ ᠪᠠᠲᠤ ᠶᠣᠰᠣ ᠲᠦᠷᠢᠮ ᠢ ᠴᠢᠩᠳᠠᠯᠠᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ | ᠳᠣᠲᠣᠭᠠᠳᠤ ᠶᠢᠨ ᠬᠢᠨᠠᠯᠲᠠ ᠪᠠ ᠬᠢᠵᠠᠭᠠᠷᠯᠠᠯ ᠢ ᠲᠠᠰᠤᠷᠠᠯᠲᠠ ᠦᠭᠡᠢ ᠴᠢᠩᠭᠠᠳᠬᠠᠵᠤ᠂ ᠴᠠᠭᠳᠠᠨ ᠪᠠᠶᠢᠴᠠᠭᠠᠬᠤ | ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠵᠦ᠂ ᠢᠮᠠᠭᠲᠠ | ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠰᠠᠶᠢᠨ ᠰᠠᠶᠢᠬᠠᠨ ᠲᠦᠷᠢ ᠲᠥᠷᠬᠦ ᠶᠢ | ᠪᠠᠲᠤᠯᠠᠵᠤ᠂ ᠴᠠᠭᠳᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠤ ᠵᠢᠭᠠᠪᠠ᠃ | ᠶᠢᠰᠦᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ | ᠶᠣᠰᠣᠭᠠᠷ᠂ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ 3 ᠴᠠᠭᠳᠠᠨ ᠪᠠᠶᠢᠴᠠᠭᠠᠬᠤ ᠳᠤᠭᠤᠶᠢᠯᠠᠩ | ᠲᠣᠬᠢᠷᠠᠭᠤᠯᠵᠤ᠂ ᠬᠠᠶᠢᠪᠸᠢ ᠵᠡᠭᠡᠯᠢ ᠭᠤᠳᠤᠮᠵᠢ ᠵᠢᠴᠢ ᠬᠠᠷᠢᠶ᠎ᠠ 5 ᠨᠡᠶᠢᠭᠡᠮ ᠲᠣᠭᠤᠷᠢᠭ᠂ ᠲᠣᠭᠤᠷᠢᠭ ᠤᠨ ᠵᠠᠬᠢᠳᠠᠯ | ᠰᠤᠷᠪᠤᠯᠵᠢᠯᠠᠭ᠎ᠠ ᠶᠢᠨ ᠲᠣᠪᠴᠢᠶ᠎ᠠ᠂ ᠲᠣᠭᠤᠷᠢᠭ ᠤᠨ ᠠᠵᠢᠯ ᠤᠨ ᠪᠡᠯᠡ ᠣᠷᠣᠭᠤᠯᠤᠯᠲᠠ ᠶᠢᠨ ᠺᠣᠮᠫᠠᠨᠢ᠂ | ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠵᠡᠷᠭᠡ 12 ᠨᠠᠮ ᠤᠨ ᠵᠣᠬᠢᠶᠠᠨ | ᠪᠠᠶᠢᠭᠤᠯᠤᠯᠲᠠ ᠳᠤ ᠪᠠᠶᠢᠩᠭᠤ ᠶᠢᠨ ᠴᠠᠭᠳᠠᠨ ᠪᠠᠶᠢᠴᠠᠭᠠᠯᠲᠠ ᠥᠷᠨᠢᠭᠦᠯᠵᠦ᠂ 1 ᠵᠡᠭᠡᠯᠢ ᠭᠤᠳᠤᠮᠵᠢ ᠶᠢᠨ ᠴᠠᠭᠳᠠᠨ | ᠪᠠᠶᠢᠴᠠᠭᠠᠬᠤ ᠳᠤᠭᠤᠶᠢᠯᠠᠩ ᠢ ᠲᠣᠬᠢᠷᠠᠭᠤᠯᠤᠨ ᠬᠠᠶᠢᠪᠸᠢ ᠵᠡᠭᠡᠯᠢ ᠭᠤᠳᠤᠮᠵᠢ ᠶᠢᠨ ᠬᠠᠷᠢᠶᠠᠨ ᠳᠠᠬᠢ 3 ᠨᠡᠶᠢᠭᠡᠮ | ᠲᠣᠭᠤᠷᠢᠭ ᠲᠤ ᠪᠠᠶᠢᠩᠭᠤ ᠶᠢᠨ ᠴᠠᠭᠳᠠᠨ ᠪᠠᠶᠢᠴᠠᠭᠠᠯᠲᠠ ᠥᠷᠨᠢᠭᠦᠯᠪᠡ᠃ | |