ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠶᠢᠨ ᠬᠡᠯᠲᠡᠰ ᠫᠠᠶᠢᠰᠠ ᠡᠯᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/3/21
    3 ᠰᠠᠷ᠎ᠠ ᠶᠢᠨ 20 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠪᠠ᠃ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠵᠢᠤᠸᠠᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠶᠦᠨ ᠾᠦᠢ ᠳ᠋ᠦᠩ ᠶᠣᠰᠣᠯᠠᠯ ᠢ ᠡᠷᠭᠢᠯᠡᠵᠦ᠂ ᠲᠣᠭᠤᠷᠢᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ ᠲᠣᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃
640.jpg
    ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠨᠢ ᠲᠤᠭᠤᠷᠢᠭ ᠤᠨ ᠨᠠᠮ ᠤᠨ ᠬᠤᠷᠢᠶᠠᠨ ᠤ ᠡᠭᠦᠷᠭᠡ ᠴᠢᠳᠠᠪᠤᠷᠢᠲᠤ ᠰᠠᠯᠠᠭ᠋ ᠎ᠠ ᠮᠥᠴᠢᠷ ᠪᠣᠯᠤᠭᠰᠠᠨ ᠤ ᠬᠤᠪᠢ ᠳᠤ᠂ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠬᠤ ᠶᠢ ᠬᠠᠷᠢᠭᠤᠴᠠᠵᠤ᠂ ᠠᠷᠠᠳ ᠲᠦᠮᠡᠨ ᠤ ᠰᠠᠨᠠᠭᠤᠯᠭ᠎ᠠ ᠡᠯᠰᠡᠬᠦ ᠠᠵᠢᠯ ᠢ ᠵᠢᠯᠣᠭᠤᠳᠴᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠪᠠ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠤᠳᠤᠷᠢᠳᠬᠤ ᠪᠠᠶᠢᠭᠤᠯᠤᠯ ᠪᠠ ᠠᠵᠢᠯ ᠤᠨ ᠲᠣᠭᠲᠠᠴᠠ ᠶᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠲᠤᠰ ᠭᠠᠵᠠᠷ ᠣᠷᠣᠨ ᠤ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠵᠣᠬᠢᠴᠠᠭᠤᠯᠤᠨ ᠠᠬᠢᠭᠤᠯᠵᠤ᠂ ᠬᠤᠯᠢᠮᠠᠭ ᠥᠮᠴᠢᠯᠡᠯ ᠤᠨ ᠳᠦᠷᠢᠮᠲᠦ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠠ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠴᠤ᠂ ᠲᠤᠰ ᠭᠠᠵᠠᠷ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ᠂ ᠵᠣᠬᠢᠴᠠᠭᠤᠯᠤᠨ ᠵᠢᠯᠣᠭᠤᠳᠬᠤ᠂ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠵᠤ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠵᠡᠷᠭᠡ ᠶᠢ ᠵᠢᠯᠣᠭᠤᠳᠤᠨ᠎ᠠ᠃ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢ ᠲᠣᠭᠤᠷᠢᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠠᠴᠠ ᠨᠢᠭᠡᠳᠦᠯᠲᠡᠢ ᠤᠳᠤᠷᠢᠳᠤᠨ᠎ᠠ᠃
640 (1).jpg
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号