ᠠᠩᠬᠠᠳᠠᠭᠴᠢ ᠬᠤᠭᠤᠴᠠᠭᠠᠨ ᠤ ᠶᠤᠸᠠᠨ ᠬᠠᠩ ᠨᠣᠮ ᠤᠩᠰᠢᠬᠤ ᠠᠩᠭᠢ ᠬᠠᠶᠢᠷᠤᠪ ᠤᠨ ᠲᠣᠬᠤᠢ ᠲᠣᠭᠤᠷᠢᠭ ᠤᠨ ᠨᠣᠮ ᠤᠨ ᠰᠠᠩ ᠳᠤ ᠦᠪᠡᠳᠡᠭᠰᠢ ᠶᠡᠭᠡ ᠪᠠᠷ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/3/27
    ᠣᠶᠢᠷ᠎ᠠ ᠳᠤ᠂ ᠠᠩᠬᠠᠳᠠᠭᠴᠢ ᠬᠤᠭᠤᠴᠠᠭᠠᠨ ᠤ ᠶᠤᠸᠠᠨ ᠬᠠᠩ ᠨᠣᠮ ᠤᠩᠰᠢᠬᠤ ᠠᠩᠭᠢ ᠬᠠᠶᠢᠷᠤᠪ ᠤᠨ ᠲᠣᠬᠤᠢ ᠲᠣᠭᠤᠷᠢᠭ ᠤᠨ ᠨᠣᠮ ᠤᠨ ᠰᠠᠩ ᠳᠤ ᠦᠪᠡᠳᠡᠭᠰᠢ ᠶᠡᠭᠡ ᠪᠠᠷ ᠬᠢᠴᠢᠶᠡᠯ ᠡᠬᠢᠯᠡᠪᠡ᠃ ᠲᠣᠰ ᠤᠳᠠᠭᠠᠨ ᠤ ᠰᠤᠷᠤᠯᠭ᠎ᠠ ᠡᠬᠢᠯᠡᠬᠦ ᠶᠣᠰᠣᠯᠠᠯ ᠳᠤ ᠥᠪᠥᠷ ᠮᠣᠩᠭᠤᠯ ᠤᠨ ᠬᠡᠷ ᠪᠦᠯᠢ ᠶᠢᠨ ᠬᠥᠮᠦᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠯᠧᠺᠲ᠋ᠣᠷ ᠢ ᠲᠤᠰᠬᠠᠶᠢᠯᠠᠨ ᠤᠷᠢᠵᠤ᠂ ᠬᠡᠷ ᠤᠨ ᠠᠬᠠᠮᠠᠳ᠂ ᠬᠡᠦᠬᠡᠳ ᠤᠳ ᠲᠠᠢ ᠬᠠᠮᠲᠤ ᠪᠠᠷ ᠤᠩᠰᠢᠯᠭ᠎ᠠ ᠶᠢᠨ ᠳᠤᠷ᠎ᠠ ᠰᠣᠨᠢᠷᠬᠠᠯ ᠢ ᠬᠡᠷᠬᠢᠨ ᠪᠦᠲᠦᠮᠵᠢᠲᠡᠶ ᠬᠥᠮᠦᠵᠢᠭᠦᠯᠬᠦ ᠲᠤᠬᠠᠶ ᠰᠤᠳᠤᠯᠤᠨ ᠶᠠᠷᠢᠯᠴᠠᠵᠤ᠂ ᠤᠩᠰᠢᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠪᠡ᠃ ᠬᠠᠶᠢᠷᠤᠪ ᠤᠨ ᠲᠤᠬᠤᠢ ᠲᠣᠭᠤᠷᠢᠭ ᠤᠨ 60 ᠭᠠᠷᠤᠢ ᠭᠡᠷ ᠤᠨ ᠠᠬᠠᠮᠠᠳ᠂ ᠰᠤᠷᠤᠭᠴᠢᠳ ᠲᠤᠰ ᠤᠳᠠᠭ᠎ᠠ ᠶᠢᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃
640.png   
    ᠠᠩᠭᠢ ᠡᠬᠢᠯᠡᠬᠦ ᠶᠣᠰᠣᠯᠠᠯ ᠳᠡᠭᠡᠷ᠎ᠡ᠂ ᠭᠤᠣᠯ ᠪᠠᠭᠰᠢ ᠬᠠᠮᠲᠤ ᠰᠤᠷᠤᠭᠴᠢᠳ ᠲᠤ ᠶᠤᠸᠠᠨ ᠬᠠᠩ ᠨᠣᠮ ᠤᠩᠰᠢᠬᠤ ᠠᠩᠬᠢ ᠶᠢᠨ ᠰᠤᠷᠤᠯᠭ᠎ᠠ ᠡᠬᠢᠯᠡᠬᠦ ᠠᠴᠢ ᠬᠤᠯᠪᠣᠭᠳᠠᠯ ᠪᠣᠯᠤᠨ ᠵᠣᠷᠢᠯᠲᠠ ᠪᠠᠨ ᠲᠠᠨᠢᠯᠴᠠᠭᠤᠯᠤᠭᠰᠠᠨ ᠪᠥᠭᠡᠳ ᠥᠩᠭᠡᠷᠡᠭᠰᠡᠨ ᠬᠤᠭᠤᠴᠠᠭᠠᠨ ᠤ ᠨᠣᠮ ᠤᠩᠰᠢᠬᠤ ᠠᠩᠬᠢ ᠲᠠᠢ ᠤᠶᠠᠯᠳᠤᠭᠤᠯᠤᠨ ᠤᠩᠰᠢᠯᠭ᠎ᠠ ᠶᠢᠨ ᠭᠤᠶᠢᠳᠠ ᠰᠠᠶᠢᠬᠠᠨ ᠴᠠᠭ ᠮᠥᠴᠡ ᠶᠢ ᠡᠷᠭᠢᠴᠡᠭᠦᠯᠪᠡ᠃ ᠰᠣᠯᠢᠯᠴᠠᠭ᠎ᠠ ᠶᠠᠷᠢᠯᠴᠠᠭ᠎ᠠ ᠳᠤᠮᠳᠠ᠂ ᠯᠧᠺᠲ᠋ᠣᠷ ᠥᠪᠡᠷ ᠤᠨ ᠤᠩᠰᠢᠯᠭ᠎ᠠ ᠲᠠᠢ ᠪᠠᠨ ᠤᠶᠠᠯᠳᠤᠭᠤᠯᠤᠨ᠂ ᠤᠩᠰᠢᠯᠭ᠎ᠠ ᠶᠢᠨ ᠲᠤᠷᠰᠢᠯᠭ᠎ᠠ ᠪᠠᠨ ᠬᠤᠪᠢᠶᠠᠯᠴᠠᠵᠤ᠂ ᠤᠩᠰᠢᠯᠭ᠎ᠠ ᠶᠢᠨ ᠠᠴᠢ ᠬᠤᠯᠪᠣᠭᠳᠠᠯ ᠢ ᠬᠠᠶᠢᠵᠤ᠂ ᠨᠣᠮ ᠤᠩᠰᠢᠬᠤ ᠨᠢ ᠰᠤᠷᠤᠭᠴᠢᠳ ᠲᠤ ᠲᠠᠰᠤᠷᠠᠯᠲᠠ ᠦᠭᠡᠢ ᠡᠨᠧᠷᠭᠢ ᠶᠢᠨ ᠬᠠᠩᠭᠠᠯᠭ᠎ᠠ ᠬᠠᠩᠭᠠᠵᠤ᠂ ᠳᠠᠷᠤᠯᠲᠠ ᠶᠢ ᠬᠠᠪᠰᠤᠷᠤᠨ ᠡᠰᠡᠷᠭᠦᠴᠡᠵᠦ᠂ ᠨᠠᠵᠠᠭᠠᠢ ᠲᠠᠯ᠎ᠠ ᠶᠢᠨ ᠤᠷᠮ᠎ᠠ ᠰᠡᠳᠬᠢᠯᠭᠡ ᠶᠢ ᠠᠷᠢᠯᠭᠠᠵᠤ᠂ ᠰᠤᠷᠤᠯᠴᠠᠯᠭ᠎ᠠ ᠪᠠ ᠠᠮᠢᠳᠤᠷᠠᠯ ᠢ ᠨᠡᠩ ᠰᠠᠶᠢᠲᠤᠷ ᠠᠷᠭᠠᠴᠠᠭᠠᠵᠤ ᠴᠢᠳᠠᠨ᠎ᠠ ᠭᠡᠵᠦ ᠦᠵᠡᠪᠡ᠃
640 (1).png   
    ᠠᠩᠬᠠᠨ ᠤ ᠬᠤᠭᠤᠴᠠᠭᠠᠨ ᠤ ᠶᠤᠸᠠᠨ ᠬᠠᠩ ᠨᠣᠮ ᠤᠩᠰᠢᠬᠤ ᠠᠩᠭᠢ ᠨᠢ ᠬᠠᠶᠢᠷᠤᠪ ᠤᠨ ᠲᠣᠬᠤᠢ ᠲᠣᠭᠤᠷᠢᠭ ᠤᠨ ᠨᠣᠮ ᠤᠨ ᠰᠠᠩ ᠤᠨ ᠣᠨᠴᠠᠯᠢᠭᠲᠤ ᠠᠵᠢᠯᠯᠠᠭ᠎ᠠ ᠶᠢᠨ ᠨᠢᠭᠡ ᠪᠣᠯᠤᠭᠰᠠᠨ ᠤ ᠬᠤᠪᠢ ᠳᠤ᠂ ᠲᠡᠭᠦᠨ ᠤ ᠣᠨᠴᠠᠯᠢᠭ ᠢ ᠪᠠᠶᠢᠩᠭᠤᠵᠢᠭᠤᠯᠤᠨ ᠰᠤᠷᠤᠯᠭ᠎ᠠ ᠡᠬᠢᠯᠡᠬᠦ ᠶᠢ ᠦᠷᠭᠦᠯᠵᠢᠯᠡᠨ ᠪᠠᠷᠢᠮᠲᠠᠯᠠᠵᠤ᠂ ᠭᠡᠷ ᠤᠨ ᠠᠬᠠᠮᠠᠳ᠂ ᠬᠡᠤᠬᠡᠳ ᠢ ᠢᠳᠡᠪᠬᠢᠲᠡᠶ ᠪᠠᠷ ᠣᠷᠣᠯᠴᠠᠭᠤᠯᠵᠤ᠂ ︽ᠨᠣᠮ ᠤᠩᠰᠢᠬᠤ ᠶᠢ ᠨᠢᠭᠡ ᠵᠦᠢᠯ ᠤᠨ ᠠᠮᠢᠳᠤᠷᠠᠯ ᠤᠨ ᠳᠠᠳᠬᠠᠯ ᠪᠣᠯᠭᠠᠵᠤ᠂ ᠨᠣᠮ ᠤᠩᠰᠢᠬᠤ ᠶᠢ ᠨᠢᠭᠡ ᠵᠦᠢᠯ ᠤᠨ ᠬᠡᠪ ᠤᠨ ᠪᠠᠶᠢᠳᠠᠯ ᠪᠣᠯᠭᠠᠨ᠎ᠠ︾ ᠭᠡᠪᠡ᠃
640.jpg   
    ᠬᠠᠶᠢᠷᠤᠪ ᠤᠨ ᠲᠤᠬᠤᠢ ᠲᠣᠭᠤᠷᠢᠭ ᠤᠨ ᠬᠢᠨ ᠤᠩᠰᠢᠯᠭ᠎ᠠ ᠶᠢ ᠳᠡᠯᠭᠡᠷᠡᠭᠦᠯᠬᠦ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠰᠤᠷᠤᠭᠴᠢᠳ ᠢ ᠬᠦᠳᠦᠯᠦᠨ ᠵᠢᠯᠣᠭᠤᠳᠴᠤ ᠪᠠᠶᠢᠭᠠᠳ ᠤᠩᠰᠢᠯᠭ᠎ᠠ ᠶᠢᠨ ᠠᠷᠭ᠎ᠠ ᠶᠢ ᠡᠵᠡᠮᠰᠢᠭᠦᠯᠵᠦ᠂ ᠰᠤᠷᠤᠯᠴᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠮᠡᠳᠡᠯᠭᠡ ᠶᠢᠨ ᠨᠥᠭᠡᠴᠡ ᠶᠢ ᠨᠡᠮᠡᠭᠳᠡᠭᠦᠯᠵᠦ᠂ ᠪᠢᠴᠢᠭ ᠤᠨ ᠰᠤᠷᠪᠤᠯᠵᠢᠲᠤ ᠭᠡᠷ ᠪᠦᠯᠢ ᠶᠢ  ᠪᠠᠶᠢᠭᠤᠯᠤᠨ᠎ᠠ᠃ 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号