︽ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ︾︕ ᠬᠠᠶᠢᠷᠤᠪ ᠤᠨ ᠲᠤᠬᠤᠢ ᠪᠦᠬᠦ ᠦᠶᠡᠯᠡᠯ ᠤᠨ ᠦᠢᠯᠡᠴᠢᠯᠡᠭᠡ ᠎ ᠶᠢ ᠪᠡᠶᠡᠯᠡᠭᠦᠯᠤᠨ᠎ᠡ
ᠨᠡᠶᠢᠲᠡᠯᠡᠭᠰᠡᠨ ᠴᠠᠭ᠄
2024/3/4
    ᠤᠢᠢᠷ᠎ᠠ ᠶᠢᠨ ᠵᠢᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠡᠷᠭᠡ ᠲᠠᠢ ᠤᠶᠠᠯᠳᠤᠭᠤᠯᠵᠤ᠂ ᠬᠤᠪᠢᠰᠬᠠᠯ ᠤᠨ ᠵᠢᠭᠰᠠᠭᠠᠯ ᠤᠨ ᠭᠠᠵᠠᠷ ᠢ ᠰᠠᠶᠢᠲᠤᠷ ᠠᠰᠢᠭᠯᠠᠵᠤ᠂ ᠰᠤᠷᠤᠯᠴᠠᠯᠭ᠎ᠠ ᠪᠣᠯᠪᠠᠰᠤᠷᠠᠯ ᠢ ᠰᠠᠶᠢᠲᠤᠷ ᠠᠳᠬᠤᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ ᠤᠬᠠᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠪᠠ᠃
1.jpg   
    ᠬᠠᠶᠢᠷᠤᠪ ᠤᠨ ᠲᠤᠬᠤᠢ ᠲᠣᠭᠤᠷᠢᠭ ᠠᠵᠢᠯ ᠤᠨ ᠰᠤᠷᠲᠠᠯ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠠᠵᠢᠯ ᠤᠨ ᠰᠡᠳᠬᠢᠴᠡ ᠪᠠᠨ ᠰᠢᠨᠡᠴᠢᠯᠡᠵᠦ᠂ ᠠᠵᠢᠯ ᠤᠨ ᠠᠴᠢᠶᠠᠯᠠᠪᠤᠷᠢ ᠪᠠᠨ ᠪᠠᠶᠠᠯᠢᠭᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠬᠤᠪᠢ ᠬᠥᠮᠦᠨ ᠤ ᠠᠵᠤ ᠠᠬᠤᠶᠢᠯᠠᠯ᠂ ᠤᠯᠠᠨ ᠲᠦᠮᠡᠨ ᠳᠤ ᠦᠢᠯᠡᠴᠢᠯᠡᠬᠦ ᠬᠥᠭᠦᠷᠭᠡ ᠶᠢ ᠪᠠᠶᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠢᠯᠵᠢᠷᠡᠯ ᠢ ᠡᠰᠡᠷᠭᠦᠴᠡᠵᠦ ᠠᠷᠢᠭᠤᠨ ᠴᠢᠬᠡᠴᠢ ᠶᠢ ᠡᠷᠬᠢᠮᠯᠡᠬᠦ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠡᠯ᠎ᠡ ᠵᠦᠢᠯ ᠤᠨ ᠲᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠪᠠ᠃
2.jpg   
     ᠪᠥᠬᠦ ᠲᠤᠭᠤᠷᠢᠭ ᠤᠨ ︽ᠲᠠᠯᠪᠢᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠬᠠᠶᠢᠷᠤᠪ ᠤᠨ ᠲᠣᠬᠤᠶ ᠲᠣᠭᠤᠷᠢᠭ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠳᠠᠭᠠᠭᠤᠯᠬᠤ ᠤᠶᠢᠯᠡᠳᠤᠯ ᠢ ᠲᠠᠰᠤᠷᠠᠯᠲᠠ ᠥᠬᠡᠶ ᠪᠠᠳᠠᠷᠠᠭᠤᠯᠵᠤ᠂ ᠠᠵᠢᠯ ᠶᠠᠪᠤᠳᠠᠯ ᠭᠦᠢᠴᠡᠤᠡᠭᠡᠬᠦ ᠭᠤᠭᠴᠤᠭ᠎ᠠ᠂ ᠠᠵᠢᠯ ᠶᠠᠪᠤᠳᠠᠯ ᠭᠦᠢᠴᠡᠤᠡᠭᠡᠬᠦ ᠴᠤᠪᠤᠷᠠᠯ ᠢ ᠦᠷᠭᠦᠯᠵᠢᠯᠡᠨ ᠴᠣᠮᠬᠠᠳᠬᠠᠨ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠨ᠂ ᠲᠥᠷᠥᠯ ᠵᠤᠶᠢᠯ ᠤᠨ ᠬᠢᠨᠠᠨ ᠵᠥᠪᠰᠢᠶᠡᠷᠡᠬᠦ ᠬᠤᠷᠳᠤᠴᠠ ᠶᠢ ᠲᠦᠷᠭᠡᠳᠬᠡᠬᠦ ᠳᠤ ᠬᠦᠴᠦᠨ ᠨᠡᠮᠡᠷᠢᠯᠡᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠤᠡᠭᠡᠬᠦ ᠳᠤ ᠨᠠᠩ ᠳᠥᠭᠦᠮ ᠳᠥᠲᠡ ᠪᠣᠯᠭᠠᠪᠠ᠃
3.jpg   
    ᠡᠨᠡ ᠵᠢᠯ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠳᠥᠭᠦᠮᠴᠢᠯᠡᠬᠦ ᠶᠢ ᠦᠷᠭᠦᠯᠵᠢᠯᠡᠨ ᠠᠬᠢᠭᠤᠯᠵᠤ᠂ ᠴᠤᠩᠬᠤᠪᠴᠢ ᠶᠢᠨ ᠪᠠᠶᠢᠷᠢᠰᠢᠭᠤᠯᠤᠯᠲᠠ ᠶᠢ ᠨᠡᠶᠢᠳᠬᠡᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠵᠤ᠂ ︽ᠶᠡᠷᠦᠩᠬᠡᠶᠢᠯᠡᠭᠰᠡᠨ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠥᠭᠡᠷᠡᠴᠢᠯᠡᠯᠲᠡ ᠶᠢ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠥᠪ ︵ᠦᠷᠳᠡᠭᠡ︶ ᠲᠡᠰᠢ ᠤᠷᠲᠤᠳᠬᠠᠬᠤ ᠶᠢ ᠠᠬᠢᠭᠤᠯᠵᠤ᠂ ᠲᠣᠭᠤᠷᠢᠭ᠂ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶᠎ ᠳᠤ ᠢᠯᠭᠠᠭ᠎ᠠ ᠵᠥᠷᠢᠶ᠎ᠡ ᠦᠭᠡᠢ ︽ᠶᠡᠷᠦᠩᠬᠡᠶᠢᠯᠡᠭᠰᠡᠨ ᠨᠢᠭᠡ ᠴᠣᠩᠬᠤᠪᠴᠢ︾᠎ ᠶᠢᠨ ᠬᠡᠷᠡᠭᠯᠡᠭᠡᠨ ᠤ ᠵᠢᠱᠢᠶ᠎ᠡ ᠦᠵᠡᠭᠦᠯᠬᠦ ᠣᠷᠣᠨ ᠢ ᠬᠦᠴᠦᠯᠡᠨ ᠪᠠᠶᠢᠭᠤᠯᠤᠨ᠎ᠠ︔ ᠡᠭᠦᠨ ᠤ ᠬᠠᠮᠲᠤ᠂  ᠰᠢᠰᠲ᠋ᠧᠮ ᠤᠨ ᠵᠠᠯᠭᠠᠨ ᠠᠪᠴᠤ ᠪᠣᠯᠬᠤ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢ ᠪᠦᠷᠢᠨ ᠭᠦᠢᠴᠡᠳ ᠡᠳ᠋ᠯᠡᠵᠦ᠂ ᠬᠠᠭᠤᠯᠪᠤᠷᠢᠯᠠᠵᠤ ᠪᠣᠯᠬᠤ ᠲᠤᠷᠰᠢᠯᠭ᠎ᠠ ᠶᠢ ᠴᠢᠷᠮᠠᠶᠢᠨ ᠪᠦᠷᠢᠯᠳᠦᠭᠦᠯᠦᠨ᠎ᠡ︔ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠵᠡᠭᠦᠯᠦᠯᠭᠡ ᠶᠢᠨ ᠴᠤᠭᠯᠠᠭᠠᠨ ᠤ ᠬᠠᠮᠢᠶ᠎ᠠ ᠪᠦᠬᠦᠢ ᠠᠵᠢᠯ ᠢ ᠤᠷᠢᠳᠴᠢᠯᠠᠨ ᠲᠥᠯᠥᠪᠯᠡᠵᠦ᠂ ᠪᠦᠬᠦ ᠬᠤᠲᠠ ᠳᠤ ᠬᠠᠮᠵᠢᠯᠴᠠᠨ ᠬᠠᠮᠢᠶ᠎ᠠ ᠪᠦᠬᠦᠢ ᠠᠵᠢᠯ ᠢ ᠥᠷᠨᠢᠭᠦᠯᠵᠦ᠂ ᠤᠯᠠᠨ ᠲᠦᠮᠡᠨ ᠪᠠ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠶᠡᠷᠦᠩᠬᠡᠶᠢᠯᠡᠭᠰᠡᠨ ᠴᠣᠩᠬᠤᠪᠴᠢ ᠶᠢᠨ ᠥᠭᠡᠷᠡᠴᠢᠯᠡᠯᠲᠡ︾᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡ ᠭᠤᠷᠪᠠᠨ ᠱᠠᠲᠤ ᠶᠢ ᠨᠢᠭᠡ ᠴᠤᠭᠴᠠᠵᠢᠭᠤᠯᠬᠤ ᠲᠠᠯ᠎ᠠ ᠪᠠᠷ ᠦᠷᠭᠦᠯᠵᠢᠯᠡᠨ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ᠃
4.jpg     
    ᠬᠠᠶᠢᠷᠤᠪ ᠤᠨ ᠲᠤᠬᠤᠢ ᠲᠣᠭᠤᠷᠢᠭ ᠤᠨ ᠬᠢᠨ ︽ᠮᠦᠩᠭᠡ ᠰᠤᠪᠠᠭ · ᠲᠦᠷᠪᠡ ᠶᠢ ᠭᠦᠢᠴᠡᠳᠬᠡᠬᠦ︾ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡ ᠰᠦᠯᠵᠢᠶ᠎ᠡ ᠪᠠᠷ ᠭᠦᠢᠴᠡᠳᠬᠡᠬᠦ︾᠎ ᠶᠢ ᠭᠦᠨᠵᠡᠭᠡᠶᠢᠷᠡᠭᠦᠯᠵᠦ᠂ ᠨᠡᠩ ᠤᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠨᠳᠥᠷ ᠳᠠᠪᠲᠠᠮᠵᠢᠲᠤ ᠵᠦᠢᠯᠡᠰ ᠤᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠎ ᠶᠢ ᠦᠷᠭᠦᠯᠵᠢᠯᠡᠨ ᠠᠬᠢᠭᠤᠯᠵᠤ᠂ ᠰᠦᠯᠵᠢᠶ᠎ᠡ ᠪᠠᠷ ᠭᠦᠢᠴᠡᠳᠬᠡᠬᠦ ᠨᠤᠷᠮ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃  ᠡᠯᠧᠺᠲᠷᠣᠨ  ᠦᠨᠡᠮᠯᠡᠯ᠂  ᠡᠯᠧᠺᠲᠷᠣᠨ  ᠲᠠᠮᠠᠭ᠎ᠠ ᠵᠡᠷᠭᠡ ᠶᠢ ᠴᠤᠭᠯᠠᠭᠤᠯᠤᠨ ᠬᠡᠷᠡᠭᠯᠡᠬᠦ ᠶᠢ ᠴᠢᠩᠭᠠᠳᠬᠠᠵᠤ᠂ ᠠᠵᠤ ᠠᠬᠤᠶᠢᠯᠠᠯ ᠳᠤ ᠬᠤᠯᠪᠣᠭᠳᠠᠬᠤ ᠥᠨᠳᠥᠷ ᠳᠠᠪᠲᠠᠮᠵᠢᠲᠤ  ᠡᠯᠧᠺᠲᠷᠣᠨ ᠦᠨᠡᠮᠯᠡᠯ᠂  ᠡᠯᠧᠺᠲᠷᠣᠨ  ᠲᠠᠮᠠᠭ᠎ᠠ ᠶᠢ ᠴᠤᠭᠯᠠᠭᠤᠯᠤᠨ ᠬᠡᠷᠡᠭᠯᠡᠬᠦ ᠶᠢ ᠠᠬᠢᠭᠤᠯᠤᠨ᠂ ᠬᠡᠷᠡᠭᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠵᠦ᠂ ︽ᠠᠯᠠᠭᠠᠨ ᠳᠡᠭᠡᠷ᠎ᠡ ᠪᠠᠨ ᠭᠦᠢᠴᠡᠳᠭᠡᠬᠦ︾᠎ ᠶᠢ ᠦᠷᠭᠦᠯᠵᠢᠯᠡᠨ ᠠᠬᠢᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾᠎ ᠶᠢ ᠭᠦᠨᠵᠡᠭᠡᠶᠢᠷᠡᠭᠦᠯᠦᠨ᠂ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯ ᠶᠠᠪᠤᠳᠠᠯ ᠭᠦᠢᠴᠡᠳᠭᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠢᠨ ᠬᠠᠩᠭᠠᠨ᠎ᠠ᠃    ᠵᠠᠰᠠᠭ ᠤᠨ ᠶᠠᠪᠤᠳᠠᠯ ᠢ ᠢᠯᠡ ᠪᠣᠯᠭᠠᠬᠤ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠪᠠᠰᠠ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠳᠦᠷ ᠲᠤᠳᠤᠮ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠱᠠᠯᠠᠪᠳᠠᠭᠤᠯᠤᠨ ᠭᠦᠢᠴᠡᠤᠡᠭᠡᠵᠤ ᠵᠠᠷᠯᠠᠨ ᠮᠡᠳᠡᠭᠳᠡᠬᠦ ᠲᠦᠷᠢᠮ᠂ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠤ ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠨᠡᠶᠢᠲᠡᠯᠡᠬᠦ ᠬᠠᠮᠢᠶᠠᠷᠤᠯᠲᠠ ᠶᠢᠨ ᠲᠦᠷᠢᠮ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠪᠴᠠᠩ ᠤᠨ ᠬᠠᠮᠢᠶᠠᠷᠤᠯᠲᠠ ᠶᠢᠨ ᠠᠷᠭ᠎ᠠ ᠵᠡᠷᠭᠡ ᠲᠦᠷᠢᠮ ᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶ᠎ᠠ ᠶᠢ ᠨᠢᠭᠡᠳᠬᠡᠵᠦ᠂ ᠭᠤᠤᠯᠳᠠᠯᠭ᠎ᠠ ᠲᠠᠢ ᠡᠭᠦᠷᠭᠡ ᠪᠠ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠶᠤᠴᠢᠯᠠᠯ ᠶᠣᠰᠣᠭᠠᠷ ᠢᠯᠡ ᠪᠣᠯᠭᠠᠬᠤ ᠶᠢ ᠵᠢᠷᠤᠮᠵᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠰᠢᠯᠭᠠᠨ ᠬᠢᠨᠠᠬᠤ ᠭᠦᠢᠴᠡᠤᠡᠭᠡᠯ ᠲᠤᠭ᠎ᠠ ᠶᠢᠨ ᠵᠠᠳᠠᠯᠤᠯᠲᠠ ᠪᠠ ᠦᠨᠡᠯᠡᠨ ᠵᠢᠱᠢᠵᠦ ᠰᠢᠭᠰᠢᠨ ᠪᠠᠶᠢᠴᠠᠭᠠᠬᠤ ᠶᠢ ᠴᠢᠩᠭᠠᠳᠬᠠᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号