ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/6
    ᠤᠢᠢᠷ᠎ᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠳᠡᠭᠡᠷ᠎ᠡ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠨᠡᠩ ᠰᠠᠶᠢᠲᠤᠷ ᠪᠠᠷᠢᠮᠲᠠᠯᠠᠨ ᠲᠡᠭᠦᠯᠳᠡᠷᠵᠢᠭᠦᠯᠵᠦ᠂ ᠬᠤᠪᠢ ᠬᠥᠮᠦᠨ ᠤ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠰᠡᠳᠬᠢᠴᠡ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠰᠦᠨ ᠬᠤᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠬᠠᠤᠯᠢᠵᠢᠯ ᠤᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠠᠷᠠᠳ ᠲᠦᠮᠡᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ ᠬᠡᠷᠡᠭᠲᠡᠢ︔ ᠬᠠᠤᠯᠢ ᠪᠠᠷ ᠵᠠᠰᠠᠬᠤ ᠪᠠᠷ ᠳᠠᠮᠵᠢᠭᠤᠯᠤᠨ ᠨᠡᠶᠢᠭᠡᠮ ᠤᠨ ᠡᠷᠬᠡ ᠠᠰᠢᠭ ᠢ ᠬᠠᠮᠠᠭᠠᠯᠠᠵᠤ᠂ ᠤᠯᠠᠨ ᠲᠦᠮᠡᠨ ᠨᠢᠭᠡᠪᠦᠷᠢ ᠶᠢᠨ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠵᠤ᠂ ᠤᠯᠠᠨ ᠲᠦᠮᠡᠨ ᠨᠢᠭᠡᠪᠦᠷᠢ ᠶᠢᠨ ᠬᠠᠤᠯᠢ ᠶᠣᠰᠣᠨ ᠤ ᠡᠷᠬᠡ ᠠᠰᠢᠭ ᠢ ᠲᠥᠪ ᠭᠤᠣᠯᠴᠢ ᠪᠠᠷ ᠬᠠᠨᠳᠤᠵᠤ᠂ ᠡᠯ᠎ᠡ ᠵᠦᠢᠯ ᠤᠨ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠠᠲᠤ ᠡᠵᠡᠮᠳᠡᠵᠦ᠂ ᠥᠨᠳᠥᠷ ᠵᠣᠭᠰᠣᠴᠠ ᠠᠴᠠ ᠲᠥᠯᠥᠪᠵᠢᠭᠦᠯᠦᠨ ᠪᠠᠶᠢᠷᠢᠯᠠᠭᠤᠯᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠡᠷᠡᠭᠲᠡᠢ︔ ᠬᠠᠤᠯᠢ ᠪᠠᠷ ᠵᠠᠰᠠᠬᠤ ᠰᠠᠭᠤᠷᠢ ᠶᠢ ᠪᠠᠬᠢᠵᠢᠭᠦᠯᠵᠦ᠂ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠠᠩᠬᠠᠷᠴᠤ᠂ ᠬᠠᠤᠯᠢ ᠴᠠᠭᠠᠵᠠ ᠶᠢᠨ ᠵᠡᠪᠰᠡᠭ ᠢ ᠰᠠᠶᠢᠲᠤᠷ ᠬᠡᠷᠡᠭᠯᠡᠵᠦ᠂ ᠲᠣᠭᠲᠠᠭᠤᠨ ᠢ ᠬᠠᠮᠠᠭᠠᠯᠠᠬᠤ ᠠᠵᠢᠯ ᠤᠨ ᠬᠠᠤᠯᠢ ᠪᠠᠷ ᠵᠠᠰᠠᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠢ ᠵᠥᠪ ᠣᠨᠣᠪᠴᠢᠲᠠᠢ ᠲᠠᠨᠢᠵᠤ᠂ ᠲᠡᠭᠦᠨ ᠤ ᠳᠠᠪᠠᠭᠤᠯᠢᠭ ᠢ ᠭᠦᠢᠴᠡᠳ ᠪᠠᠳᠠᠷᠠᠭᠤᠯᠤᠨ ᠠᠰᠢᠭᠯᠠᠵᠤ᠂ ᠬᠠᠶᠢᠷᠤᠪ ᠤᠨ ᠲᠤᠬᠤᠢ ᠶᠢᠨ ᠬᠥᠭᠵᠢᠯᠲᠡ ᠶᠢᠨ ᠵᠠᠮ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ︔ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠦᠷᠭᠦᠯᠵᠢᠯᠡᠨ ᠬᠤᠪᠢᠷᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号