ᠲᠠᠩ ᠢ ᠬᠠᠶᠢᠷᠤᠪ ᠤᠨ ᠲᠤᠬᠤᠢ ᠲᠣᠭᠤᠷᠢᠭ ᠤᠨ ᠪᠠᠶᠢᠰᠢᠩ ᠬᠡᠷ ‍ᠤᠨ‌‍ᠲ᠋ᠣᠭᠤᠷᠢᠭ ᠤᠨ ᠥᠭᠡᠷᠡᠴᠢᠯᠡᠯᠲᠡ ᠶᠢᠨ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/6
    3 ᠰᠠᠷ᠎ᠠ ᠶᠢᠨ 5᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ ᠪᠠᠶᠢᠰᠢᠩ ᠬᠡᠷ ᠤᠨ ᠲᠣᠭᠤᠷᠢᠭ ᠤᠨ ᠥᠭᠡᠷᠡᠴᠢᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠭᠦᠸᠧ ᠢ ᠵᠢᠶᠧ ᠣᠷᠣᠯᠴᠠᠵᠠᠢ᠃
640.jpg   
    ᠲᠠᠩ ᠢ ᠨᠡᠷ ᠤᠷᠢᠳ ᠬᠤᠵᠢᠳ 117 ᠭᠠᠵᠠᠷ ᠰᠢᠨᠵᠢᠯᠡᠭᠡᠨ ᠤ ᠠᠩᠭᠢ᠂ ᠴᠢᠳᠬᠤᠨ ᠪᠣᠯᠪᠠᠰᠤᠷᠠᠭᠤᠯᠬᠤ ᠦᠢᠯᠡᠳᠪᠦᠷᠢ᠂ S217 ᠵᠠᠮ ᠳᠠᠭᠠᠤ᠂ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠵᠡᠷᠭᠡ ᠪᠠᠶᠢᠰᠢᠩ ᠭᠡᠷ ᠤᠨ ᠲᠣᠭᠤᠷᠢᠭ ᠲᠤ ᠬᠦᠷᠴᠦ᠂ ᠪᠠᠶᠢᠰᠢᠩ ᠭᠡᠷ ᠤᠨ ᠲᠣᠭᠤᠷᠢᠭ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠥᠭᠡᠷᠡᠴᠢᠯᠡᠨ ᠰᠠᠶᠢᠵᠢᠷᠠᠭᠤᠯᠬᠤ ᠲᠥᠯᠥᠪᠵᠢᠭᠦᠯᠭᠡ᠂ ᠬᠡᠷᠡᠭᠵᠢᠭᠦᠯᠬᠦ ᠠᠷᠭ᠎ᠠ ᠵᠠᠮ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ᠂ ᠪᠠᠶᠢᠰᠢᠩ ᠬᠡᠷ ᠤᠨ ᠲᠣᠭᠤᠷᠢᠭ ᠢ ᠥᠭᠡᠷᠡᠴᠢᠯᠡᠬᠦ ᠪᠣᠯ ᠣᠯᠠᠨ ᠲᠦᠮᠡᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ᠂ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ ᠮᠥᠨ᠂ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠬᠠᠷᠠᠭᠤᠯᠵᠤ ᠪᠠᠶᠢᠨ᠎ᠠ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠪᠠᠶᠢᠰᠢᠩ ᠭᠡᠷ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ᠂ ᠤᠯᠠᠨ ᠲᠦᠮᠡᠨ ᠤ ᠲᠤᠰᠬᠠᠯ ᠬᠠᠮᠤᠭ ᠤᠨ ᠲᠥᠪᠯᠡᠷᠡᠩᠭᠦᠢ ᠬᠠᠮᠤᠭ ᠤᠨ ᠲᠤᠯᠭᠠᠮ᠎ᠠ ᠬᠦᠴᠢᠷ ᠠᠰᠠᠭᠤᠳᠠᠯ ᠢ ᠲᠤᠪᠤᠶᠢᠮ᠎ᠠ ᠰᠠᠶᠢᠲᠤᠷ ᠰᠢᠢᠳᠪᠦᠷᠢᠯᠡᠵᠦ᠂ ᠴᠡᠪᠡᠷ ᠴᠡᠮᠴᠡᠭᠡᠷ᠂ ᠠᠮᠤᠷ ᠲᠦᠪᠰᠢᠨ ᠡᠮᠬᠢ ᠵᠢᠷᠤᠮ ᠲᠠᠢ᠂ ᠡᠶ᠎ᠡ ᠵᠣᠬᠢᠴᠠᠩᠭᠤᠢ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠬᠤ ᠬᠡᠷᠡᠭᠲᠡᠢ᠃ ᠬᠤᠳᠠ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠰᠢᠨ᠎ᠡ ᠵᠠᠭᠪᠤᠷ ᠰᠢᠨ᠎ᠡ ᠠᠷᠭ᠎ᠠ ᠶᠢ ᠢᠳᠡᠪᠬᠢᠲᠡᠢ ᠰᠦᠪᠡᠭᠴᠢᠯᠡᠨ ᠰᠤᠳᠤᠯᠵᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠥᠭᠡᠷᠡᠴᠢᠯᠡᠯᠲᠡ ᠳᠤ ᠣᠷᠣᠯᠴᠠᠬᠤ ᠢᠳᠡᠪᠬᠢᠵᠢᠯ ᠢ ᠥᠷᠭᠡᠨ ᠢᠶᠠᠷ ᠲᠠᠶᠢᠴᠢᠯᠠᠵᠦ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠡᠨᠡᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠣᠳᠠᠲᠠᠢ ᠰᠠᠶᠢᠲᠤᠷ ᠬᠢᠬᠦ ᠬᠡᠷᠡᠭᠲᠡᠢ ᠭᠡᠵᠤ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号