ᠲᠤᠰᠬᠠᠢ ᠰᠡᠳᠦᠪ ᠤᠨ ᠪᠣᠯᠪᠠᠰᠤᠷᠠᠯ︕
ᠨᠡᠶᠢᠲᠡᠯᠡᠭᠰᠡᠨ ᠴᠠᠭ᠄
2024/3/6
    ᠤᠬᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠦᠯᠢᠭᠡᠷ ᠢ ᠰᠠᠶᠢᠲᠤᠷ ᠶᠠᠷᠢᠨ᠎ᠠ᠃ 3 ᠰᠠᠷ᠎ᠠ ᠶᠢᠨ 2᠎ ᠤᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠤᠬᠠᠭᠤᠯᠭ᠎ᠠ ᠶᠢᠨ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠬᠢ ᠵᠢᠩᠬᠢᠨᠢ ᠪᠠᠷ ᠡᠬᠢᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠤᠬᠠᠭᠤᠯᠭ᠎ᠠ ᠶᠢᠨ ᠠᠵᠢᠯᠲᠠᠳ ᠨᠡᠶᠢᠳᠡ 200 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃
    ᠪᠣᠯᠪᠠᠰᠤᠷᠠᠯ ᠳᠤ᠂ ᠡᠯ᠎ᠡ ᠰᠤᠷᠭᠠᠭᠤᠯᠢ ᠨᠤᠭᠤᠳ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠦᠯᠢᠭᠡᠷ ᠢ ᠰᠠᠶᠢᠲᠤᠷ ᠶᠠᠷᠢᠬᠤ᠂ ᠰᠤᠷᠭᠠᠨ ᠬᠥᠮᠦᠵᠢᠯ ᠤᠨ ᠢᠳᠡᠪᠬᠢ ᠬᠦᠴᠦᠨ ᠢ ᠬᠥᠭᠵᠢᠭᠡᠬᠦ ᠶᠢᠨ ᠲᠣᠭᠤᠷᠢᠨ ᠳᠤ ᠲᠣᠰ ᠰᠤᠷᠭᠠᠭᠤᠯᠢ ᠶᠢᠨ ᠢᠶᠠᠨ ᠬᠢᠯᠠᠰ ᠴᠡᠭ ᠢ ᠭᠦᠨᠵᠡᠭᠡᠶ ᠠᠭᠤᠳᠠᠯᠵᠤ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠬᠡᠷ ᠪᠦᠯᠢ ᠪᠠ ᠰᠤᠷᠭᠠᠭᠤᠯᠢ ᠶᠢ ᠬᠠᠮᠲᠤ ᠪᠠᠷ ᠬᠥᠮᠦᠵᠢᠭᠦᠯᠬᠦ᠂ ᠣᠶᠤᠨᠴᠢ ᠰᠤᠷᠭᠠᠭᠤᠯᠢ ᠶᠢᠨ ᠬᠦᠷᠢᠶ᠎ᠡ ᠶᠢ ᠲᠤᠰᠠᠯᠠᠬᠤ᠂ ᠡᠳ᠋ ᠮᠥᠩᠭᠦ ᠪᠠᠷ ᠲᠤᠰᠠᠯᠠᠵᠤ ᠬᠥᠮᠦᠨ ᠢ ᠬᠥᠮᠦᠵᠢᠭᠦᠯᠬᠦ᠂ ᠬᠥᠳᠡᠯᠮᠦᠷᠢ ᠶᠢᠨ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠪᠥᠬᠦ ᠣᠷᠴᠢᠨ ᠲᠣᠭᠤᠷᠢᠨ ᠤ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠤᠬᠠᠭᠤᠯᠭ᠎ᠠ ᠬᠢᠵᠦ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠤᠬᠠᠭᠤᠯᠭ᠎ᠠ ᠶᠢᠨ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
640 (2).jpg   
    ᠰᠤᠷᠭᠠᠭᠤᠯᠢ ᠶᠢᠨ ᠬᠦᠷᠢᠶᠡᠨ ᠤ ᠰᠣᠶᠣᠯ ᠲᠠᠢ ᠤᠶᠠᠯᠳᠤᠭᠤᠯᠤᠨ᠂ ᠬᠠᠮᠲᠤ ᠪᠠᠷ ᠡᠭᠦᠳᠦᠨ ᠬᠠᠮᠲᠤ ᠪᠠᠷ ᠤᠷᠤᠭᠰᠢᠯᠠᠵᠤ᠂ ᠬᠠᠶᠢᠷ᠎ᠠ ᠰᠡᠳᠬᠢᠯᠭᠡ ᠲᠠᠢ ᠪᠠᠷ ᠰᠤᠷᠭᠠᠨ ᠬᠥᠮᠦᠵᠢᠯ ᠤᠨ ᠰᠠᠶᠢᠨ ᠦᠯᠢᠭᠡᠷ ᠢ ᠤᠯᠠᠮᠵᠢᠯᠠᠵᠤ᠂ ᠰᠢᠨ᠎ᠡ ᠨᠢᠭᠡ ᠵᠢᠯ ᠳᠤ᠂ ᠬᠠᠶᠢᠷᠤᠪ ᠤᠨ ᠲᠤᠬᠤᠢ ᠲᠣᠭᠤᠷᠢᠭ ᠰᠤᠷᠭᠠᠨ ᠬᠥᠮᠦᠵᠢᠯ ᠤᠨ ᠢᠳᠡᠪᠬᠢ ᠬᠦᠴᠦᠨ ᠢ ᠢᠳᠡᠪᠬᠢᠲᠡᠢ ᠤᠬᠠᠭᠤᠯᠵᠤ᠂ ᠤᠬᠠᠭᠤᠯᠭ᠎ᠠ ᠪᠠᠷ ᠳᠠᠮᠵᠢᠭᠤᠯᠵᠤ᠂ ᠰᠤᠷᠭᠠᠭᠤᠯᠢ᠂ ᠨᠡᠶᠢᠭᠡᠮ ᠤᠨ ᠤᠯᠠᠨ ᠲᠠᠯ᠎ᠠ ᠶᠢᠨ ᠣᠶᠢᠯᠠᠭᠠᠯᠲᠠ ᠶᠢ ᠨᠡᠮᠡᠭᠳᠡᠭᠦᠯᠵᠦ᠂ ᠬᠠᠮᠵᠢᠯᠴᠠᠨ ᠬᠥᠮᠦᠨ ᠢ ᠬᠥᠮᠦᠵᠢᠭᠦᠯᠵᠦ᠂ ᠰᠤᠷᠭᠠᠨ ᠬᠥᠮᠦᠵᠢᠯ ᠤᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠴᠢᠨᠠᠭᠰᠢᠳᠠ ᠰᠠᠶᠢᠵᠢᠷᠠᠭᠤᠯᠵᠤ᠂ ᠰᠤᠷᠭᠠᠨ ᠬᠥᠮᠦᠵᠢᠯ ᠤᠨ ᠠᠮᠢ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠶᠢᠨ ᠬᠠᠮᠲᠤ ᠨᠡᠩ ᠤᠯᠠᠨ ᠬᠥᠮᠦᠨ ᠳᠤ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠣᠳᠣᠬᠢ ᠪᠠᠶᠢᠳᠠᠯ ᠪᠣᠯᠤᠨ ᠬᠥᠭᠵᠢᠯᠲᠡ ᠶᠢ ᠤᠢᠢᠯᠠᠭᠠᠭᠤᠯᠵᠤ᠂ ᠪᠦᠬᠦ ᠨᠡᠶᠢᠭᠡᠮ ᠢᠶᠠᠷ ᠢᠶᠠᠨ ᠰᠤᠷᠭᠠᠨ ᠬᠥᠮᠦᠵᠢᠯ ᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号