ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/3/7
    ᠨᠢᠭᠡ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ    ︵ᠨᠢᠭᠡ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠤᠱᠯᠠᠭᠤᠯᠤᠨ ᠬᠡᠷᠡᠭᠵᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠵᠢᠯᠣᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ᠂ ᠲᠦᠭᠡᠮᠡᠯ ᠬᠠᠷᠠᠭᠠᠯᠵᠠᠯ ᠦᠵᠡᠭᠦᠯᠬᠦ᠂ ᠳᠥᠭᠦᠮ ᠳᠥᠲᠡ ᠪᠣᠯᠭᠠᠬᠤ ᠪᠠ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠬᠤᠶᠠᠷ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠴᠢᠭᠯᠡᠯᠲᠡ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠭᠦᠨᠵᠡᠭᠡᠶᠢᠷᠡᠭᠦᠯᠵᠦ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠠᠬᠢᠭᠤᠯᠤᠨ᠂ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠪᠡᠶᠡᠴᠢ ᠴᠣᠭᠴᠠ ᠶᠢᠨ ᠣᠯᠠᠨ ᠡᠰᠢᠵᠢᠯᠲᠡ᠂ ᠬᠠᠩᠭᠠᠬᠤ ᠠᠷᠭ᠎ᠠ ᠮᠠᠶ᠋ᠢᠭ ᠢ ᠣᠯᠠᠨ ᠶᠠᠩᠵᠤ ᠶᠢᠨ ᠪᠣᠯᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡ ᠪᠠ ᠡᠮ ᠤᠨ ᠵᠦᠢᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃    ︵ᠭᠤᠷᠪᠠ︶ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠯᠥᠪᠵᠢᠭᠦᠯᠭᠡ ᠵᠢᠴᠢ ᠠᠷᠠᠳ ᠤᠨ ᠡᠷᠡᠭᠦᠯ ᠮᠡᠨᠳᠦ ᠶᠢ ᠬᠦᠨᠳᠦ ᠨᠣᠴᠢᠲᠠᠶ ᠬᠥᠨᠥᠭᠡᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠢ ᠬᠠᠮᠢᠶᠠᠷᠬᠤ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠦᠯᠦ ᠬᠠᠯᠳᠠᠭᠠᠬᠤ ᠲᠥᠯᠥᠪᠵᠢᠭᠦᠯᠭᠡ ᠶᠢ ᠬᠡᠷᠡᠭᠵᠢᠭᠦᠯᠦᠨ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠨ ᠬᠢᠵᠠᠭᠠᠷᠯᠠᠬᠤ ᠪᠠ ᠣᠯᠠᠨ ᠨᠡᠶᠢᠲᠡ ᠶᠢᠨ ᠡᠯ᠎ᠡ ᠲᠥᠷᠥᠯ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃    ︵ᠲᠦᠷᠪᠡ︶ ᠬᠥᠮᠦᠨ ᠠᠮᠠ ᠶᠢᠨ ᠨᠠᠰᠤᠵᠢᠯ ᠢ ᠠᠷᠭᠠᠴᠠᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠬᠠᠶᠢᠷᠤᠪ ᠤᠨ ᠲᠣᠬᠤᠶ ᠲᠣᠭᠤᠷᠢᠭ ᠤᠨ ᠨᠠᠰᠤᠲᠠᠶᠢᠴᠤᠳ ᠤᠨ ᠡᠷᠡᠭᠦᠯ ᠮᠡᠨᠳᠦ ᠶᠢᠨ  ᠤᠶᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠠᠵᠢᠯ ᠢ ᠬᠠᠷᠢᠭᠤᠴᠠᠨ ᠠᠬᠢᠭᠤᠯᠤᠨ᠎ᠠ᠃    ︵ᠲᠠᠪᠤ︶ ᠤᠯᠤᠰ ᠤᠨ ᠡᠮ ᠤᠨ ᠵᠦᠢᠯ ᠤᠨ ᠲᠥᠷᠥ ᠶᠢᠨ ᠪᠣᠳᠣᠯᠭ᠎ᠠ ᠪᠣᠯᠤᠨ ᠦᠨᠳᠦᠰᠦᠨ ᠡᠮ ᠤᠨ ᠵᠦᠢᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮ ᠤᠨ ᠵᠦᠢᠯ ᠬᠡᠷᠡᠭᠯᠡᠬᠦ ᠶᠢ ᠬᠢᠨᠠᠨ ᠬᠡᠮᠵᠢᠬᠦ᠂ ᠡᠮᠴᠢᠯᠡᠭᠡᠨ ᠳᠤ ᠶᠡᠷᠦᠩᠬᠡᠶᠢᠯᠡᠨ ᠦᠨᠡᠯᠡᠯᠲᠡ ᠬᠢᠬᠦ ᠪᠠ ᠳᠤᠲᠠᠭᠳᠠᠵᠤ ᠪᠠᠶᠢᠭ᠎ᠠ ᠡᠮ ᠤᠨ ᠵᠦᠢᠯ ᠤᠨ ᠰᠡᠷᠡᠮᠵᠢᠯᠡᠭᠦᠯᠬᠦ ᠶᠢ ᠥᠷᠨᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠯᠡᠵᠦ ᠦᠨᠡᠯᠡᠨ ᠵᠢᠱᠢᠬᠦ ᠶᠢ ᠦᠷᠨᠢᠭᠦᠯᠦᠨ᠎ᠡ᠃    ︵ᠵᠢᠷᠭᠤᠭ᠎ᠠ︶ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠠᠷᠢᠭᠤᠨ ᠴᠡᠪᠡᠷ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠦᠨ᠎ᠡ᠃   ︵ᠳᠤᠯᠤᠭ᠎ᠠ︶ ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠤᠶᠢᠯᠡᠴᠢᠯᠡᠭᠡᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮᠴᠢᠯᠡᠭᠡᠨ ᠤ ᠤᠶᠢᠯᠡᠴᠢᠯᠡᠭᠡ ᠶᠢ ᠦᠨᠡᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠰᠢᠰᠲ᠋ᠧᠮ ᠢ ᠪᠠᠶᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠬᠢᠷᠢ ᠬᠡᠮ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠡᠮᠴᠢᠯᠡᠭᠡ ᠶᠢᠨ ᠦᠢᠯᠡᠴᠢᠯᠡᠭᠡᠨ ᠤ ᠵᠢᠷᠤᠮᠵᠢᠯ᠂ ᠪᠠᠷᠢᠮᠵᠢᠶ᠎ᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠡᠷᠭᠢᠯᠡᠬᠦ ᠲᠦᠷᠢᠮ᠂ ᠦᠢᠯᠡᠴᠢᠯᠡᠭᠡᠨ ᠤ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠨᠠᠢᠮᠠ︶ ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠬᠥᠮᠦᠨ ᠠᠮᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠥᠷᠨᠢᠭᠦᠯᠦᠨ᠂ ᠬᠥᠮᠦᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠲᠥᠯᠥᠪᠯᠡᠭᠡᠲᠦ ᠦᠷᠡᠵᠢᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠶᠢᠰᠦ︶ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠪᠠ ᠶᠡᠷᠦᠩᠬᠡᠶ ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠴᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃    ︵ᠠᠷᠪᠠ︶ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠮᠴᠢᠯᠡᠭᠡ᠂ ᠡᠷᠡᠭᠦᠯᠵᠢᠯ᠂ ᠰᠤᠷᠭᠠᠨ ᠭᠦᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠰᠤᠶᠤᠯ ᠵᠢᠴᠢ ᠬᠠᠮᠢᠶ᠎ᠠ ᠪᠦᠭᠦᠢ ᠠᠵᠦ ᠦᠢᠯᠡᠰ ᠤᠨ ᠦᠬᠡᠷᠡᠴᠢᠯᠡᠯᠳᠡ ᠭᠦᠭᠵᠢᠯᠳᠡ ᠬᠢᠬᠡᠳ ᠭᠠᠳᠠᠭᠠᠳᠤ ᠯᠤᠭ᠎ᠠ ᠶᠢᠨ ᠰᠤᠯᠢᠯᠴᠠᠭ᠎ᠠ ᠬᠠᠮᠳᠤᠷᠠᠯᠴᠠᠭ᠎ᠠ ᠶᠢ ᠪᠠᠳᠤᠯᠠᠬᠤ ᠪᠠ ᠠᠬᠢᠭᠤᠯᠵᠦ᠂ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠤᠯᠠᠮᠵᠢᠯᠠᠨ ᠵᠠᠯᠭᠠᠮᠵᠢᠯᠠᠵᠦ ᠰᠢᠨ᠎ᠠ ᠶᠢ ᠡᠭᠦᠳᠭᠦ ᠪᠠ ᠭᠦᠭᠵᠢᠨ ᠭᠦᠭᠵᠢᠬᠦ ᠶᠢ ᠠᠬᠢᠭᠤᠯᠤᠨ᠎ᠠ᠃    ︵ᠠᠷᠪᠠᠨ ᠨᠢᠭᠡ︶ ᠬᠠᠶᠢᠷᠤᠪ ᠤᠨ ᠲᠣᠬᠤᠢ ᠲᠣᠭᠤᠷᠢᠭ ᠤᠨ ᠡᠷᠡᠭᠦᠯᠵᠢᠯ ᠤᠨ ᠡᠲᠡᠭᠡᠳ ᠤᠨ ᠡᠮ ᠡᠮᠨᠡᠯᠭᠡ ᠡᠷᠡᠭᠦᠯᠵᠢᠯ ᠤᠨ ᠠᠵᠢᠯ ᠢ ᠬᠠᠷᠢᠭᠤᠴᠠᠵᠤ᠂ ᠴᠢᠬᠤᠯᠠ ᠬᠤᠷᠠᠯ ᠬᠢᠭᠡᠳ ᠴᠢᠬᠤᠯᠠ ᠶᠡᠭᠡ ᠠᠵᠢᠯᠯᠠᠭ᠎ᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃    ︵ᠠᠷᠪᠠᠨ ᠬᠤᠶᠠᠷ︶ ᠬᠠᠶᠢᠷᠤᠪ ᠤᠨ ᠲᠣᠬᠤᠢ ᠲᠣᠭᠤᠷᠢᠭ ᠤᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠎ᠠ᠃ ᠬᠠᠶᠢᠷᠤᠪ ᠤᠨ ᠲᠣᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠲᠥᠷᠥᠯ ᠤᠨ ᠨᠠᠮ ᠤᠨ ᠠᠵᠢᠯᠯᠠᠬᠤ ᠬᠤᠷᠢᠶ᠎ᠠ᠂ ᠪᠠᠶᠢᠭᠤᠯᠭ᠎ᠠ ᠪᠣᠯᠤᠨ ᠬᠠᠷᠢᠶ᠎ᠠ ᠨᠢᠭᠡᠴᠡ ᠶᠢᠨ ᠨᠠᠮ ᠣᠯᠠᠨ ᠲᠦᠮᠡᠨ ᠪᠣᠯᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃    ︵ᠠᠷᠪᠠᠨ ᠭᠤᠷᠪᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ︵ᠠᠷᠪᠠᠨ ᠳᠥᠷᠪᠡᠳᠦᠭᠡᠷ︶ ᠡᠭᠦᠷᠭᠡ ᠴᠢᠳᠠᠪᠤᠷᠢ ᠶᠢ ᠬᠤᠪᠢᠷᠠᠬᠤᠯᠬᠤ᠃ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠶᠡᠭᠡ ᠡᠷᠡᠭᠦᠯ ᠬᠠᠮᠠᠭᠠᠯᠠᠯ᠂ ᠶᠡᠭᠡ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠡᠷᠡᠭᠦᠯ ᠡᠩᠬᠡ ᠬᠠᠶᠢᠷᠤᠪ ᠤᠨ ᠲᠣᠬᠤᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠡᠷᠡᠭᠦᠯ ᠮᠡᠨᠳᠦ ᠶᠢ ᠠᠬᠢᠭᠤᠯᠬᠤ᠂ ᠬᠡᠪ ᠵᠠᠭᠪᠤᠷ ᠢ ᠬᠤᠪᠢᠷᠠᠭᠤᠯᠬᠤ᠂ ᠦᠨᠳᠦᠰᠦᠨ ᠱᠠᠲᠤ ᠶᠢ ᠴᠢᠩᠭᠠᠳᠬᠠᠬᠤ᠂ ᠪᠠᠲᠤᠯᠠᠭ᠎ᠠ ᠶᠢ ᠴᠢᠬᠤᠯᠠᠴᠢᠯᠠᠬᠤ ᠪᠠᠷ ᠬᠦᠴᠦᠯᠡᠬᠦ ᠴᠡᠭ ᠪᠣᠯᠭᠠᠵᠤ᠂ ᠡᠪᠡᠳᠴᠢᠨ ᠵᠠᠰᠠᠬᠤ ᠪᠠᠷ ᠭᠤᠤᠯ ᠪᠣᠯᠭᠠᠬᠤ ᠶᠢ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠬᠤ ᠪᠣᠯᠭᠠᠨ ᠬᠤᠪᠢᠷᠠᠭᠤᠯᠵᠤ᠂ ᠠᠷᠠᠳ ᠣᠯᠠᠨ ᠳᠤ ᠪᠦᠬᠦ ᠲᠠᠯ᠎ᠠ ᠶᠢᠨ ᠪᠦᠬᠦ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠬᠡᠷᠡᠭᠲᠡᠶ᠃ ᠨᠢᠭᠡ ᠳᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠪᠠ ᠡᠷᠡᠭᠦᠯ ᠮᠡᠨᠳᠦ ᠶᠢ ᠠᠬᠢᠭᠤᠯᠬᠤ ᠶᠢ ᠨᠡᠩ ᠴᠢᠬᠤᠯᠠᠴᠢᠯᠠᠵᠤ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠵᠤ᠂ ᠬᠥᠮᠦᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠭᠠᠵᠤ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ ᠃ ᠬᠤᠶᠠᠷ ᠲᠤ ᠠᠵᠢᠯ ᠤᠨ ᠭᠤᠤᠯᠳᠠᠯᠭ᠎ᠠ ᠪᠠᠨ ᠳᠣᠷᠣᠭᠰᠢ ᠰᠢᠯᠵᠢᠭᠦᠯᠬᠦ ᠪᠠ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠨᠠᠩ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠲᠡᠶᠢᠰᠢ ᠤᠷᠲᠤᠳᠬᠠᠬᠤ᠂ ᠮᠠᠯᠵᠢᠬᠤ ᠲᠠᠷᠢᠶᠠᠯᠠᠬᠤ ᠣᠷᠣᠨ ᠢ ᠬᠠᠮᠤᠷᠬᠤ᠂ ᠬᠢᠯᠢ ᠬᠢᠵᠠᠭᠠᠷ ᠣᠷᠣᠨ ᠪᠠ ᠠᠮᠢᠳᠤᠷᠠᠯ ᠤᠨ ᠬᠦᠴᠢᠷᠳᠡᠯᠲᠡᠶ ᠣᠯᠠᠨ ᠲᠦᠮᠡᠨ ᠲᠡᠶᠢᠰᠢ ᠬᠡᠯᠪᠠᠶᠢᠯᠭᠡᠬᠦ ᠶᠢ ᠠᠬᠢᠭᠤᠯᠤᠨ᠎ᠠ᠃ ᠭᠤᠷᠪᠠ ᠳᠤ᠂ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢ ᠨᠠᠩ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠲᠦᠭᠡᠮᠡᠯ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ ᠶᠢ ᠠᠬᠢᠭᠤᠯᠤᠨ᠎ᠠ᠃ ᠲᠦᠷᠪᠡ ᠳᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠭᠤᠣᠯ ᠴᠣᠭᠴᠠ ᠶᠢᠨ ᠤᠯᠠᠨ ᠡᠰᠢᠵᠢᠯᠲᠡ᠂ ᠬᠠᠩᠭᠠᠬᠤ ᠠᠷᠭ᠎ᠠ ᠮᠠᠶ᠋ᠢᠭ ᠤᠨ ᠤᠯᠠᠨ ᠶᠠᠩᠵᠤᠴᠢᠯᠠᠬᠤ ᠶᠢ ᠠᠬᠢᠭᠤᠯᠤᠨ᠎ᠠ᠃    ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ    ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠨᠢᠭᠡᠴᠡ ᠪᠣᠯᠤᠨ᠎ᠠ᠂ ᠵᠢᠩᠬᠢᠨᠢ ᠰᠠᠯᠠᠭ᠎ᠠ ᠶᠢᠨ ᠳᠡᠰ ᠲᠤ ᠬᠠᠶᠢᠷᠤᠪ ᠤᠨ ᠲᠤᠬᠤᠢ ᠲᠣᠭᠤᠷᠢᠭ ᠤᠨ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠤᠪᠴᠢᠶ᠎ᠠ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠵᠢᠯ ᠤᠨ ᠫᠠᠶᠢᠰᠠ ᠶᠢ ᠨᠡᠮᠡᠵᠦ ᠡᠯᠭᠦᠪᠡ᠃    ᠬᠠᠶᠢᠷᠤᠪ ᠤᠨ ᠲᠤᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠣᠲᠣᠭᠠᠳᠤ ᠪᠠᠶᠢᠭᠤᠯᠤᠮᠵᠢ    ᠭᠤᠷᠪᠠ᠂ ᠠᠵᠢᠯᠯᠠᠬᠤ ᠬᠠᠶ᠋ᠢᠭ᠄ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠣᠷᠳᠣᠨ ᠤ 207 ᠲᠠᠰᠤᠭ    ᠳᠥᠷᠪᠡ᠂ ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00᠂ 15 ᠄ 00-18᠄00    ᠲᠠᠪᠤ᠂ ᠬᠠᠷᠢᠯᠴᠠᠬᠤ ᠠᠷᠭ᠎ᠠ ᠬᠡᠯᠪᠡᠷᠢ᠄ 0473-2059639    ᠵᠢᠷᠭᠤᠭ᠎ᠠ᠂ ᠬᠠᠷᠢᠭᠤᠴᠠᠯᠭᠠᠳᠠᠨ ᠤ ᠤᠪᠤᠭ ᠨᠡᠷ᠎ᠡ᠄ ᠯᠦᠸᠧ ᠢ   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号