3 ᠰᠠᠷ᠎ᠠ ᠶᠢᠨ 7 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠪᠣᠯᠤᠨ ᠦᠬᠠᠢ ᠶᠢᠨ ᠡᠮᠦᠨ᠎ᠡ ᠭᠤᠪᠢ ᠶᠢᠨ ᠠᠭᠤᠷᠬᠠᠢ ᠶᠢᠨ ᠦᠢᠯᠡᠰ ᠤᠨ ᠡᠬᠢ ᠪᠠᠶᠠᠯᠢᠭ ᠤᠨ ᠬᠢᠵᠠᠭᠠᠷᠲᠤ ᠺᠣᠮᠫᠠᠨᠢ᠂ | ᠥᠪᠥᠷ ᠮᠣᠩᠭᠤᠯ ᠤᠨ ᠶᠢᠨ ᠾᠧ ᠲᠠᠢ ᠨᠡᠭᠦᠷᠡᠰᠦᠨ ᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠴᠡᠭᠡ | ᠪᠣᠭᠤᠮᠲᠠ ᠳᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ 2024 ᠣᠨ ᠳᠤ | ᠬᠤᠶᠠᠷ ᠠᠵᠤ ᠠᠬᠤᠶᠢᠯᠠᠯ ᠨᠡᠶᠢᠳᠡ ︽ᠮᠣᠩᠭᠤᠯ ᠤᠯᠤᠰ ᠤᠨ ᠨᠡᠭᠦᠷᠡᠰᠦ ᠶᠢ ᠦᠬᠠᠢ ᠳᠤ ᠣᠷᠣᠭᠤᠯᠬᠤ︾ | ᠭᠠᠳᠠᠭᠠᠳᠤ ᠠᠴᠠ ᠣᠷᠣᠭᠤᠯᠬᠤ ᠲᠦᠭᠦᠬᠡᠶ ᠨᠡᠭᠦᠷᠡᠰᠦ ᠶᠢ ᠨᠡᠶᠢᠳᠡ 300 ᠲᠦᠮᠡᠨ ᠲᠣᠨ ᠪᠡᠶᠡᠯᠡᠭᠦᠯᠬᠦ ᠪᠠᠷ ᠪᠣᠯᠵᠣᠨ | ᠲᠣᠭᠲᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠦ᠋ ᠬᠠᠢ ᠡᠷᠬᠢᠯᠡᠵᠦ᠂ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ | ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃ | | ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ︽ ᠮᠣᠩᠭᠤᠯ ᠤᠯᠤᠰ ᠤᠨ ᠨᠡᠭᠦᠷᠡᠰᠦ ᠶᠢ | ᠦᠬᠠᠢ ᠳᠤ ᠣᠷᠣᠭᠤᠯᠬᠤ︾ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂ ᠬᠠᠶᠢᠷᠤᠪ ᠤᠨ ᠲᠣᠬᠤᠢ | ᠲᠣᠭᠤᠷᠢᠭ ᠤᠨ ᠮᠣᠩᠭᠤᠯ ᠣᠯᠣᠰ ᠤᠨ ᠨᠡᠭᠦᠷᠡᠰᠦᠨ ᠤ ᠠᠷᠠᠯᠵᠢᠶᠠᠨ ᠤ ᠲᠥᠪ ᠵᠢᠴᠢ ᠮᠢᠩᠭᠠᠨ ᠲᠦᠮᠡᠨ ᠲᠣᠨ | ᠤᠬᠢᠶᠠᠨ ᠰᠣᠩᠭᠤᠬᠤ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠬᠤ ᠶᠢᠨ ᠲᠣᠭᠤᠷᠢᠨ ᠳᠤ᠂ ᠬᠠᠶᠢᠷᠤᠪ ᠤᠨ | ᠲᠣᠬᠤᠢ ᠲᠣᠭᠤᠷᠢᠭ ᠢ ᠨᠡᠭᠦᠷᠡᠰᠦ ᠲᠣᠬᠢᠷᠠᠭᠤᠯᠬᠤ ᠣᠷᠣᠨ ᠪᠦᠰᠡ ᠶᠢᠨ ᠲᠥᠪ ᠪᠣᠯᠭᠠᠨ ᠪᠦᠲᠦᠭᠡᠨ ᠪᠠᠶᠢᠭᠤᠯᠵᠤ᠂ | ᠬᠠᠶᠢᠷᠤᠪ ᠤᠨ ᠲᠣᠬᠤᠢ ᠲᠣᠭᠤᠷᠢᠭ ᠤᠨ ᠨᠡᠭᠦᠷᠡᠰᠦ ᠤᠬᠢᠶᠠᠬᠤ ᠠᠵᠢᠯ ᠲᠥᠷᠥᠯ ᠤᠨ ᠰᠠᠭᠤᠷᠢ ᠶᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠣᠷᠣᠨ ᠪᠦᠰᠡ ᠶᠢᠨ ᠴᠢᠨᠠᠷᠲᠠᠶ ᠥᠷᠢᠰᠥᠯᠳᠦᠭᠡᠨ ᠤ ᠳᠠᠪᠠᠭᠤᠯᠢᠭ ᠢ ᠪᠣᠶ ᠪᠣᠯᠭᠠᠵᠤ᠂ | ᠨᠡᠭᠦᠷᠡᠰᠦ ᠤᠬᠢᠶᠠᠬᠤ ᠠᠵᠢᠯ ᠲᠥᠷᠥᠯ ᠢ ᠡᠮᠬᠢᠯᠡᠨ ᠨᠡᠶᠢᠯᠡᠭᠦᠯᠬᠦ ᠠᠵᠢᠯ ᠢ ᠲᠦᠯᠬᠢᠨ ᠠᠬᠢᠭᠤᠯᠬᠤ ᠪᠠᠷ ᠳᠠᠮᠵᠢᠭᠤᠯᠤᠨ | ᠳᠡᠭᠡᠳᠦ ᠤᠷᠤᠰᠬᠠᠯ ᠤᠨ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ᠂ ᠳᠣᠣᠷᠠᠳᠤ ᠤᠷᠤᠰᠬᠠᠯ ᠤᠨ ᠬᠡᠦᠷᠰᠢᠭᠦᠯᠬᠦ | ᠠᠵᠤ ᠠᠬᠤᠶᠢᠯᠠᠯ ᠲᠠᠢ ᠡᠭᠴᠡ ᠪᠠᠷ ᠢᠵᠢ ᠪᠦᠷᠢᠳᠦᠭᠦᠯᠵᠦ᠂ ᠬᠠᠮᠲᠤᠪᠠᠷ ᠡᠭᠦᠳᠴᠦ ᠬᠠᠮᠲᠤᠪᠠᠷ ᠠᠰᠢᠭ ᠣᠯᠵᠤ | ᠬᠠᠮᠲᠤᠪᠠᠷ ᠡᠳ᠋ᠯᠡᠬᠦ ᠠᠵᠤ ᠦᠢᠯᠡᠰ ᠤᠨ ᠠᠮᠢ ᠠᠬᠤᠢ ᠶᠢᠨ ᠬᠦᠷᠢᠶ᠎ᠡ ᠶᠢ ᠪᠣᠶ ᠪᠣᠯᠭᠠᠵᠤ᠂ ᠲᠤᠰᠬᠠᠶᠢᠵᠢᠭᠰᠠᠨ᠂ ᠵᠠᠬ᠎ᠠ | ᠳᠡᠯᠭᠡᠭᠦᠷᠴᠢᠯᠡᠭᠰᠡᠨ᠂ ᠪᠦᠯᠦᠭᠵᠢᠭᠰᠡᠨ ᠠᠵᠤ ᠠᠬᠤᠢ ᠶᠢᠨ ᠬᠠᠮᠲᠤ ᠶᠢᠨ ᠴᠣᠭᠴᠠ ᠶᠢ ᠪᠣᠶ ᠪᠣᠯᠭᠠᠵᠤ᠂ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ ᠤ ᠬᠢᠷᠢ | ᠲᠦᠪᠰᠢᠨ ᠢ ᠳᠡᠭᠡᠭᠰᠢᠯᠡᠭᠦᠯᠵᠦ᠂ ᠨᠡᠭᠦᠷᠡᠰᠦ ᠬᠡᠤᠷᠡᠰᠦ ᠶᠢᠨ ᠪᠣᠯᠣᠳ ᠲᠡᠮᠦᠷ ᠤᠨ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠳᠤ ᠳᠤᠮᠳᠠᠬᠢ ᠭᠤᠭᠴᠤᠭ᠎ᠠ ᠶᠢ ᠰᠠᠶᠢᠲᠤᠷ ᠬᠢᠵᠦ᠂ ᠠᠵᠠ ᠲᠣᠬᠢᠶᠠᠯ ᠢ ᠵᠠᠪᠳᠤᠨ ᠠᠳᠬᠤᠵᠤ᠂ | ᠢᠳᠡᠪᠬᠢᠲᠡᠶ ᠪᠠᠷ ᠠᠵᠢᠯᠯᠠᠬᠤ ᠬᠡᠷᠡᠭᠲᠡᠢ᠃ | ᠲᠣᠰ ᠤᠳᠠᠭᠠᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠥᠰᠥᠭ | ᠵᠢᠷᠤᠭᠰᠠᠨ ᠶᠠᠪᠤᠳᠠᠯ ᠨᠢ ︽ᠮᠣᠩᠭᠤᠯ ᠤᠯᠤᠰ ᠤᠨ ᠨᠡᠭᠦᠷᠡᠰᠦ ᠶᠢ ᠦᠬᠠᠢ ᠳᠤ ᠣᠷᠣᠭᠤᠯᠬᠤ︾ ᠬᠠᠮᠤᠭ ᠡᠴᠦᠰ ᠤᠨ | ᠪᠣᠭᠤᠮᠲᠠ ᠶᠢ ᠤᠷᠤᠭᠰᠢᠲᠠᠶ ᠨᠡᠪᠲᠡᠷᠡᠭᠦᠯᠵᠤ᠂ ᠭᠠᠵᠠᠷ ᠣᠷᠣᠨ ᠤ ᠠᠵᠤ ᠠᠬᠤᠶ ᠶᠢᠨ ᠬᠥᠭᠵᠢᠯ ᠴᠡᠴᠡᠭᠯᠡᠯ ᠢ | ᠠᠬᠢᠭᠤᠯᠬᠤ᠂ ᠡᠨᠧᠷᠭᠢ ᠶᠢᠨ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠲᠤᠰ ᠲᠤᠰ ᠤᠨ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠨᠡᠭᠦᠷᠡᠰᠦᠨ ᠤ ᠠᠵᠤ | ᠦᠢᠯᠡᠰ ᠤᠨ ᠰᠢᠨ᠎ᠡ ᠬᠠᠭᠤᠳᠠᠰᠤ ᠶᠢ ᠬᠠᠮᠲᠤᠪᠠᠷ ᠡᠭᠦᠳᠴᠦ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠠᠢ᠃ |