ᠴᠡᠭᠡᠯ ᠠᠭᠤᠯᠠ ᠪᠠᠯᠭᠠᠰᠤ
ᠨᠡᠶᠢᠲᠡᠯᠡᠭᠰᠡᠨ ᠴᠠᠭ᠄
2024/3/8
    ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠤᠷᠢ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠬᠢᠨᠠᠨ ᠵᠥᠪᠰᠢᠶᠡᠷᠡᠬᠦ ᠤᠶᠢᠯᠡᠴᠢᠯᠡᠭᠡᠨ ᠤ ᠬᠠᠤᠯᠢ ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠪᠠ ᠬᠠᠶᠢᠷᠤᠪ ᠤᠨ ᠲᠣᠬᠤᠶ ᠲᠣᠭᠤᠷᠢᠭ ᠤᠨ ᠳᠠᠷᠤᠮᠠᠯᠯᠠᠨ ᠲᠠᠷᠬᠠᠭᠠᠭᠰᠠᠨ ︽ᠬᠠᠶᠢᠷᠤᠪ ᠤᠨ ᠲᠣᠬᠤᠶ ᠲᠣᠭᠤᠷᠢᠭ ᠤᠨ ᠪᠠᠯᠭᠠᠰᠤ ᠪᠠ ᠵᠡᠭᠡᠯᠢ ᠭᠤᠳᠤᠮᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾᠎ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠴᠡᠭᠡᠯ ᠠᠭᠤᠯᠠ ᠪᠠᠯᠭᠠᠰᠤᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠵᠢᠩᠬᠢᠨᠢ ᠰᠠᠯᠠᠭᠠᠨ ᠤ ᠲᠡᠰ ᠪᠣᠯᠤᠨ᠎ᠠ᠃    ᠬᠤᠶᠠᠷ᠂ ᠬᠠᠶᠢᠷᠤᠪ ᠤᠨ ᠲᠤᠬᠤᠢ ᠲᠤᠭᠤᠷᠢᠭ ᠤᠨ ᠴᠡᠭᠡᠯ ᠠᠭᠤᠯᠠ ᠪᠠᠯᠭᠠᠰᠤᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠤᠷᠳᠤᠨ ᠳᠤ ᠲᠤᠤᠷᠠᠬᠢ ᠨᠠᠮ ᠵᠠᠰᠠᠭ ᠤᠨ ᠪᠠᠶᠢᠭᠤᠯᠤᠮᠵᠢ ᠶᠢ ᠪᠠᠶᠢᠭᠤᠯᠪᠠ᠄    ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠄ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠵᠠᠰᠠᠭ ᠤᠨ ᠣᠷᠳᠣᠨ ᠤ ᠰᠦᠯᠵᠢᠶᠡᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ︔ ᠳᠠᠩᠰᠠ ᠡᠪᠬᠡᠮᠡᠯ ᠤᠨ ᠬᠠᠮᠢᠶᠠᠷᠤᠯᠲᠠ ᠶᠢ ᠬᠠᠷᠢᠭᠤᠴᠠᠨ᠎ᠠ︔ ᠠᠵᠢᠯᠲᠠᠨ ᠤ ᠶᠠᠪᠤᠳᠠᠯ ᠪᠠ ᠡᠳ᠋ ᠤᠨ ᠵᠠᠰᠠᠭ ᠵᠡᠷᠭᠡ ᠠᠵᠢᠯ ᠢ ᠬᠠᠷᠢᠭᠤᠴᠠᠨ᠎ᠠ᠃    ︵ᠬᠤᠶᠠᠷ︶ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠄ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠠᠵᠢᠯᠴᠢᠨ ᠤ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯ ᠢ ᠬᠠᠷᠢᠭᠤᠴᠠᠨ᠎ᠠ︔ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ︔ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ︔ ᠤᠯᠠᠨ ᠨᠡᠶᠢᠲᠡ ᠶᠢᠨ ᠳ᠋ᠤᠭᠠᠷ ᠤᠨ ᠲᠠᠪᠴᠠᠩ ᠢ ᠬᠠᠮᠠᠭᠠᠯᠠᠬᠤ᠂ ᠮᠡᠳᠡᠭᠡ ᠵᠠᠩᠭᠢ ᠶᠢᠨ ᠲᠣᠪᠴᠢ ᠮᠡᠳᠡᠭᠡ ᠶᠢ ᠳᠡᠭᠡᠭᠰᠢ ᠮᠡᠳᠡᠭᠦᠯᠬᠦ ᠵᠡᠷᠭᠡ ᠠᠵᠢᠯ ᠢ ᠬᠠᠷᠢᠭᠤᠴᠠᠨ᠎ᠠ᠃    ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ︵ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠫᠠᠶᠢᠰᠠ ᠡᠯᠭᠦᠬᠦ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠪᠦᠬᠦ ᠪᠠᠯᠭᠠᠰᠤᠨ ᠤ ᠰᠠᠭᠤᠷᠢ ᠮᠡᠳᠡᠭᠡ ᠵᠠᠩᠭᠢ ᠶᠢᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ︔ ᠬᠠᠷᠢᠶ᠎ᠠ ᠣᠷᠣᠨ ᠤ ᠳᠣᠲᠣᠷᠠᠬᠢ ᠪᠠᠯᠭᠠᠰᠤᠨ ᠤ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ︔ ᠪᠠᠯᠭᠠᠰᠤᠨ ᠤ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠰᠦᠪ ᠢ ᠬᠢᠨᠠᠬᠤ ᠰᠤᠷᠭᠠᠭᠤᠯᠢ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠢ ᠬᠠᠷᠢᠭᠤᠴᠠᠨ᠎ᠠ︔ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠣᠯᠪᠠᠰᠤᠨ ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ︔ ᠬᠠᠷᠢᠶ᠎ᠠ ᠣᠷᠣᠨ ᠤ ᠳᠣᠲᠣᠷᠠᠬᠢ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠲᠥᠯᠥᠪᠵᠢᠭᠦᠯᠭᠡ ᠪᠠ ᠬᠠᠷᠢᠶ᠎ᠠ ᠣᠷᠣᠨ ᠤ ᠢᠨᠵᠧᠨᠧᠷᠢᠩ ᠤᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠠᠵᠢᠯ ᠢ ᠬᠠᠪᠰᠤᠷᠤᠨ ᠥᠷᠨᠢᠭᠦᠯᠦᠨ᠎ᠡ᠃     ︵ᠲᠦᠷᠪᠡ︶ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠄ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ︔ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ᠂ ᠨᠡᠶᠢᠭᠡᠮ ᠤᠨ ᠲᠡᠳᠬᠦᠮᠵᠢ᠂ ᠨᠡᠶᠢᠭᠡᠮ ᠤᠨ ᠠᠰᠠᠷᠠᠮᠵᠢ ᠵᠡᠷᠭᠡ ᠵᠦᠢᠯᠡᠰ ᠢ ᠬᠠᠷᠢᠭᠤᠴᠠᠨ᠎ᠠ︔ ᠪᠦᠬᠦ ᠪᠠᠯᠭᠠᠰᠤᠨ ᠤ ᠠᠰᠠᠷᠠᠨ ᠬᠠᠷᠠᠭᠠᠯᠵᠠᠬᠤ ᠡᠲᠡᠭᠡᠳ ᠤᠨ ᠠᠰᠠᠷᠠᠮᠵᠢ᠂ ᠬᠠᠷᠠᠭᠠᠯᠵᠠᠯ᠂ ᠨᠥᠬᠦᠪᠥᠷᠢ ᠮᠥᠩᠭᠦ ᠣᠯᠭᠤᠬᠤ ᠠᠵᠢᠯ ᠢ ᠬᠠᠷᠢᠭᠤᠴᠠᠨ᠎ᠠ︔ ᠪᠦᠬᠦ ᠪᠠᠯᠭᠠᠰᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃    ︵ᠲᠠᠪᠤ︶ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠤᠯᠤᠰ ᠲᠥᠷᠥ ᠬᠠᠤᠯᠢ ᠴᠠᠭᠠᠵᠠ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠪᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠬᠠᠷᠢᠭᠤᠴᠠᠨ᠎ᠠ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ ᠠᠬᠢᠭᠤᠯᠤᠨ᠎ᠠ︔ ᠲᠣᠣᠷᠵᠢᠯ ᠤᠨ ᠠᠵᠢᠯ ᠢ ᠬᠠᠷᠢᠭᠤᠴᠠᠨ᠎ᠠ︔ ᠪᠦᠬᠦ ᠪᠠᠯᠭᠠᠰᠤᠨ ᠤ ᠠᠮᠤᠷ ᠲᠦᠪᠰᠢᠨ ᠪᠠ ᠭᠠᠯ ᠤᠨᠲᠠᠷᠠᠭᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠳᠠᠩᠰᠠ ᠡᠪᠬᠡᠮᠡᠯ ᠪᠠᠶᠢᠭᠤᠯᠤᠨ ᠲᠣᠭᠲᠠᠭᠠᠬᠤ ᠳᠦᠷᠢᠮ ᠢ ᠰᠠᠶᠢᠲᠤᠷ ᠬᠢᠨ᠎ᠡ᠃    ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠴᠡᠭᠡᠯ ᠠᠭᠤᠯᠠ ᠪᠠᠯᠭᠠᠰᠤᠨ ᠤ ᠠᠵᠢᠯ ᠦᠢᠯᠡᠰ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠳᠠᠨ ᠤ ᠣᠷᠣᠨ ᠲᠤᠭ᠎ᠠ ᠪᠠ ᠤᠳᠤᠷᠢᠳᠬᠤ ᠲᠤᠰᠢᠶᠠᠯ ᠤᠨ ᠲᠤᠭ᠎ᠠ    ︵ᠨᠢᠭᠡ︶ ᠴᠡᠭᠡᠯ ᠠᠭᠤᠯᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢ ᠪᠠᠶᠢᠭᠤᠯᠵᠤ᠂ ᠴᠡᠭᠡᠯ ᠠᠭᠤᠯᠠ ᠪᠠᠯᠭᠠᠰᠤᠨ ᠤ ᠬᠠᠷᠢᠶᠠᠲᠤ ᠳᠡᠳ᠋ ᠰᠠᠯᠠᠭᠠᠨ ᠤ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃ ᠴᠡᠭᠡᠯ ᠠᠭᠤᠯᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ᠄ ᠴᠡᠭᠡᠯ ᠠᠭᠤᠯᠠ ᠪᠠᠯᠭᠠᠰᠤᠨ ᠤ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ᠃    ︵ᠬᠤᠶᠠᠷ︶ ᠴᠡᠭᠡᠯ ᠠᠭᠤᠯᠠ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠫᠠᠶᠢᠰᠠ ᠲᠣᠬᠢᠷᠠᠭᠤᠯᠪᠠ︶ ᠴᠡᠭᠡᠯ ᠠᠭᠤᠯᠠ ᠪᠠᠯᠭᠠᠰᠤᠨ ᠤ ᠬᠠᠷᠢᠶᠠᠲᠤ ᠳᠡᠳ᠋ ᠰᠠᠯᠠᠭᠠᠨ ᠤ ᠲᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃ ᠨᠠᠮ ᠪᠠ ᠣᠯᠠᠨ ᠲᠦᠮᠡᠨ ᠤ ᠤᠶᠢᠯᠡᠴᠢᠯᠡᠭᠡᠨ ᠤ ᠲᠥᠪ ᠤᠨ ᠭᠤᠤᠯ ᠡᠭᠦᠷᠭᠡ ᠬᠠᠷᠢᠭᠤᠴᠠᠯᠭ᠎ᠠ᠄ ᠨᠠᠮ ᠤᠨ ᠭᠡᠰᠢᠭᠦᠨ ᠣᠯᠠᠨ ᠲᠦᠮᠡᠨ ᠤ ᠤᠶᠢᠯᠡᠴᠢᠯᠡᠭᠡᠨ ᠤ ᠲᠥᠷᠥᠯ ᠵᠤᠶᠢᠯ ᠤᠨ ᠪᠦᠬᠦᠯᠢ ᠴᠣᠭᠴᠠ ᠶᠢᠨ ᠲᠣᠬᠢᠷᠠᠭᠤᠯᠤᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠤᠶᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠤᠶᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠬᠤ ᠶᠢ ᠬᠠᠷᠢᠭᠤᠴᠠᠨ᠎ᠠ︔ ᠨᠠᠮ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠭᠠᠵᠠᠷ ᠤᠨ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠵᠤ᠂ ᠠᠷᠠᠳ ᠲᠤ ᠳᠥᠭᠦᠮ ᠦᠵᠡᠭᠦᠯᠬᠦ ᠤᠶᠢᠯᠡᠴᠢᠯᠡᠭᠡᠨ ᠤ ᠠᠵᠢᠯ ᠢ ᠶᠡᠷᠦᠩᠬᠡᠶᠢᠯᠡᠨ ᠬᠢᠨᠠᠨ ᠵᠥᠪᠰᠢᠶᠡᠷᠡᠨ᠎ᠡ︔ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠵᠤ ᠠᠳᠠᠯ ᠤᠶᠢᠯᠡᠰ ᠴᠣᠭᠴᠠᠯᠠᠬᠤ ᠶᠢ ᠲᠡᠳᠬᠦᠬᠦ᠂ ᠠᠰᠠᠷᠠᠨ ᠬᠠᠷᠠᠭᠠᠯᠵᠠᠵᠤ ᠬᠠᠪᠰᠤᠷᠤᠨ ᠲᠡᠳᠬᠦᠬᠦ᠂ ᠡᠷᠬᠢᠨ ᠦᠵᠡᠵᠦ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ︔ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ︔ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃    ︵ᠭᠤᠷᠪᠠ︶ ᠴᠡᠭᠡᠯ ᠠᠭᠤᠯᠠ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠢ ᠪᠠᠶᠢᠭᠤᠯᠵᠤ᠂ ᠴᠡᠭᠡᠯ ᠠᠭᠤᠯᠠ ᠪᠠᠯᠭᠠᠰᠤᠨ ᠤ ᠬᠠᠷᠢᠶᠠᠲᠤ ᠳᠡᠳ᠋ ᠰᠠᠯᠠᠭᠠᠨ ᠤ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃ ᠶᠡᠷᠦᠩᠬᠡᠢ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠭᠤᠣᠯ ᠡᠭᠦᠷᠭᠡ ᠬᠠᠷᠢᠭᠤᠴᠠᠯᠭ᠎ᠠ᠄ ᠲᠠᠷᠢᠶᠠᠯᠠᠩ᠂ ᠤᠢ ᠰᠢᠭᠤᠶ᠂ ᠮᠠᠯ ᠠᠵᠤ ᠠᠬᠤᠶ᠂ ᠤᠰᠤ ᠵᠡᠷᠭᠡ ᠬᠦᠷᠢᠶᠡᠨ ᠳᠠᠬᠢ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ︔ ᠮᠠᠯᠴᠢᠨ ᠲᠠᠷᠢᠶᠠᠴᠢᠨ ᠳᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠮᠡᠷᠭᠡᠵᠢᠯ ᠤᠨ ᠪᠣᠯᠪᠠᠰᠤᠷᠠᠭᠤᠯᠤᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ︔ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠠᠰᠢᠭᠯᠠᠯᠲᠠ ᠶᠢᠨ ᠠᠵᠢᠯ ᠢ ᠬᠠᠷᠢᠭᠤᠴᠠᠨ᠎ᠠ︔ ᠭᠤᠣᠯ ᠤᠨ ᠵᠠᠮ ᠤᠨ ᠬᠠᠮᠢᠶᠠᠷᠤᠯᠲᠠ ᠲᠣᠭᠤᠷᠢᠨ ᠪᠠᠶᠢᠴᠠᠭᠠᠬᠤ ᠠᠵᠢᠯ ᠢ ᠬᠠᠷᠢᠭᠤᠴᠠᠨ ᠬᠢᠨ᠎ᠠ︔ ᠡᠵᠡᠩᠨᠡᠯᠲᠡ ᠬᠠᠮᠢᠶᠠᠷᠤᠯᠲᠠ ᠶᠢᠨ ᠥᠷᠲᠡᠭᠡ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠵᠢᠴᠢ ᠡᠯ᠎ᠡ ᠲᠥᠷᠥᠯ ᠤᠨ ᠲᠠᠷᠢᠶᠠᠯᠠᠩ ᠤᠨ ᠨᠥᠬᠦᠪᠥᠷᠢ ᠶᠢ ᠰᠢᠯᠭᠠᠨ ᠠᠪᠬᠤ ᠶᠢ ᠬᠠᠷᠢᠭᠤᠴᠠᠨ᠎ᠠ᠃    ᠭᠤᠷᠪᠠ᠂ ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠴᠡᠭᠡᠯ ᠠᠭᠤᠯᠠ ᠪᠠᠯᠭᠠᠰᠤᠨ ᠤ ᠲᠤᠸᠠᠨ ᠵᠢᠶᠧ ᠰᠢᠨ᠎ᠡ ᠲᠣᠰᠬᠤᠨ B024 ᠪᠠᠷᠠᠭᠤᠨ ᠡᠮᠦᠨ᠎ᠡ ᠴᠢᠭᠯᠡᠯ ᠳᠤ 130 ᠮᠧᠲᠷ ᠴᠡᠭᠡᠯ ᠠᠭᠤᠯᠠ ᠪᠠᠯᠭᠠᠰᠤᠨ ᠤ ᠵᠠᠰᠠᠭ ᠤᠨ ᠣᠷᠳᠣᠨ    ᠳᠥᠷᠪᠡ᠂ ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ  9᠄ 00-12᠄ 00᠂ 14᠄ 00-17᠄ 00    ᠲᠠᠪᠤ᠂ ᠬᠠᠷᠢᠯᠴᠠᠬᠤ ᠠᠷᠭ᠎ᠠ ᠬᠡᠯᠪᠡᠷᠢ᠄ 0473 - 3131030    ᠵᠢᠷᠭᠤᠭ᠎ᠠ᠂ ᠬᠠᠷᠢᠭᠤᠴᠠᠯᠭᠠᠲᠠᠨ ᠤ ᠣᠪᠣᠭ ᠨᠡᠷ᠎ᠡ᠄ ᠾᠧ ᠵᠢᠶᠧ ᠵᠢᠶᠦ᠋ᠨ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号