ᠴᠠᠭᠠᠨ ᠰᠠᠷ᠎ᠠ ᠶᠢᠨ ᠳᠠᠷᠠᠭᠠᠬᠢ ᠬᠠᠤᠯᠢ ᠪᠠᠷ ᠲᠣᠭᠲᠠᠭᠠᠭᠰᠠᠨ ᠠᠩᠬᠠᠳᠠᠬᠴᠢ ᠠᠮᠠᠷᠠᠯᠲᠠ ᠶᠢᠨ ᠡᠳᠦᠷ ᠪᠣᠯᠬᠤ | ᠬᠠᠩᠰᠢ ᠶᠢᠨ ᠡᠳᠦᠷ ᠣᠳᠠᠯ ᠦᠬᠡᠢ ᠬᠦᠷᠴᠤ ᠢᠷᠡᠬᠦ ᠪᠣᠯᠣᠯ᠎ᠠ︕ 4 ᠰᠠᠷ᠎ᠠ ᠶᠢᠨ 4 ᠤ ᠡᠳᠦᠷ ᠠᠴᠠ 6 ᠤ ᠡᠳᠦᠷ | ᠪᠣᠯᠲᠠᠯ᠎ᠠ ᠴᠢᠯᠦᠭᠡ ᠲᠠᠯᠪᠢᠵᠦ᠂ ᠨᠡᠶᠢᠳᠡ 3 ᠡᠳᠦᠷ ᠠᠮᠠᠷᠠᠨ᠎ᠠ᠂ 4 ᠰᠠᠷ᠎ᠠ ᠶᠢᠨ 7 ᠤ ᠡᠳᠦᠷ ︵ᠭᠠᠷᠠᠭ ᠤᠨ ᠡᠳᠦᠷ︶ | ᠠᠵᠢᠯᠯᠠᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ︽ᠵᠠᠮ ᠲᠡᠭᠡᠭᠡᠪᠦᠷᠢ ᠶᠢᠨ ᠶᠠᠮᠤᠨ ᠵᠡᠷᠭᠡ ᠰᠠᠯᠠᠭ᠎ᠠ | ᠮᠥᠴᠢᠷ ᠤᠨ ᠴᠢᠬᠤᠯᠠ ᠶᠡᠭᠡ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠲᠤ ᠵᠢᠵᠢᠭ ᠠᠶᠠᠨᠴᠢᠳ ᠤᠨ ᠮᠠᠰᠢᠨ | ᠲᠡᠷᠭᠡ ᠠᠴᠠ ᠨᠡᠪᠲᠡᠷᠡᠬᠦ ᠰᠦᠢᠳᠬᠡᠯ ᠥᠯᠥ ᠬᠤᠷᠢᠶᠠᠬᠤ ᠲᠤᠬᠠᠶ ᠬᠡᠷᠡᠭᠵᠢᠭᠦᠯᠬᠦ ᠲᠥᠰᠦᠯ ᠢ ᠴᠤᠬᠤᠯᠠᠪᠤᠷᠢᠯᠠᠨ | ᠤᠯᠠᠮᠵᠢᠯᠠᠬᠤ ᠲᠤᠬᠠᠶ ᠮᠡᠳᠡᠭᠳᠡᠯ︾ ᠢ ᠦᠨᠳᠦᠰᠦᠯᠡᠪᠡᠯ᠂ ᠴᠠᠭᠠᠨ ᠰᠠᠷ᠎ᠠ᠂ ᠬᠠᠩᠰᠢ ᠶᠢᠨ ᠡᠳᠦᠷ᠂ | ᠬᠥᠳᠡᠯᠮᠦᠷᠢᠴᠢᠳ ᠤᠨ ᠪᠠᠶᠠᠷ᠂ ᠤᠯᠤᠰ ᠤᠨ ᠪᠠᠶᠠᠷ ᠵᠡᠷᠭᠡ ᠤᠯᠤᠰ ᠤᠨ ᠬᠠᠤᠯᠢ ᠪᠠᠷ ᠲᠣᠭᠲᠠᠭᠠᠭᠰᠠᠨ ᠳᠥᠷᠪᠡᠨ | ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠰᠦᠢᠳᠬᠡᠯ ᠬᠤᠷᠢᠶᠠᠬᠤ ᠵᠠᠰᠠᠮᠠᠯ ᠵᠠᠮ ᠠᠴᠠ ᠰᠦᠢᠳᠬᠡᠯ ᠬᠤᠷᠢᠶᠠᠬᠤ | ᠦᠬᠡᠢ᠃ | ᠲᠦᠷᠭᠡᠨ ᠤ ᠵᠠᠰᠠᠮᠠᠯ ᠵᠠᠮ ᠤᠨ ᠰᠦᠢᠳᠬᠡᠯ ᠥᠯᠥ ᠬᠤᠷᠢᠶᠠᠬᠤ ᠴᠠᠭ ᠬᠤᠭᠤᠴᠠᠭ᠎ᠠ ᠪᠤᠯ᠄ 4 ᠰᠠᠷ᠎ᠠ ᠶᠢᠨ 4 ᠤ | ᠡᠳᠦᠷ ᠤᠨ 00᠄ 00 ᠴᠠᠭ ᠠᠴᠠ 4 ᠰᠠᠷ᠎ᠠ ᠶᠢᠨ 6 ᠤ ᠡᠳᠦᠷ ᠤᠨ 24᠄ 00 ᠴᠠᠭ ᠪᠤᠯᠳᠠᠯᠠᠬᠢ ᠬᠤᠭᠤᠴᠠᠭ᠎ᠠ | ᠪᠤᠯᠤᠨ᠎ᠠ᠂ ᠡᠨᠡ 3 ᠡᠳᠦᠷ ᠲᠤ ᠰᠦᠢᠳᠭᠡᠯ ᠬᠤᠷᠢᠶᠠᠬᠤ ᠦᠭᠡᠢ᠃ ᠰᠦᠢᠳᠬᠡᠯ ᠬᠤᠷᠢᠶᠠᠬᠤ ᠦᠭᠡᠶ ᠪᠠᠷ | ᠶᠠᠪᠤᠭᠤᠯᠬᠤ ᠲᠡᠷᠭᠡ ᠬᠥᠰᠬᠡ ᠪᠤᠯ᠄ 7 ᠠᠴᠠ ᠳᠣᠷᠣᠭᠰᠢ ᠰᠠᠭᠤᠳᠠᠯ ︵7 ᠰᠠᠭᠤᠳᠠᠯ ᠪᠠᠭᠲᠠᠨ᠎ᠠ︶ ᠲᠠᠢ | ᠠᠶᠠᠨᠴᠢᠳ ᠤᠨ ᠮᠠᠰᠢᠨ ᠲᠡᠷᠭᠡ ᠬᠥᠰᠬᠡ ᠪᠣᠯᠤᠨ᠎ᠠ᠂ ᠡᠭᠦᠨ ᠳᠤ ᠰᠦᠢᠳᠬᠡᠯ ᠬᠤᠷᠢᠶᠠᠬᠤ ᠡᠩ ᠤᠨ ᠵᠠᠰᠠᠮᠠᠯ ᠵᠠᠮ ᠢᠶᠠᠷ | ᠶᠠᠪᠤᠬᠤ ᠶᠢ ᠵᠥᠪᠰᠢᠶᠡᠷᠡᠬᠦ ᠮᠠᠰᠢᠨ ᠲᠡᠷᠭᠡ ᠳᠤ ᠮᠣᠲ᠋ᠤᠷ ᠲᠡᠷᠭᠡ ᠪᠠᠭᠲᠠᠵᠦ ᠪᠤᠢ᠃ | |