ᠬᠠᠶᠢᠷᠤᠪ ᠤᠨ ᠲᠤᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠠᠷᠠᠳ ᠲᠦᠮᠡᠨ ᠎ ᠳᠤ ᠤᠶᠢᠯᠡᠴᠢᠯᠡᠬᠦ︾ ᠲᠣᠮᠣ ᠬᠡᠯᠪᠡᠷᠢ ᠶᠢᠨ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠥᠷᠨᠢᠭᠦᠯᠪᠡ
ᠨᠡᠶᠢᠲᠡᠯᠡᠭᠰᠡᠨ ᠴᠠᠭ᠄
2024/4/10
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠤᠶᠢᠷ᠎ᠠ ᠶᠢᠨ ᠬᠤᠭᠤᠴᠠᠭᠠᠨ ᠳᠤ᠂ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠣᠷᠳᠣᠨ᠂ ᠬᠠᠶᠢᠷᠤᠪ ᠤᠨ ᠲᠣᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠠᠶᠢᠷᠤᠪ ᠤᠨ ᠲᠣᠬᠤᠢ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠦᠬᠠᠶ ᠬᠤᠲᠠ ᠶᠢᠨ ᠠᠷᠠᠳ ᠤᠨ ᠴᠡᠴᠡᠷᠯᠢᠭ ᠲᠤ ᠬᠠᠶᠢᠷᠤᠪ ᠤᠨ ᠲᠣᠬᠤᠢ ᠲᠣᠭᠤᠷᠢᠭ ᠤᠨ ︽ᠰᠦᠷᠢᠶ᠎ᠡ ᠦᠭᠡᠢ ᠨᠡᠶᠢᠭᠡᠮ ᠲᠣᠭᠤᠷᠢᠭ ᠤᠨ ᠲᠤᠷᠰᠢᠯᠲᠠ︾᠎ ᠶᠢ ᠡᠭᠦᠳᠦᠨ ᠪᠠᠶᠢᠭᠤᠯᠬᠤ ᠡᠬᠢᠯᠡᠯᠲᠡ ᠶᠢᠨ ᠶᠣᠰᠣᠯᠠᠯ ᠵᠢᠴᠢ ︽ᠠᠷᠠᠳ ᠲᠦᠮᠡᠨ ᠤ ᠲᠥᠯᠥᠭᠡ ᠤᠶᠢᠯᠡᠴᠢᠯᠡᠬᠦ︾ ᠲᠣᠮᠣ ᠬᠡᠯᠪᠡᠷᠢ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃
31704_700x700.jpg    
    ᠠᠯᠪᠠᠨ ᠵᠢᠷᠤᠮ ᠤᠨ ᠡᠮᠴᠢᠯᠡᠭᠡᠨ ᠤ ᠲᠤᠬᠠᠶ ᠶᠢᠨ ᠲᠠᠯᠠᠪᠠᠶ ᠳᠤ᠂ ᠡᠮᠨᠡᠯᠭᠡ ᠶᠢᠨ ᠠᠵᠢᠯᠲᠠᠳ ᠠᠵᠢᠯᠯᠠᠭ᠎ᠠ ᠳᠤ ᠣᠷᠣᠯᠴᠠᠬᠤ ᠪᠠᠷ ᠢᠷᠡᠭᠰᠡᠨ ᠰᠠᠭᠤᠭᠠᠯᠢ ᠠᠷᠠᠳ ᠲᠤ ᠪᠠᠶᠢᠩᠭᠤ ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠢ ᠠᠩᠬ᠎ᠠ ᠠᠯᠬᠤᠮ ᠰᠢᠭᠰᠢᠨ ᠪᠠᠶᠢᠴᠠᠭᠠᠬᠤ᠂ ᠣᠨᠣᠰᠢᠯᠠᠬᠤ ᠪᠠ ᠡᠩ ᠤᠨ ᠡᠮᠴᠢᠯᠡᠭᠡ ᠬᠢᠵᠦ᠂ ᠰᠠᠭᠤᠭᠠᠯᠢ ᠠᠷᠠᠳ ᠤᠨ ᠠᠰᠠᠭᠤᠳᠠᠯ ᠢ ᠬᠦᠯᠢᠴᠡᠩᠭᠦᠶ ᠪᠠᠷ ᠬᠠᠷᠢᠭᠤᠯᠵᠤ᠂ ᠰᠠᠭᠤᠭᠠᠯᠢ ᠠᠷᠠᠳ ᠲᠤ ᠬᠠᠨᠳᠤᠯᠭᠠᠲᠤ ᠴᠢᠨᠠᠷᠲᠠᠶ᠂ ᠵᠦᠶ ᠵᠣᠬᠢᠰᠲᠠᠶ ᠡᠮ ᠬᠡᠷᠡᠭᠯᠡᠬᠦ ᠰᠠᠨᠠᠭᠤᠯᠭ᠎ᠠ ᠪᠠ ᠡᠷᠡᠭᠦᠯ ᠮᠡᠨᠳᠦ ᠶᠢᠨ ᠵᠢᠯᠣᠭᠤᠳᠣᠯᠭ᠎ᠠ ᠬᠠᠩᠭᠠᠵᠤ᠂ ᠰᠠᠭᠤᠭᠠᠯᠢ ᠠᠷᠠᠳ ᠢ ᠬᠠᠪᠰᠤᠷᠤᠨ ᠡᠷᠡᠭᠦᠯ ᠮᠡᠨᠳᠦ ᠡᠷᠡᠭᠦᠯᠵᠢᠯ ᠤᠨ ᠶᠡᠷᠦ ᠶᠢᠨ ᠮᠡᠳᠡᠯᠭᠡ ᠶᠢ ᠡᠵᠡᠮᠰᠢᠭᠦᠯᠵᠦ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠰᠠᠶᠢᠨ ᠰᠠᠶᠢᠬᠠᠨ ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠭᠠᠬᠤ ᠬᠡᠷᠡᠭᠲᠡᠶ᠃
31705_700x700.jpg  
    ᠲᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠦᠷᠭᠦᠯᠵᠢᠯᠡᠨ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠠᠢ ᠬᠤᠯᠪᠣᠭᠠᠯᠠᠨ ᠤᠯᠠᠨ ᠶᠠᠩᠵᠤ᠂ ᠠᠭᠤᠯᠭ᠎ᠠ ᠪᠠᠷ ᠪᠠᠶᠠᠯᠢᠭ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ᠂ ᠲᠠᠶᠢᠯᠤᠮᠵᠢ ᠵᠡᠷᠭᠡ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠤᠨ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠡᠭᠦᠳᠡ ᠪᠠᠨ ᠰᠠᠬᠢᠬᠤ ᠤᠬᠠᠮᠰᠠᠷ ᠢ ᠳᠡᠭᠡᠭᠰᠢᠯᠡᠭᠦᠯᠵᠦ᠂ ᠠᠷᠠᠳ ᠲᠦᠮᠡᠨ ᠳᠤ ᠦᠢᠯᠡᠴᠢᠯᠡᠬᠦ᠂ ᠠᠷᠠᠳ ᠲᠦᠮᠡᠨ ᠳᠤ ᠠᠰᠢᠭ ᠬᠦᠷᠲᠡᠭᠡᠬᠦ ᠶᠢ ᠦᠨᠡᠨ ᠬᠦ ᠪᠡᠶᠡᠯᠡᠭᠦᠯᠦᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号