ᠪᠣᠳᠠᠰ ᠤᠨ ᠪᠤᠰᠤ ᠰᠣᠶᠣᠯ ᠤᠨ ᠥᠪ᠂ ᠲᠤᠬᠠᠶᠢᠯᠠᠪᠠᠯ ᠪᠣᠳᠠᠰ ᠤᠨ ᠪᠤᠰᠤ ᠰᠣᠶᠣᠯ ᠤᠨ ᠥᠪ ᠪᠣᠯ | ᠳᠤᠮᠳᠠᠳᠤ ᠶᠢᠨ ᠦᠨᠳᠦᠰᠦᠲᠡᠨ ᠤ ᠵᠠᠭᠤ ᠭᠠᠷᠤᠢ ᠵᠢᠯ ᠤᠨ ᠲᠤᠷᠰᠢᠬᠢ ᠤᠶᠤᠨ ᠤᠬᠠᠭᠠᠨ ᠤ ᠦᠷ᠎ᠡ ᠪᠦᠲᠦᠭᠡᠯ ᠮᠥᠨ᠂ | ᠮᠠᠨ ᠤ ᠬᠠᠮᠲᠤ ᠶᠢᠨ ᠰᠣᠶᠣᠯ ᠤᠨ ᠳᠤᠷᠠᠰᠤᠮᠵᠢ ᠮᠥᠨ᠃ ᠬᠡᠦᠬᠡᠳ ᠤᠳ ᠲᠤ ᠪᠣᠳᠠᠰ ᠤᠨ ᠪᠤᠰᠤ ᠰᠣᠶᠣᠯ ᠤᠨ | ᠥᠪ ᠤᠨ ᠷᠢᠳᠢ ᠰᠢᠳᠢ ᠶᠢ ᠮᠡᠳᠡᠷᠡᠭᠦᠯᠬᠦ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠰᠣᠶᠣᠯ ᠤᠨ | ᠣᠷᠳᠣᠨ ᠪᠣᠯᠤᠨ ᠬᠠᠶᠢᠷᠤᠪ ᠤᠨ ᠲᠣᠬᠤᠢ ᠲᠣᠭᠤᠷᠢᠭ ᠤᠨ ᠨᠢᠭᠡᠳᠦᠭᠡᠷ ᠬᠡᠤᠬᠡᠳ ᠤᠨ ᠴᠡᠴᠡᠷᠯᠢᠭ ᠬᠠᠮᠲᠤ ᠪᠠᠷ ︽ | ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ - ᠬᠠᠶᠢᠷᠤᠪ ᠤᠨ | ᠲᠣᠬᠤᠢ ᠲᠣᠭᠤᠷᠢᠭ ᠤᠨ ᠰᠣᠶᠣᠯ ᠤᠨ ᠣᠷᠳᠣᠨ ᠤ ᠪᠣᠳᠠᠰ ᠤᠨ ᠪᠤᠰᠤ ᠰᠣᠶᠣᠯ ᠤᠨ ᠥᠪ ᠤᠨ ᠨᠢᠭᠡᠳᠦᠭᠡᠷ | ᠬᠡᠤᠬᠡᠳ ᠤᠨ ᠴᠡᠴᠡᠷᠯᠢᠭ ᠲᠤ ᠣᠷᠣᠬᠤ ᠠᠵᠢᠯᠯᠠᠭ᠎ᠠ ᠶᠢ ᠭᠤᠤᠯᠯᠠᠨ ᠡᠷᠭᠢᠯᠡᠵᠦ᠂ ᠬᠡᠤᠬᠡᠳ ᠤᠳ ᠲᠤ ᠡᠯᠪᠡᠭ ᠪᠠᠶᠠᠯᠢᠭ | ᠰᠣᠶᠣᠯ ᠤᠨ ᠦᠪᠡᠳᠡᠭᠰᠢ ᠨᠠᠶᠢᠷ ᠢ ᠠᠪᠴᠢᠷᠠᠵᠤ ᠥᠭᠴᠡᠶ᠃ | | | | | | | ᠠᠵᠢᠯᠯᠠᠭ᠎ᠠ ᠡᠬᠢᠯᠡᠮᠡᠭᠴᠡ ᠴᠠᠷᠭᠢᠯ ᠬᠤᠯᠪᠣᠭ᠎ᠠ ᠨᠢ ᠬᠡᠦᠬᠡᠳ ᠤᠨ ᠠᠩᠬᠠᠷᠤᠯ ᠢ ᠲᠠᠲᠠᠵᠠᠶ᠃ ᠲᠣᠭᠯᠠᠭᠴᠢᠳ | ᠬᠥᠩᠭᠡᠨ ᠲᠦᠷᠭᠡᠨ ᠠᠶᠢᠵᠠᠮ ᠪᠠ ᠶᠦᠮᠦᠷᠯᠢᠭ ᠲᠠᠶᠢᠰᠠᠨ ᠤ ᠦᠭᠡ ᠬᠡᠯᠡᠯᠭᠡ ᠪᠠᠷ ᠪᠣᠳᠠᠰ ᠤᠨ ᠪᠤᠰᠤ ᠰᠣᠶᠣᠯ ᠤᠨ | ᠥᠪ ᠤᠨ ᠰᠣᠶᠣᠯ ᠤᠨ ᠷᠢᠳᠢ ᠰᠢᠳᠢ ᠶᠢ ᠶᠠᠷᠢᠵᠤ᠂ ᠬᠡᠦᠬᠡᠳ ᠤᠳ ᠲᠤ ᠪᠠᠶᠠᠷ ᠪᠠᠭ᠋ᠠᠳᠤᠯ ᠤᠨ ᠳᠤᠮᠳᠠ ᠤᠯᠠᠮᠵᠢᠯᠠᠯᠲᠤ | ᠰᠣᠶᠣᠯ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠪᠡ᠃ | | | | | | ᠲᠣᠰ ᠤᠳᠠᠭᠠᠨ ᠤ ︽ᠪᠣᠳᠠᠰ ᠤᠨ ᠪᠤᠰᠤ ᠰᠣᠶᠣᠯ ᠤᠨ ᠥᠪ ᠤᠨ ᠰᠤᠷᠭᠠᠭᠤᠯᠢ ᠶᠢᠨ ᠬᠦᠷᠢᠶᠡᠨ ᠳᠤ ᠣᠷᠣᠬᠤ︾ | ᠠᠵᠢᠯᠯᠠᠭ᠎ᠠ ᠨᠢ ᠬᠡᠤᠬᠡᠳ ᠤᠳ ᠲᠤ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠷᠢᠳᠢ ᠰᠢᠳᠢ ᠶᠢ | ᠣᠶᠢᠷ᠎ᠠ ᠵᠠᠶ ᠠᠴᠠ ᠮᠡᠳᠡᠷᠡᠭᠦᠯᠦᠭᠰᠡᠨ ᠢᠶᠠᠷ ᠪᠠᠷᠠᠬᠤ ᠥᠬᠡᠶ᠂ ᠲᠡᠳᠡᠨ ᠤ ᠤᠯᠠᠮᠵᠢᠯᠠᠯᠲᠤ ᠰᠣᠶᠣᠯ ᠳᠠᠬᠢ ᠬᠠᠶᠢᠷ᠎ᠠ ᠪᠠ | ᠤᠷᠮ᠎ᠠ ᠪᠠᠬ᠎ᠠ ᠶᠢ ᠨᠠᠩ ᠬᠥᠭᠵᠢᠭᠡᠭᠰᠡᠨ ᠪᠠᠶᠢᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠤᠨ ᠣᠷᠳᠣᠨ | ᠡᠶᠢᠮᠦᠷᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠩ ᠤᠯᠠᠨ ᠬᠡᠦᠬᠡᠳ ᠲᠤ ᠪᠠᠶᠠᠯᠢᠭ ᠰᠠᠶᠢᠬᠠᠨ | ᠰᠣᠶᠣᠯ ᠤᠨ ᠣᠶᠢᠯᠠᠭᠠᠯᠲᠠ ᠣᠯᠭᠤᠬᠤ ᠪᠠᠷ ᠪᠠᠶᠢᠨ᠎ᠠ᠃ |