ᠵᠠᠰᠠᠭ ᠤᠨ ᠣᠷᠳᠣᠨ ᠤ ᠠᠯᠪᠠᠨ ᠭᠡᠷ
ᠨᠡᠶᠢᠲᠡᠯᠡᠭᠰᠡᠨ ᠴᠠᠭ᠄
2024/4/17
    ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠤᠷᠢ   1. ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠣᠬᠢᠶᠠᠨ ᠪᠠᠶᠢᠭᠤᠯᠤᠯᠲᠠ ᠶᠢ ᠬᠠᠪᠰᠤᠷᠤᠨ ᠲᠤᠭᠤᠷᠢᠭ ᠤᠨ ᠵᠠᠰᠠᠭ ᠤᠨ ᠣᠷᠳᠣᠨ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠲᠤᠭᠤᠷᠪᠢᠨ ᠪᠢᠴᠢᠨ᠎ᠡ︔ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠠ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠶᠠᠷᠢᠶ᠎ᠠ ᠵᠡᠷᠭᠡ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ᠃    2. ᠴᠡᠭᠡᠯ ᠠᠭᠤᠯᠠ ᠪᠠᠯᠭᠠᠰᠤ᠂ ᠡᠯ᠎ᠡ ᠬᠡᠷᠡᠭ ᠡᠷᠬᠢᠯᠡᠬᠦ ᠭᠠᠵᠠᠷ ᠪᠠ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠢᠭᠠᠪᠤᠷᠢ ᠠᠪᠬᠤ ᠲᠣᠭᠤᠷᠢᠭ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠠᠰᠠᠭᠤᠳᠠᠯ ᠢ ᠰᠤᠳᠤᠯᠵᠤ᠂ ᠬᠢᠨᠠᠭᠰᠠᠨ ᠰᠠᠨᠠᠯ ᠢᠶᠠᠨ ᠳᠤᠷᠠᠳᠴᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃    3. ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠢᠭᠠᠪᠤᠷᠢ ᠶᠢ ᠦᠨᠳᠦᠰᠦᠯᠡᠨ᠂ ᠲᠤᠭᠤᠷᠢᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠤᠭᠤᠷᠣᠨᠳᠣᠬᠢ ᠴᠢᠬᠤᠯᠠ ᠠᠰᠠᠭᠤᠳᠠᠯ ᠢ ᠵᠣᠬᠢᠴᠠᠭᠤᠯᠵᠤ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠮᠡᠳᠡᠭᠦᠯᠵᠦ ᠲᠣᠭᠲᠠᠭᠠᠨ᠎ᠠ᠃    4. ᠲᠤᠭᠤᠷᠢᠭ ᠤᠨ ᠵᠠᠰᠠᠭ ᠤᠨ ᠣᠷᠳᠣᠨ ᠤ ᠭᠤᠤᠯ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠨᠠᠯ ᠪᠠ ᠰᠠᠨᠠᠭᠤᠯᠭ᠎ᠠ ᠳᠤᠷᠠᠳᠴᠤ᠂ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠶᠢᠨ  ᠰᠢᠢᠤᠡᠪᠤᠷᠢᠳᠤ ᠪᠣᠳᠣᠯᠭ᠎ᠠ ᠲᠣᠭᠲᠠᠭᠠᠬᠤ ᠪᠠ ᠵᠢᠯᠣᠭᠤᠳᠬᠤ ᠠᠵᠢᠯ ᠳᠤ ᠦᠨᠳᠦᠰᠦᠯᠡᠯ ᠬᠠᠩᠭᠠᠨ᠎ᠠ᠃    5᠂ ᠲᠤᠭᠤᠷᠢᠭ ᠤᠨ ᠵᠠᠰᠠᠭ ᠤᠨ ᠣᠷᠳᠣᠨ ᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠪᠡᠯᠡᠳᠬᠡᠯ ᠪᠠ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠵᠤ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢ ᠬᠠᠪᠰᠤᠷᠤᠨ ᠬᠤᠷᠠᠯ ᠤᠨ ᠲᠣᠭᠲᠠᠭᠠᠭᠰᠠᠨ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    6᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠪᠢᠴᠢᠭ᠂ ᠬᠤᠷᠠᠯ ᠢᠶᠠᠷ ᠲᠣᠭᠲᠠᠭᠠᠭᠰᠠᠨ ᠵᠦᠢᠯᠡᠰ ᠵᠢᠴᠢ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠬᠤᠯᠪᠣᠭᠳᠠᠯ ᠪᠥᠬᠦᠶ ᠵᠢᠭᠠᠪᠤᠷᠢ ᠶᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠮᠥᠷᠳᠡᠨ ᠪᠠᠶᠢᠴᠠᠭᠠᠨ ᠰᠤᠳᠤᠯᠤᠯᠲᠠ ᠬᠢᠬᠦ ᠪᠠ ᠴᠠᠭ ᠲᠤᠬᠠᠶ ᠳᠤᠨᠢ ᠮᠡᠳᠡᠭᠦᠯᠪᠡ︔ ᠲᠤᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠡᠭᠦᠷᠭᠡᠯᠡᠵᠦ ᠪᠠᠶᠢᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠭᠦᠢᠴᠡᠳᠬᠡᠬᠦ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃    7᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠪᠠᠶᠢᠴᠠᠭᠠᠨ ᠰᠤᠳᠤᠯᠬᠤ᠂ ᠴᠤᠭᠯᠠᠭᠤᠯᠬᠤ᠂ ᠡᠮᠬᠢᠯᠡᠬᠦ᠂ ᠳᠠᠮᠵᠢᠭᠤᠯᠬᠤ ᠵᠡᠷᠭᠡ ᠠᠵᠢᠯ ᠢ ᠬᠠᠷᠢᠭᠤᠴᠠᠵᠤ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠨ᠎ᠠ᠃    8. ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    9. ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ    ᠳᠤᠳᠤᠭᠠᠳᠤ ᠪᠠᠶᠢᠭᠤᠯᠤᠮᠵᠢ ᠦᠭᠡᠢ    ᠪᠠᠶᠢᠭᠤᠯᠤᠮᠵᠢ ᠶᠢᠨ ᠨᠡᠷᠡᠶᠢᠳᠦᠯ᠄ ᠵᠠᠰᠠᠭ ᠤᠨ ᠣᠷᠳᠣᠨ ᠤ ᠠᠯᠪᠠᠨ ᠬᠡᠷ   ᠬᠠᠶ᠋ᠢᠭ᠄ ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠬᠠᠶᠢᠪᠸᠢ ᠶᠡᠭᠡ ᠵᠡᠭᠡᠯᠢ ᠶᠢᠨ 1 ᠳ᠋ᠦᠭᠡᠷ ᠲᠣᠭᠠᠲᠤ ᠭᠤᠷᠪᠠᠳᠤᠭᠠᠷ ᠳᠠᠪᠬᠤᠷᠭ᠎ᠠ    ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00᠂ 15᠄ 00-18 ᠄00    ᠬᠠᠷᠢᠯᠴᠠᠬᠤ ᠠᠷᠭ᠎ᠠ᠄ 0473 - 2059825    ᠬᠠᠷᠢᠭᠤᠴᠠᠯᠭᠠᠲᠠᠨ ᠤ ᠣᠪᠣᠭ ᠨᠡᠷ᠎ᠡ᠄ ᠵᠠᠩ ᠱᠢ ᠶᠦᠩ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号