ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ
ᠨᠡᠶᠢᠲᠡᠯᠡᠭᠰᠡᠨ ᠴᠠᠭ᠄
2024/4/20
    ᠨᠢᠭᠡ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ    ᠬᠠᠶᠢᠷᠤᠪ ᠤᠨ ᠲᠣᠬᠤᠢ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠢ ᠲᠦᠷᠦᠭᠦᠯᠡᠨ ᠠᠳᠬᠤᠵᠤ ᠶᠡᠷᠦᠩᠬᠡᠶ ᠳᠤᠨᠢ ᠠᠳᠬᠤᠬᠤ ᠶᠡᠷᠦᠩᠬᠡᠶᠢᠯᠡᠭᠰᠡᠨ ᠰᠠᠯᠠᠭ᠎ᠠ ᠮᠥᠴᠢᠷ ᠪᠣᠯᠤᠨ᠎ᠠ᠂ ᠭᠤᠤᠯᠳᠠᠭᠤ ᠨᠠᠢᠮᠠᠨ ᠲᠠᠯ᠎ᠠ ᠶᠢᠨ ᠡᠭᠦᠷᠭᠡ ᠴᠢᠳᠠᠪᠤᠷᠢ ᠶᠢ ᠡᠭᠦᠷᠭᠡᠯᠡᠨ᠎ᠡ᠃ ᠨᠢᠭᠡ ᠳᠤ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠦᠬᠠᠶ ᠬᠤᠲᠠ ᠶᠢᠨ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠬᠤᠯᠪᠣᠭᠳᠠᠯ ᠪᠦᠬᠦᠢ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠣᠨ ᠤ ᠲᠥᠯᠥᠪᠯᠡᠭᠡ ᠪᠣᠯᠤᠨ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠰᠢᠭᠦᠯᠬᠦ᠂ ᠬᠥᠭᠵᠢᠯᠲᠡ ᠶᠢᠨ ᠬᠤᠷᠳᠤᠴᠠ ᠪᠣᠯᠤᠨ ᠪᠦᠲᠦᠴᠡ ᠶᠢᠨ ᠲᠣᠬᠢᠷᠠᠭᠤᠯᠤᠯᠲᠠ ᠶᠢᠨ ᠬᠠᠷᠠᠯᠲᠠ ᠪᠣᠯᠤᠨ ᠲᠥᠷᠥ ᠶᠢᠨ ᠪᠣᠳᠣᠯᠭ᠎ᠠ ᠶᠢ ᠰᠤᠳᠤᠯᠤᠨ ᠳᠤᠷᠠᠳᠬᠤ ᠬᠡᠷᠡᠭᠲᠡᠶ᠃ ᠲᠤᠭᠤᠷᠢᠭ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠮᠡᠳᠡᠭᠦᠯᠦᠯᠲᠡ ᠬᠢᠨ᠎ᠡ᠃ ᠬᠤᠶᠠᠷ ᠲᠤ᠂ ᠪᠥᠬᠦ ᠲᠣᠭᠤᠷᠢᠭ ᠤᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠵᠢᠴᠢ ᠬᠤᠲᠠ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠵᠡᠷᠭᠡ ᠡᠯ᠎ᠡ ᠲᠥᠷᠥᠯ ᠤᠨ ᠲᠥᠷᠥᠯ ᠵᠦᠢᠯ ᠤᠨ ᠡᠷᠬᠡ ᠮᠡᠳᠡᠯ ᠤᠨ ᠬᠡᠪᠴᠢᠶᠡᠨ ᠳᠠᠬᠢ ᠬᠢᠨᠠᠨ ᠵᠥᠪᠰᠢᠶᠡᠷᠡᠬᠦ᠂ ᠬᠠᠷᠭᠤᠭᠤᠯᠤᠨ ᠵᠥᠪᠰᠢᠶᠡᠷᠡᠬᠦ᠂ ᠪᠦᠷᠢᠳᠬᠡᠨ ᠳᠠᠩᠰᠠᠯᠠᠬᠤ ᠪᠠ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠵᠤ᠂ ᠡᠯ᠎ᠡ ᠠᠵᠤ ᠦᠢᠯᠡᠰ ᠪᠤᠶᠤ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠠ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠭᠤᠷᠪᠠ ᠳᠤ᠂ ᠪᠦᠬᠦ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠪᠴᠢᠶ᠎ᠡ ᠵᠢᠴᠢ ᠪᠡᠯᠡ ᠮᠥᠩᠭᠦ ᠶᠢᠨ ᠢᠷᠡᠯᠲᠡ᠂ ᠪᠡᠯᠡ ᠮᠥᠩᠭᠦ ᠶᠢᠨ ᠵᠦᠢ ᠵᠣᠬᠢᠰᠲᠠᠢ ᠣᠷᠣᠭᠤᠯᠤᠯᠲᠠ ᠶᠢᠨ ᠬᠠᠨᠳᠤᠰᠢ ᠵᠡᠷᠭᠡ ᠠᠵᠢᠯ ᠢ ᠬᠠᠷᠢᠭᠤᠴᠠᠨ ᠲᠣᠭᠲᠠᠭᠠᠵᠤ᠂ ᠪᠦᠬᠦ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠯᠥᠪᠵᠢᠭᠦᠯᠭᠡ ᠪᠠ ᠰᠠᠨᠠᠭᠤᠯᠭ᠎ᠠ ᠶᠢ ᠰᠤᠳᠤᠯᠤᠨ ᠳᠤᠷᠠᠳᠬᠤ ᠶᠢᠨ ᠬᠠᠮᠲᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠠᠶᠢᠳᠠᠯ ᠳᠤ ᠵᠠᠳᠠᠯᠤᠯᠲᠠ ᠪᠠ ᠰᠤᠳᠤᠯᠤᠯᠲᠠ ᠬᠢᠵᠦ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠢᠨᠵᠧᠨᠧᠷᠢᠩ ᠤᠨ ᠠᠩᠬ᠎ᠠ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠪᠠ ᠰᠡᠭᠦᠯᠴᠢ ᠶᠢᠨ ᠦᠨᠡᠯᠡᠬᠦ ᠠᠵᠢᠯ ᠳᠤ ᠣᠷᠣᠯᠴᠠᠨ᠎ᠠ᠃ ᠪᠥᠬᠦ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠤᠶᠢᠯ ᠢ ᠵᠣᠬᠢᠴᠠᠭᠤᠯᠬᠤ᠂  ᠤᠶᠢᠯᠡᠴᠢᠯᠡᠬᠦ᠂ ᠬᠢᠨᠠᠯᠲᠠ ᠲᠠᠯᠪᠢᠬᠤ ᠵᠢᠴᠢ ᠪᠠᠶᠢᠴᠠᠭᠠᠬᠤ ᠠᠵᠢᠯ ᠢ ᠬᠠᠷᠢᠭᠤᠴᠠᠵᠤ᠂ ᠭᠤᠤᠯᠳᠠᠯᠭ᠎ᠠ ᠲᠠᠢ ᠡᠮᠦᠨᠡᠬᠢ ᠬᠤᠭᠤᠴᠠᠭᠠᠨ ᠤ ᠲᠥᠷᠥᠯ ᠵᠤᠶᠢᠯ ᠤᠨ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠵᠢᠴᠢ ᠦᠨᠡᠯᠡᠨ ᠵᠢᠱᠢᠵᠦ ᠨᠤᠲᠠᠯᠠᠬᠤ ᠶᠢ ᠵᠣᠬᠢᠶᠠᠨ ᠪᠠᠶᠢᠭᠤᠯᠤᠨ ᠣᠷᠣᠯᠴᠠᠨ᠎ᠠ᠃ ᠳᠥᠷᠪᠡ ᠳᠤ ᠪᠦᠬᠦ ᠲᠣᠭᠤᠷᠢᠭ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠲᠣᠬᠢᠷᠠᠭᠤᠯᠬᠤ᠂ ᠰᠢᠯᠵᠢᠭᠦᠯᠦᠨ ᠮᠡᠳᠡᠭᠦᠯᠬᠦ ᠲᠣᠮᠣ ᠳᠤᠮᠳᠠ ᠬᠡᠯᠪᠡᠷᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠪᠠᠶᠢᠴᠠᠭᠠᠵᠤ ᠳᠠᠮᠵᠢᠭᠤᠯᠤᠨ ᠮᠡᠳᠡᠭᠦᠯᠬᠦ᠂ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶᠡᠨ ᠳᠣᠲᠣᠷᠠᠬᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠃ ᠲᠠᠪᠤ ᠳᠤ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠶᠡᠷᠦᠩᠬᠡᠶᠢᠯᠡᠨ ᠠᠰᠢᠭᠯᠠᠬᠤ᠂ ᠡᠬᠢ ᠪᠠᠶᠠᠯᠢᠭ ᠢ ᠠᠷᠪᠢᠯᠠᠬᠤ᠂ ᠠᠵᠤ ᠠᠬᠤᠶ ᠶᠢ ᠨᠡᠭᠡᠭᠡᠬᠦ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ︔ ᠬᠠᠶᠢᠷᠤᠪ ᠤᠨ ᠲᠣᠬᠤᠢ ᠲᠣᠭᠤᠷᠢᠭ ᠤᠨ ᠡᠮᠦᠨᠡᠬᠢ ᠬᠤᠭᠤᠴᠠᠭᠠᠨ ᠤ ᠲᠥᠷᠥᠯ ᠵᠦᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠮᠡᠳᠡᠭᠦᠯᠦᠨ᠎ᠡ᠃ ᠵᠢᠷᠭᠤᠭ᠎ᠠ ᠳᠤ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠬᠤᠷᠢᠶᠠᠩᠭᠤᠶᠢᠯᠠᠬᠤ ᠪᠠ ᠵᠠᠳᠠᠯᠬᠤ ᠶᠢ ᠬᠠᠷᠢᠭᠤᠴᠠᠵᠤ᠂ ᠪᠦᠬᠦ ᠲᠣᠭᠤᠷᠢᠭ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠲᠥᠰᠦᠭᠡᠯᠡᠬᠦ᠂ ᠰᠡᠷᠡᠮᠵᠢᠯᠡᠭᠦᠯᠬᠦ ᠶᠢᠨ ᠬᠠᠮᠲᠤ ᠠᠵᠤ ᠠᠬᠤᠶ ᠶᠢᠨ ᠵᠠᠳᠠᠯᠤᠯᠲᠠ ᠬᠢᠵᠦ ᠲᠥᠰᠦᠭᠡᠯᠡᠭᠰᠡᠨ ᠮᠡᠳᠡᠭᠦᠯᠦᠯᠲᠡ ᠬᠠᠩᠭᠠᠬᠤ ᠬᠡᠷᠡᠭᠲᠡᠶ᠃ ᠳᠣᠯᠤᠭ᠎ᠠ ᠳᠤ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠪᠠᠷᠠᠭᠠᠨ ᠤ ᠦᠨ᠎ᠡ ᠶᠢᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠬᠡᠷᠡᠭᠵᠢᠭᠦᠯᠬᠦ ᠠᠷᠭ᠎ᠠ ᠶᠢ ᠰᠤᠳᠤᠯᠤᠨ ᠲᠣᠭᠲᠠᠭᠠᠵᠤ᠂ ᠪᠦᠬᠦ ᠲᠣᠭᠤᠷᠢᠭ ᠤᠨ ᠦᠨ᠎ᠡ ᠬᠠᠩᠰᠢ ᠶᠢ ᠭᠡᠷᠡᠴᠢᠯᠡᠬᠦ ᠠᠵᠢᠯ ᠢ ᠬᠠᠷᠢᠭᠤᠴᠠᠬᠤ ᠬᠡᠷᠡᠭᠲᠡᠶ᠃ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠴᠤ᠂ ᠢᠯᠡᠴᠢᠯᠡᠨ ᠮᠡᠳᠡᠭᠦᠯᠵᠦ ᠵᠠᠭᠠᠯᠳᠤᠨ᠎ᠠ᠃ ᠨᠠᠢᠮᠠ ᠳᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠪᠣᠯᠤᠨ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠲᠤᠰᠢᠶᠠᠭᠰᠠᠨ ᠪᠤᠰᠤᠳ ᠤᠴᠢᠷ ᠶᠠᠪᠤᠳᠠᠯ ᠢ ᠳᠠᠭᠠᠭᠠᠨ ᠭᠦᠢᠴᠡᠳᠬᠡᠨ᠎ᠡ᠃    ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ    ᠠᠯᠪᠠᠨ ᠬᠡᠷ ᠨᠢ ᠨᠠᠮ ᠤᠨ ᠪᠠᠶᠢᠭᠤᠯᠤᠯᠲᠠ᠂ ᠨᠠᠮ ᠤᠨ ᠠᠵᠢᠯ ᠢ ᠢᠯᠡ ᠪᠣᠯᠭᠠᠬᠤ᠂ ᠠᠯᠪᠠᠨ ᠬᠡᠷ᠂ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ ᠣᠯᠠᠨ ᠲᠦᠮᠡᠨ ᠤ ᠪᠦᠯᠬᠦᠮ᠂ ᠬᠤᠲᠠ ᠶᠢ ᠡᠭᠦᠳᠦᠨ ᠪᠠᠶᠢᠭᠤᠯᠬᠤ᠂ ᠲᠤᠭ᠎ᠠ ᠪᠦᠷᠢᠳᠬᠡᠯ᠂ ᠪᠥᠬᠦ ᠵᠢᠯ ᠤᠨ ᠠᠵᠢᠯ ᠤᠨ ᠳ᠋ᠦᠩᠨᠡᠯᠲᠡ᠂ ᠲᠠᠪᠤ ᠶᠢ ᠤᠶᠠᠯᠳᠤᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃    ᠶᠡᠷᠦᠩᠬᠡᠶᠢᠯᠡᠭᠰᠡᠨ ᠠᠯᠪᠠᠨ ᠭᠡᠷ ᠨᠢ ᠤᠯᠤᠰ ᠠᠷᠠᠳ ᠤᠨ ᠠᠵᠤ ᠠᠬᠤᠢ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ᠂ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠬᠠᠷᠠᠯᠲᠠ᠂ ᠠᠮᠢ ᠠᠬᠤᠢ ᠶᠢᠨ ᠰᠢᠰᠲ᠋ᠧᠮ ᠢ ᠬᠡᠷᠡᠭᠵᠢᠭᠦᠯᠬᠦ ᠲᠥᠰᠦᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠰᠤᠳᠤᠯᠭᠠᠨ ᠤ ᠲᠥᠪ᠂ ᠭᠠᠵᠠᠷ ᠣᠷᠣᠨ ᠤ ᠰᠠᠯᠠᠭ᠎ᠠ᠂ ᠶᠡᠷᠦᠩᠬᠡᠶᠢᠯᠡᠭᠰᠡᠨ ᠰᠠᠯᠠᠭ᠎ᠠ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ᠂ ᠰᠠᠭᠤᠷᠢ ᠠᠵᠤ ᠦᠢᠯᠡᠰ ᠤᠨ ᠰᠠᠯᠠᠭ᠎ᠠ᠂ ᠲᠥᠷᠥᠯ ᠵᠦᠢᠯ ᠢ ᠪᠠᠶᠢᠴᠠᠭᠠᠨ ᠰᠢᠢᠳᠪᠦᠷᠢᠯᠡᠬᠦ᠂ ᠭᠦᠢᠯᠭᠡᠭᠡᠨ ᠤ ᠰᠠᠯᠠᠭ᠎ᠠ᠂ ᠨᠡᠶᠢᠭᠡᠮ ᠤᠨ ᠰᠠᠯᠠᠭ᠎ᠠ ᠲᠠᠢ ᠬᠠᠷᠢᠯᠴᠠᠨ᠎ᠠ᠃    ᠭᠤᠤᠯᠳᠠᠯᠭ᠎ᠠ ᠲᠠᠢ ᠲᠥᠷᠥᠯ ᠵᠦᠢᠯ ᠤᠨ ᠠᠯᠪᠠᠨ ᠬᠡᠷ ᠨᠢ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ᠂ ᠣᠷᠴᠢᠨ ᠠᠬᠤᠶ ᠶᠢᠨ ᠬᠠᠮᠠᠭᠠᠯᠠᠯᠲᠠ᠂ ᠠᠮᠤᠷ ᠲᠦᠪᠰᠢᠨ᠂ ᠡᠷᠬᠡ ᠶᠢ ᠥᠷᠭᠡᠳᠬᠡᠨ ᠰᠢᠶᠠᠨ ᠢ ᠬᠦᠴᠦᠷᠬᠡᠭᠵᠢᠭᠦᠯᠬᠦ᠂ ᠠᠮᠢ ᠠᠬᠤᠶ ᠪᠠ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ᠂ ᠠᠷᠭ᠎ᠠ ᠮᠠᠶ᠋ᠢᠭ ᠢ ᠬᠤᠪᠢᠷᠠᠭᠤᠯᠬᠤ ᠬᠡᠷᠡᠭᠵᠢᠭᠦᠯᠬᠦ ᠲᠥᠰᠦᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠠᠯᠠᠭ᠎ᠠ᠂ ᠡᠨᠧᠷᠭᠢ ᠶᠢᠨ ᠰᠠᠯᠠᠭ᠎ᠠ᠂ ᠠᠵᠤ ᠦᠢᠯᠡᠰ ᠤᠨ ᠰᠠᠯᠠᠭ᠎ᠠ᠂ ᠳᠡᠭᠡᠳᠦ ᠰᠢᠨ᠎ᠡ ᠮᠡᠷᠭᠡᠵᠢᠯ᠂ ᠴᠢᠬᠤᠯᠠ ᠶᠡᠭᠡ ᠲᠥᠷᠥᠯ ᠵᠦᠢᠯ ᠤᠨ ᠠᠯᠪᠠᠨ ᠬᠡᠷ᠂ ᠬᠢᠨᠠᠨ ᠵᠥᠪᠰᠢᠶᠡᠷᠡᠬᠦ ᠠᠯᠪᠠᠨ ᠬᠡᠷ ᠲᠠᠢ ᠬᠠᠷᠢᠯᠴᠠᠨ᠎ᠠ᠃    ᠪᠠᠷᠠᠭᠠᠨ ᠤ ᠦᠨ᠎ᠡ ᠶᠢᠨ ᠠᠯᠪᠠᠨ ᠭᠡᠷ ᠠᠴᠠ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠰᠦᠢᠳᠬᠡᠯ ᠬᠤᠷᠢᠶᠠᠬᠤ ᠰᠠᠯᠠᠭ᠎ᠠ᠂ ᠦᠨ᠎ᠡ ᠬᠠᠩᠰᠢ ᠶᠢᠨ ᠰᠠᠯᠠᠭ᠎ᠠ᠂ ᠭᠡᠷᠡᠴᠢᠯᠡᠯ ᠤᠨ ᠲᠥᠪ᠂ ᠥᠪᠡᠷ ᠤᠨ ᠥᠷᠲᠡᠭ ᠲᠤ ᠬᠢᠨᠠᠯᠲᠠ ᠲᠠᠯᠪᠢᠬᠤ ᠲᠣᠪᠴᠢᠶ᠎ᠠ ᠯᠤᠭ᠎ᠠ ᠬᠠᠷᠢᠯᠴᠠᠬᠤ ᠶᠢ ᠬᠠᠷᠢᠭᠤᠴᠠᠨ᠎ᠠ᠃    PPP᠎ ᠤᠨ ᠲᠥᠷᠥᠯ ᠵᠤᠶᠢᠯ ᠤᠨ ᠲᠥᠪ ᠨᠢ ᠳᠣᠯᠣᠳᠤᠭᠠᠷ ᠰᠦᠯᠵᠢᠶ᠎ᠡ᠂ ᠠᠯᠪᠠᠨ ᠤ ᠲᠡᠷᠭᠡᠨ ᠤ ᠥᠭᠡᠷᠡᠴᠢᠯᠡᠯᠲᠡ᠂ ᠳᠤᠮᠳᠠ ᠪᠠᠭ᠎ᠠ ᠬᠤᠲᠠ ᠶᠢᠨ ᠥᠭᠡᠷᠡᠴᠢᠯᠡᠯᠲᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠬᠤ ᠶᠢᠨ ᠬᠠᠮᠲᠤ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠰᠠᠯᠠᠭ᠎ᠠ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠠᠯᠠᠭ᠎ᠠ᠂ ᠪᠠᠷᠠᠭᠤᠨ ᠺᠠᠢ ᠺᠧ ︵ᠳ᠋ᠦᠩ ᠵᠧᠨ︶᠎ ᠲᠠᠢ ᠬᠠᠷᠢᠯᠴᠠᠨ᠎ᠠ᠃    ᠭᠤᠷᠪᠠ᠂ ᠠᠵᠢᠯᠯᠠᠬᠤ ᠬᠠᠶ᠋ᠢᠭ᠄ ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠬᠠᠶᠢᠪᠸᠢ ᠶᠡᠭᠡ ᠵᠡᠭᠡᠯᠢ ᠶᠢᠨ 1 ᠳ᠋ᠦᠭᠡᠷ ᠲᠣᠭᠠᠲᠤ ᠳᠥᠷᠪᠡᠳᠦᠭᠡᠷ ᠳᠠᠪᠬᠤᠷᠭ᠎ᠠ     ᠳᠥᠷᠪᠡ᠂ ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00᠂ 15᠄ 00-18᠄00    ᠲᠠᠪᠤ᠂ ᠬᠠᠷᠢᠯᠴᠠᠬᠤ ᠠᠷᠭ᠎ᠠ ᠬᠡᠯᠪᠡᠷᠢ᠄ 0473-2059587    ᠵᠢᠷᠭᠤᠭ᠎ᠠ᠂ ᠬᠠᠷᠢᠭᠤᠴᠠᠯᠭᠠᠲᠠᠨ ᠤ ᠣᠪᠣᠭ ᠨᠡᠷ᠎ᠡ᠄ ᠱᠠᠩ ᠬᠠᠢ ᠶᠤᠸᠠᠨ   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号