ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ᠄ | ︽ᠬᠠᠶᠢᠷᠤᠪ ᠤᠨ ᠲᠤᠬᠤᠢ ᠲᠣᠭᠤᠷᠢᠭ ᠤᠨ 2024 ᠣᠨ ᠤ ᠵᠠᠰᠠᠭ ᠤᠨ ᠣᠷᠳᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ | ᠬᠡᠷᠡᠭᠵᠢᠭᠦᠯᠲᠦᠭᠡᠶ᠃ | 2024 ᠣᠨ ᠤ 3 ᠰᠠᠷ᠎ᠠ ᠶᠢᠨ 14 ᠤ ᠡᠳᠦᠷ | | ᠬᠠᠶᠢᠷᠤᠪ ᠤᠨ ᠲᠤᠬᠤᠢ ᠲᠣᠭᠤᠷᠢᠭ ᠤᠨ 2024 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠦᠷᠦᠯ ᠵᠦᠢᠯ ᠤᠨ ᠬᠡᠷᠡᠭᠵᠢᠭᠦᠯᠬᠦ ᠲᠥᠰᠦᠯ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ | ᠦᠢᠯᠡᠳᠦᠯᠭᠡᠵᠢᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠡᠭᠡᠷᠡᠬᠢ ᠲᠥᠯᠥᠭᠡᠯᠡᠭᠴᠢᠳ ᠤᠨ ᠪᠢᠯᠧᠲ ᠥᠭᠴᠦ | ᠲᠣᠭᠲᠠᠭᠠᠭᠰᠠᠨ 5 ᠵᠦᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ︽ | ︿ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠦᠷᠦᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ | ᠲᠦᠷᠢᠮ ᠤᠨ ᠠᠵᠢᠯ ᠤᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠢ ᠬᠠᠶᠢᠷᠤᠪ ᠤᠨ ᠲᠤᠬᠤᠢ | ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ | ᠪᠣᠳᠠᠲᠠᠢ ᠲᠠᠢ ᠪᠠᠨ ᠤᠶᠠᠯᠳᠤᠭᠤᠯᠵᠤ᠂ ᠡᠳᠦᠭᠡ ᠳᠣᠣᠷᠠᠬᠢ ᠮᠡᠲᠦ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠢᠮᠠᠭᠲᠠ | ᠠᠩᠬᠠᠷᠴᠤ᠂ ᠠᠷᠠᠳ ᠤᠨ ᠲᠥᠯᠥᠭᠡ ᠵᠣᠪᠠᠨᠢᠯ ᠢ ᠰᠢᠢᠳᠪᠦᠷᠢᠯᠡᠵᠦ᠂ ᠪᠣᠳᠠᠲᠠᠢ ᠶᠠᠪᠤᠳᠠᠯ ᠢ ᠦᠨᠡᠨᠬᠦ ᠪᠣᠳᠠᠲᠠᠢ | ᠰᠠᠶᠢᠲᠤᠷ ᠬᠢᠵᠦ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ | ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ | ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ᠃ | ᠬᠤᠶᠠᠷ᠂ ᠲᠥᠷᠥᠯ ᠵᠦᠢᠯ ᠤᠨ ᠡᠭᠦᠷᠭᠡ ᠵᠢᠴᠢ ᠠᠬᠢᠴᠠ ᠶᠢᠨ ᠲᠣᠬᠢᠷᠠᠭᠤᠯᠤᠯᠲᠠ | ︵ᠨᠢᠭᠡ︶ ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠤᠰᠤᠲᠤᠯ ᠢ ᠵᠠᠰᠠᠬᠤ | ᠢᠨᠵᠧᠨᠧᠷᠢᠩ ︵ᠨᠢᠭᠡᠳᠦᠭᠡᠷ ᠬᠤᠭᠤᠴᠠᠭ᠎ᠠ︶ | 1. ᠬᠠᠷᠠᠯᠲᠠ ᠡᠭᠦᠷᠭᠡ᠃ 9.5 ᠺᠢᠯᠣᠮᠧᠳ᠋ᠷ ᠤᠨ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠢ | ᠥᠭᠡᠷᠡᠴᠢᠯᠡᠨ ᠵᠠᠰᠠᠵᠤ᠂ ᠪᠣᠷᠣᠭᠠᠨ ᠤ ᠤᠰᠤᠨ ᠤ ᠬᠥᠭᠡᠷᠭᠡ ᠶᠢᠨ ᠥᠷᠲᠡᠭᠡ ᠶᠢ ᠰᠡᠯᠪᠢᠨ ᠵᠠᠰᠠᠬᠤ ᠵᠢᠴᠢ ᠠᠷᠠᠴᠢᠯᠠᠨ | ᠬᠠᠮᠠᠭᠠᠯᠠᠬᠤ ᠵᠡᠷᠭᠡ᠃ ᠬᠤᠲᠠ ᠶᠢᠨ ᠲᠣᠭᠤᠷᠢᠭ ᠤᠨ ᠭᠤᠤᠯ ᠪᠣᠯᠬᠤ ᠵᠠᠮ ᠤᠨ ᠤᠰᠤ ᠬᠤᠷᠠᠭᠰᠠᠨ ᠵᠠᠮ ᠤᠨ | ᠬᠡᠰᠡᠭ ᠲᠤ ᠪᠣᠷᠣᠭᠠᠨ ᠤ ᠤᠰᠤᠨ ᠤ ᠬᠤᠭᠤᠯᠠᠶ ᠳᠡᠪᠢᠰᠴᠦ᠂ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠤᠨ | ᠰᠢᠰᠲ᠋ᠧᠮ ᠢ ᠲᠡᠭᠦᠯᠳᠡᠷᠵᠢᠭᠦᠯᠦᠨ᠂ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠠᠷᠭ᠎ᠠ ᠮᠠᠶ᠋ᠢᠭ ᠢ ᠠᠪᠴᠤ᠂ | ᠵᠠᠮ ᠤᠨ ᠭᠠᠳᠠᠷᠭᠤ ᠶᠢ ᠣᠲᠣ ᠶᠢᠨ ᠪᠠᠶᠢᠭ᠎ᠠ ᠦᠶᠡᠷ ᠵᠠᠯᠠᠬᠤ ᠰᠤᠪᠠᠭ᠂ ᠤᠰᠤ ᠵᠠᠯᠠᠬᠤ ᠰᠢᠰᠲ᠋ᠧᠮ ᠳᠤ ᠬᠤᠷᠠᠭᠤᠯᠤᠨ | ᠣᠷᠣᠭᠤᠯᠤᠨ᠎ᠠ︔ ᠣᠲᠣ ᠶᠢᠨ ᠪᠠᠶᠢᠭ᠎ᠠ ᠠᠷᠠᠳ ᠤᠨ ᠵᠠᠮ ᠤᠨ ᠵᠦᠷᠢᠯᠢᠭ ᠬᠥᠭᠦᠷᠭᠡ ᠶᠢᠨ ᠪᠣᠷᠣᠭᠠᠨ ᠤ ᠤᠰᠤᠨ ᠤ | ᠬᠥᠭᠡᠷᠭᠡ ᠶᠢᠨ ᠥᠷᠲᠡᠭᠡ᠂ ᠪᠥᠲᠥᠭᠡᠨ ᠪᠠᠶᠢᠭᠤᠯᠤᠯᠲᠠ ᠶᠢᠨ ᠵᠠᠮ ᠤᠨ ᠵᠦᠷᠢᠯᠢᠭ ᠬᠥᠭᠦᠷᠭᠡ ᠶᠢᠨ ᠪᠣᠷᠣᠭᠠᠨ ᠤ | ᠤᠰᠤᠨ ᠤ ᠬᠥᠭᠡᠷᠭᠡ ᠶᠢᠨ ᠥᠷᠲᠡᠭᠡ᠂ ᠤᠮᠠᠷᠠᠲᠤ ᠶᠢᠨ ᠵᠦᠷᠢᠯᠢᠭ ᠬᠥᠭᠦᠷᠭᠡ ᠶᠢᠨ ᠪᠣᠷᠣᠭᠠᠨ ᠤ ᠤᠰᠤᠨ ᠤ | ᠬᠥᠭᠡᠷᠭᠡ ᠶᠢᠨ ᠥᠷᠲᠡᠭᠡ᠂ ᠤᠮᠠᠷᠠᠲᠤ ᠶᠢᠨ ᠵᠥᠷᠢᠯᠢᠭ ᠤᠨ ᠪᠣᠷᠣᠭᠠᠨ ᠤ ᠤᠰᠤᠨ ᠤ ᠬᠥᠭᠡᠷᠭᠡ ᠶᠢᠨ ᠥᠷᠲᠡᠭᠡ ᠶᠢ | ᠬᠠᠮᠠᠭᠠᠯᠠᠨ ᠥᠭᠡᠷᠡᠴᠢᠯᠡᠵᠦ᠂ ᠰᠢᠯᠵᠢᠮᠡᠯ ᠮᠠᠶ᠋ᠢᠭ ᠤᠨ ᠤᠰᠤ ᠲᠠᠲᠠᠬᠤ ᠲᠥᠬᠦᠭᠡᠷᠦᠮᠵᠢ ᠶᠢ ᠨᠡᠮᠡᠭᠳᠡᠭᠦᠯᠦᠨ᠂ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠥᠬᠦᠭᠡᠷᠦᠮᠵᠢ ᠶᠢ ᠴᠢᠩᠭ᠎ᠠ ᠪᠠᠭᠤᠷᠠᠭᠤᠯᠬᠤ ᠳᠤ ᠬᠡᠷᠡᠭᠯᠡᠨ᠎ᠡ᠃ | 2.ᠠᠬᠢᠴᠠ ᠶᠢᠨ ᠲᠣᠬᠢᠷᠠᠭᠤᠯᠤᠯᠲᠠ ᠪᠡᠯᠡᠳᠬᠡᠯ ᠱᠠᠲᠤ ᠦᠶ᠎ᠡ ︵2024 ᠣᠨ ᠤ 3 ᠳ᠋ᠤᠭᠠᠷ ᠰᠠᠷ᠎ᠠ︶ | ᠰᠤᠳᠤᠯᠵᠤ ᠪᠣᠯᠬᠤ ᠨᠠᠶᠢᠷᠠᠭᠤᠯᠤᠨ ᠵᠣᠬᠢᠶᠠᠬᠤ᠂ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ᠂ ᠰᠤᠳᠤᠯᠵᠤ | ᠪᠣᠯᠬᠤ ᠴᠣᠬᠤᠯᠠᠪᠤᠷᠢ ᠵᠢᠴᠢ ᠵᠢᠷᠤᠵᠤ ᠲᠥᠯᠥᠪᠯᠡᠨ ᠳᠠᠭᠠᠭᠠᠴᠢᠯᠠᠯᠲᠠ ᠵᠠᠷᠯᠠᠬᠤ ᠶᠢ ᠪᠡᠶᠡᠯᠡᠭᠦᠯᠵᠦ᠂ ᠵᠢᠷᠤᠭ | ᠲᠥᠯᠥᠪᠯᠡᠭᠡ ᠶᠢᠨ ᠲᠥᠰᠦᠯ ᠢ ᠲᠣᠭᠲᠠᠭᠠᠨ᠎ᠠ᠃ ᠵᠢᠷᠤᠭ ᠬᠢᠨᠠᠬᠤ᠂ ᠲᠥᠰᠦᠪ ᠨᠠᠶᠢᠷᠠᠭᠤᠯᠤᠨ ᠵᠣᠬᠢᠶᠠᠬᠤ ᠵᠢᠴᠢ | ᠡᠳ᠋ ᠤᠨ ᠵᠠᠰᠠᠭ ᠤᠨ ᠦᠨᠡᠯᠡᠯᠲᠡ ᠬᠢᠨ᠎ᠡ᠃ ᠪᠦᠲᠦᠭᠡᠨ ᠪᠠᠶᠢᠭᠤᠯᠬᠤ ᠱᠠᠲᠤ ᠦᠡᠶᠡ ︵2024 ᠣᠨ ᠤ 4 ᠳ᠋ᠦᠭᠡᠷ | ᠰᠠᠷ᠎ᠠ ᠠᠴᠠ 12 ᠳ᠋ᠤᠭᠠᠷ ᠰᠠᠷ᠎ᠠ ᠪᠣᠯᠲᠠᠯ᠎ᠠ︶᠂ ᠬᠢᠨᠠᠨ ᠪᠣᠳᠣᠬᠤ᠂ ᠬᠢᠨᠠᠨ ᠬᠠᠮᠢᠶᠠᠷᠬᠤ ᠪᠠ ᠪᠠᠷᠢᠯᠭ᠎ᠠ ᠪᠠᠷᠢᠬᠤ | ᠡᠳ᠋ ᠤᠨ ᠵᠠᠰᠠᠭ ᠤᠨ ᠦᠨᠡᠯᠡᠯᠲᠡ ᠬᠢᠵᠦ᠂ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠵᠠᠷᠯᠠᠵᠤ᠂ ᠪᠠᠷᠢᠯᠭ᠎ᠠ ᠪᠠᠷᠢᠬᠤ | ᠵᠥᠪᠰᠢᠶᠡᠷᠡᠯ ᠤᠨ ᠦᠨᠡᠮᠯᠡᠯ ᠢ ᠭᠦᠢᠴᠡᠳᠬᠡᠵᠦ᠂ ᠲᠠᠯᠠᠪᠠᠶ ᠳᠤ ᠣᠷᠣᠵᠤ ᠪᠠᠷᠢᠯᠭ᠎ᠠ ᠪᠠᠷᠢᠬᠤ ᠬᠡᠷᠡᠭᠲᠡᠶ᠃ ᠰᠢᠯᠭᠠᠨ | ᠠᠪᠴᠤ ᠳ᠋ᠦᠩᠨᠡᠬᠦ ᠱᠠᠲᠤ ᠦᠶ᠎ᠡ ︵2024 ᠣᠨ ᠤ 12 ᠰᠠᠷ᠎ᠠ︶ ᠪᠠᠷᠢᠯᠭ᠎ᠠ ᠳᠠᠭᠤᠰᠴᠤ ᠰᠢᠯᠭᠠᠨ ᠠᠪᠬᠤ᠂ ᠬᠢᠨᠠᠨ | ᠪᠤᠳᠤᠬᠤ ᠠᠵᠢᠯ ᠢ ᠬᠢᠬᠦ ᠬᠡᠷᠡᠭᠲᠡᠶ᠃ ︵ᠲᠦᠷᠦᠭᠦᠯᠡᠬᠦ ᠨᠢᠭᠡᠴᠡ᠄ ᠬᠠᠶᠢᠷᠤᠪ ᠤᠨ ᠲᠣᠬᠤᠢ ᠲᠣᠭᠤᠷᠢᠭ ᠤᠨ | ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ︶ | ︵ᠬᠤᠶᠠᠷ︶ 2024 ᠣᠨ ᠳᠤ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠬᠤᠳᠠ | ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢᠨ ᠢᠵᠢ ᠪᠦᠷᠢᠳᠦᠭᠰᠡᠨ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ | 1. ᠬᠠᠷᠠᠯᠲᠠ ᠡᠭᠦᠷᠭᠡ᠃ 51 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ | ᠪᠠᠶᠢᠭᠤᠯᠬᠤ ᠪᠠᠷ ᠲᠥᠯᠥᠪᠯᠡᠵᠦ᠂ ᠬᠤᠯᠪᠣᠭᠳᠠᠭᠰᠠᠨ ᠡᠷᠦᠬᠡ ᠶᠢᠨ ᠲᠤᠭ᠎ᠠ 7883 ᠪᠠᠶᠢᠵᠤ᠂ ᠥᠭᠡᠷᠡᠴᠢᠯᠡᠨ | ᠰᠠᠶᠢᠵᠢᠷᠠᠭᠤᠯᠤᠭᠰᠠᠨ ᠲᠠᠯᠠᠪᠠᠶ 93.6 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠶ᠃ | 2. ᠠᠬᠢᠴᠠ ᠶᠢᠨ ᠲᠣᠬᠢᠷᠠᠭᠤᠯᠤᠯᠲᠠ ᠪᠡᠯᠡᠳᠬᠡᠯ ᠱᠠᠲᠤ ᠦᠶ᠎ᠡ ︵2024 ᠣᠨ ᠤ 1 ᠰᠠᠷ᠎ᠠ ᠠᠴᠠ 4 ᠰᠠᠷ᠎ᠠ | ᠬᠦᠷᠲᠡᠯ᠎ᠡ︶ ᠶᠢ ᠰᠤᠳᠤᠯᠵᠤ ᠪᠣᠯᠬᠤ ᠴᠣᠬᠤᠯᠠᠪᠤᠷᠢᠯᠠᠬᠤ᠂ ᠠᠩᠬ᠎ᠠ ᠪᠠᠶᠢᠭᠤᠯᠬᠤ ᠴᠣᠬᠤᠯᠠᠪᠤᠷᠢ ᠶᠢ ᠪᠡᠶᠡᠯᠡᠭᠦᠯᠵᠦ᠂ | ᠪᠠᠯᠠ ᠮᠥᠩᠭᠦ ᠶᠢᠨ ᠮᠡᠳᠡᠭᠦᠯᠬᠦ ᠮᠠᠲ᠋ᠧᠷᠢᠶᠠᠯ ᠢ ᠲᠤᠰᠢᠶᠠᠵᠤ᠂ ᠡᠯ᠎ᠡ ᠵᠡᠭᠡᠯᠢ ᠭᠤᠳᠤᠮᠵᠢ ᠳᠤ ᠪᠠᠷᠢᠯᠭ᠎ᠠ ᠶᠢᠨ ᠵᠢᠷᠤᠭ | ᠲᠥᠯᠥᠪᠯᠡᠭᠡ ᠬᠢᠵᠦ᠂ ᠪᠠᠷᠢᠯᠭ᠎ᠠ ᠶᠢᠨ ᠵᠢᠷᠤᠭ ᠤᠨ ᠲᠥᠰᠦᠪ ᠢ ᠨᠠᠶᠢᠷᠠᠭᠤᠯᠤᠨ ᠵᠣᠬᠢᠶᠠᠵᠤ᠂ ᠳᠠᠭᠠᠭᠠᠴᠢᠯᠠᠯᠲᠠ | ᠵᠠᠷᠯᠠᠬᠤ ᠠᠵᠢᠯ ᠢ ᠪᠡᠶᠡᠯᠡᠭᠦᠯᠪᠡ᠃ ᠵᠣᠬᠢᠶᠠᠨ ᠪᠠᠶᠢᠭᠤᠯᠵᠤ ᠬᠡᠷᠡᠭᠵᠢᠭᠦᠯᠬᠦ ᠱᠠᠲᠤ ᠦᠶ᠎ᠡ ︵2024 ᠣᠨ ᠤ 4 | ᠰᠠᠷ᠎ᠠ ᠠᠴᠠ 10 ᠰᠠᠷ᠎ᠠ︶ ᠲᠠᠯᠠᠪᠠᠢ ᠳᠤ ᠣᠷᠣᠵᠤ ᠠᠵᠢᠯ ᠡᠬᠢᠯᠡᠭᠦᠯᠪᠡ᠃ ᠰᠢᠯᠭᠠᠨ ᠠᠪᠴᠤ ᠳ᠋ᠦᠩᠨᠡᠬᠦ ᠱᠠᠲᠤ ᠦᠶ᠎ᠡ | ︵2024 ᠣᠨ ᠤ 11 ᠰᠠᠷ᠎ᠠ︶ ᠳᠤ ᠪᠠᠷᠢᠯᠭ᠎ᠠ ᠶᠢ ᠰᠢᠯᠭᠠᠨ ᠠᠪᠬᠤ᠂ ᠬᠢᠨᠠᠨ ᠪᠤᠳᠤᠬᠤ ᠶᠢ ᠬᠡᠷᠡᠭᠵᠢᠭᠦᠯᠦᠨ᠎ᠡ᠃ ︵ | ᠲᠦᠷᠦᠭᠦᠯᠡᠬᠦ ᠨᠢᠭᠡᠴᠡ᠄ ᠬᠠᠶᠢᠷᠤᠪ ᠤᠨ ᠲᠣᠬᠤᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | ︵ᠭᠤᠷᠪᠠ︶ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠠᠷᠠᠳ ᠤᠨ ᠠᠭᠤᠳᠠᠮ ᠲᠠᠯᠠᠪᠠᠢ ᠶᠢᠨ | ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ | 1. ᠬᠠᠷᠠᠯᠲᠠ ᠡᠭᠦᠷᠭᠡ᠃ ᠲᠥᠷᠥᠯ ᠵᠦᠢᠯ ᠤᠨ ᠶᠡᠷᠦᠩᠬᠡᠶ ᠬᠡᠷᠡᠭᠯᠡᠬᠦ ᠭᠠᠵᠠᠷ ᠤᠨ ᠲᠠᠯᠠᠪᠠᠶ ᠨᠢ 59684 | ᠲᠡᠭᠰᠢ ᠳᠥᠷᠪᠡᠯᠵᠢᠨ ᠮᠧᠲᠷ ᠰᠢᠬᠠᠮ ᠪᠠᠶᠢᠵᠤ᠂ ᠣᠳᠣᠬᠢ ᠪᠠᠶᠢᠳᠠᠯ ᠤᠨ ᠣᠷᠣᠨ ᠪᠦᠰᠡ ᠶᠢᠨ ᠵᠦᠶ ᠵᠣᠬᠢᠰᠲᠠᠶ | ᠴᠢᠳᠠᠮᠵᠢᠲᠤ ᠣᠷᠣᠨ ᠢ ᠬᠤᠪᠢᠶᠠᠷᠢᠯᠠᠨ ᠲᠣᠭᠲᠠᠭᠠᠵᠤ᠂ ᠳᠡᠪᠢᠰᠴᠦ ᠥᠭᠡᠷᠡᠴᠢᠯᠡᠬᠦ ᠶᠢ ᠬᠡᠷᠡᠭᠵᠢᠭᠦᠯᠦᠨ᠂ ᠰᠠᠭᠤᠷᠢ | ᠪᠡᠯᠡᠳᠬᠡᠮᠵᠢ᠂ ᠦᠵᠡᠮᠵᠢ ᠶᠢᠨ ᠵᠢᠵᠢᠭ ᠪᠠᠷᠢᠯᠭ᠎ᠠ ᠵᠡᠷᠭᠡ ᠶᠢ ᠢᠵᠢ ᠪᠥᠷᠢᠳᠦᠭᠦᠯᠵᠦ᠂ ᠴᠢᠳᠠᠮᠵᠢᠲᠦ ᠣᠷᠣᠨ ᠵᠢᠴᠢ | ᠠᠵᠢᠯᠯᠠᠭᠠᠨ ᠤ ᠲᠠᠯᠠᠪᠤᠷ ᠭᠠᠵᠠᠷ ᠢ ᠥᠭᠡᠷᠡᠴᠢᠯᠡᠨ ᠳᠡᠭᠡᠭᠰᠢᠯᠡᠭᠦᠯᠵᠦ᠂ ᠲᠠᠯᠠᠪᠠᠶ ᠶᠢᠨ ᠰᠣᠶᠣᠯ ᠤᠨ ᠠᠭᠤᠯᠭ᠎ᠠ ᠶᠢᠨ | ᠪᠡᠯᠡᠳᠬᠡᠮᠵᠢ ᠶᠢ ᠨᠡᠮᠡᠭᠳᠡᠭᠦᠯᠦᠨ᠂ ᠣᠳᠣᠬᠢ ᠪᠠᠶᠢᠳᠠᠯ ᠤᠨ ᠤᠷᠭᠤᠮᠠᠯ ᠵᠢᠴᠢ ᠣᠶᠢᠲᠤ ᠭᠠᠵᠠᠷ ᠢ ᠲᠠᠰ ᠳᠡᠪᠰᠢᠭᠦᠯᠬᠦ | ᠵᠡᠷᠭᠡ ᠪᠣᠯᠤᠨ᠎ᠠ᠃ | ᠠᠬᠢᠴᠠ ᠶᠢᠨ ᠲᠣᠬᠢᠷᠠᠭᠤᠯᠤᠯᠲᠠ ᠪᠡᠯᠡᠳᠬᠡᠯ ᠱᠠᠲᠤ ᠦᠶ᠎ᠡ ︵2024 ᠣᠨ ᠤ 3 ᠳ᠋ᠤᠭᠠᠷ ᠰᠠᠷ᠎ᠠ ᠠᠴᠠ 4 | ᠳ᠋ᠦ᠋ᠭᠡᠷ ᠰᠠᠷ᠎ᠠ ᠬᠦᠷᠲᠡᠯ᠎ᠡ︶ ᠵᠢᠷᠤᠭ ᠬᠢᠨᠠᠬᠤ ᠲᠥᠰᠦᠪ ᠬᠢᠵᠦ᠂ ᠡᠳ᠋ ᠤᠨ ᠵᠠᠰᠠᠭ ᠤᠨ ᠬᠢᠨᠠᠨ ᠲᠣᠭᠲᠠᠭᠠᠯᠲᠠ᠂ | ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠠᠪᠬᠤ ᠵᠡᠷᠭᠡ᠃ | ᠵᠣᠬᠢᠶᠠᠨ ᠪᠠᠶᠢᠭᠤᠯᠤᠨ ᠬᠡᠷᠡᠭᠵᠢᠭᠦᠯᠬᠦ ᠱᠠᠲᠤ ᠦᠶ᠎ᠡ ︵2024 ᠣᠨ ᠤ 4 ᠰᠠᠷ᠎ᠠ ᠠᠴᠠ 8 ᠰᠠᠷ᠎ᠠ︶ ᠰᠢᠯᠭᠠᠨ | ᠠᠪᠴᠤ ᠳ᠋ᠦᠩᠨᠡᠬᠦ ᠱᠠᠲᠤ ᠦᠶ᠎ᠡ ︵2024 ᠣᠨ ᠤ 9 ᠳ᠋ᠦ᠋ᠭᠡᠷ ᠰᠠᠷ᠎ᠠ︶ ᠳᠤ ᠪᠠᠷᠢᠯᠭ᠎ᠠ ᠶᠢ ᠰᠢᠯᠭᠠᠨ ᠠᠪᠬᠤ᠂ | ᠬᠢᠨᠠᠨ ᠪᠤᠳᠤᠬᠤ ᠶᠢ ᠬᠡᠷᠡᠭᠵᠢᠭᠦᠯᠦᠨ᠎ᠡ᠃ ︵ᠲᠦᠷᠦᠭᠦᠯᠡᠬᠦ ᠨᠢᠭᠡᠴᠡ᠄ ᠬᠠᠶᠢᠷᠤᠪ ᠤᠨ ᠲᠣᠬᠤᠢ ᠲᠣᠭᠤᠷᠢᠭ ᠤᠨ | ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ︶ | ︵ᠲᠦᠷᠪᠡ︶ ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠤᠰᠤᠲᠤᠯ ᠢ ᠵᠠᠰᠠᠬᠤ | ᠢᠨᠵᠧᠨᠧᠷᠢᠩ ︵ᠬᠤᠶᠠᠳᠤᠭᠠᠷ ᠬᠤᠭᠤᠴᠠᠭ᠎ᠠ︶ | 1. ᠬᠠᠷᠠᠯᠲᠠ ᠡᠭᠦᠷᠭᠡ᠃ ᠬᠠᠶᠢᠷᠤᠪ ᠤᠨ ᠲᠣᠬᠤᠢ ᠲᠣᠭᠤᠷᠢᠭ ᠤᠨ ᠬᠠᠭᠤᠴᠢᠨ ᠬᠤᠲᠠ ᠲᠣᠭᠤᠷᠢᠭ ᠤᠨ | ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠤᠨ 10.5 ᠺᠢᠯᠤᠮᠧᠲᠷ ᠢ ᠥᠭᠡᠷᠡᠴᠢᠯᠡᠨ ᠵᠠᠰᠠᠵᠤ᠂ ᠪᠣᠷᠣᠭᠠᠨ ᠤ | ᠤᠰᠤᠨ ᠤ ᠬᠥᠭᠡᠷᠭᠡ ᠶᠢᠨ ᠥᠷᠲᠡᠭᠡ ᠶᠢ ᠰᠡᠯᠪᠢᠨ ᠵᠠᠰᠠᠬᠤ ᠵᠢᠴᠢ ᠠᠷᠠᠴᠢᠯᠠᠨ ᠬᠠᠮᠠᠭᠠᠯᠠᠬᠤ ᠵᠡᠷᠭᠡ᠃ ᠬᠠᠭᠤᠴᠢᠨ | ᠬᠤᠲᠠ ᠲᠣᠭᠤᠷᠢᠭ ᠤᠨ ᠳᠣᠲᠣᠷᠠᠬᠢ ᠬᠠᠶᠢᠯᠠᠷ ᠵᠠᠮ ︵ᠹᠧᠩ ᠬᠤᠸᠠᠩ ᠯᠢᠩ ᠵᠡᠭᠦᠨ ᠵᠡᠭᠡᠯᠢ - ᠬᠠᠲᠤᠨ ᠭᠤᠤᠯ | ᠵᠡᠭᠡᠯᠢ︶᠂ ᠬᠠᠢ ᠳ᠋ᠠ ᠵᠡᠭᠡᠯᠢ ︵ᠬᠠᠶᠢᠯᠠᠷ ᠵᠠᠮ - ᠠᠷᠠᠳ ᠤᠨ ᠵᠠᠮ︶᠂ ᠭᠤᠤᠯ ᠵᠠᠮ ᠤᠨ ᠤᠰᠤ ᠬᠤᠷᠠᠭᠰᠠᠨ | ᠵᠠᠮ ᠤᠨ ᠬᠡᠰᠡᠭ ᠲᠤ ᠪᠣᠷᠣᠭᠠᠨ ᠤ ᠤᠰᠤᠨ ᠤ ᠬᠤᠭᠤᠯᠠᠶ ᠭᠤᠤᠷᠰᠤ ᠳᠡᠪᠢᠰᠴᠦ᠂ ᠪᠣᠷᠣᠭᠠᠨ ᠤ ᠤᠰᠤᠨ ᠤ | ᠬᠤᠭᠤᠯᠠᠶ ᠶᠢᠨ ᠲᠣᠤᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ | ᠠᠷᠭ᠎ᠠ ᠮᠠᠶ᠋ᠢᠭ ᠢ ᠠᠪᠴᠤ᠂ ᠵᠠᠮ ᠤᠨ ᠭᠠᠳᠠᠷᠭᠤ ᠶᠢ ᠣᠳᠣ ᠶᠢᠨ ᠪᠠᠶᠢᠭ᠎ᠠ ᠦᠶᠡᠷ ᠵᠠᠯᠠᠬᠤ ᠰᠤᠪᠠᠭ᠂ ᠤᠰᠤ ᠵᠠᠯᠠᠬᠤ | ᠰᠢᠰᠲ᠋ᠧᠮ ᠳᠤ ᠬᠤᠷᠠᠳᠠᠢ︔ ᠣᠳᠣ ᠶᠢᠨ ᠪᠠᠶᠢᠭ᠎ᠠ ᠠᠷᠠᠳ ᠤᠨ ᠴᠡᠴᠡᠷᠯᠢᠭ ᠤᠨ ᠪᠣᠷᠣᠭᠠᠨ ᠤ ᠤᠰᠤᠨ ᠤ | ᠬᠥᠭᠡᠷᠭᠡ ᠶᠢᠨ ᠥᠷᠲᠡᠭᠡ᠂ ᠲᠡᠮᠦᠷ ᠵᠠᠮ ᠤᠨ ᠬᠥᠭᠦᠷᠭᠡ ᠶᠢᠨ ᠪᠣᠷᠣᠭᠠᠨ ᠣᠷᠣᠬᠤ ᠤᠰᠤᠨ ᠤ ᠬᠥᠭᠡᠷᠭᠡ ᠶᠢᠨ | ᠥᠷᠲᠡᠭᠡ ᠶᠢ ᠬᠠᠮᠠᠭᠠᠯᠠᠨ ᠥᠭᠡᠷᠡᠴᠢᠯᠡᠵᠦ᠂ ᠰᠢᠯᠵᠢᠮᠡᠯ ᠮᠠᠶ᠋ᠢᠭ ᠤᠨ ᠤᠰᠤ ᠲᠠᠲᠠᠬᠤ ᠲᠥᠬᠦᠭᠡᠷᠦᠮᠵᠢ ᠶᠢ ᠨᠡᠮᠡᠭᠳᠡᠭᠦᠯᠵᠦ᠂ | ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠥᠬᠦᠭᠡᠷᠦᠮᠵᠢ ᠶᠢ ᠴᠢᠩᠭ᠎ᠠ ᠪᠠᠭᠤᠷᠠᠭᠤᠯᠬᠤ ᠳᠤ ᠬᠡᠷᠡᠭᠯᠡᠨ᠎ᠡ᠃ | 2.ᠠᠬᠢᠴᠠ ᠶᠢᠨ ᠲᠣᠬᠢᠷᠠᠭᠤᠯᠤᠯᠲᠠ ᠪᠡᠯᠡᠳᠬᠡᠯ ᠱᠠᠲᠤ ᠦᠶ᠎ᠡ ︵2024 ᠣᠨ ᠤ 1 ᠰᠠᠷ᠎ᠠ ᠠᠴᠠ 4 ᠰᠠᠷ᠎ᠠ | ᠬᠦᠷᠲᠡᠯ᠎ᠡ︶ ᠶᠢ ᠨᠠᠶᠢᠷᠠᠭᠤᠯᠤᠨ ᠵᠣᠬᠢᠶᠠᠬᠤ᠂ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ᠂ ᠰᠤᠳᠤᠯᠵᠤ ᠪᠣᠯᠬᠤ | ᠴᠣᠬᠤᠯᠠᠪᠤᠷᠢ ᠵᠢᠴᠢ ᠵᠢᠷᠤᠵᠤ ᠲᠥᠯᠥᠪᠯᠡᠭᠰᠡᠨ ᠡᠳ᠋ ᠤᠨ ᠵᠠᠰᠠᠭ ᠤᠨ ᠬᠢᠨᠠᠨ ᠲᠣᠭᠲᠠᠭᠠᠯᠲᠠ ᠶᠢ ᠪᠡᠶᠡᠯᠡᠭᠦᠯᠵᠦ᠂ | ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ᠂ ᠵᠢᠷᠤᠭ ᠲᠥᠯᠥᠪᠯᠡᠭᠡ ᠶᠢᠨ ᠲᠥᠰᠦᠯ ᠲᠣᠭᠲᠠᠭᠠᠬᠤ᠂ ᠵᠢᠷᠤᠭ | ᠲᠥᠯᠥᠪᠯᠡᠭᠡ ᠶᠢᠨ ᠬᠢᠨᠠᠯᠲᠠ᠂ ᠲᠥᠰᠦᠪ ᠨᠠᠶᠢᠷᠠᠭᠤᠯᠤᠨ ᠵᠣᠬᠢᠶᠠᠬᠤ ᠵᠢᠴᠢ ᠡᠳ᠋ ᠤᠨ ᠶᠠᠪᠤᠳᠠᠯ ᠤᠨ ᠦᠨᠡᠯᠡᠯᠲᠡ ᠬᠢᠵᠦ᠂ | ᠬᠢᠨᠠᠨ ᠪᠤᠳᠤᠯᠲᠠ᠂ ᠬᠢᠨᠠᠨ ᠬᠠᠮᠢᠶᠠᠷᠤᠯᠲᠠ ᠵᠢᠴᠢ ᠪᠠᠷᠢᠯᠭ᠎ᠠ ᠪᠠᠷᠢᠬᠤ ᠡᠳ᠋ ᠤᠨ ᠶᠠᠪᠤᠳᠠᠯ ᠤᠨ ᠦᠨᠡᠯᠡᠯᠲᠡ ᠪᠠ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠭᠦᠢᠴᠡᠳᠬᠡᠵᠦ᠂ ᠪᠠᠷᠢᠯᠭ᠎ᠠ ᠪᠠᠷᠢᠬᠤ ᠵᠥᠪᠰᠢᠶᠡᠷᠡᠯ ᠤᠨ | ᠦᠨᠡᠮᠯᠡᠯ ᠢ ᠭᠦᠢᠴᠡᠳᠬᠡᠨ᠎ᠡ᠃ ᠲᠥᠷᠥᠯ ᠵᠦᠢᠯ ᠢ ᠬᠡᠷᠡᠭᠵᠢᠭᠦᠯᠬᠦ ᠱᠠᠲᠤ ᠦᠶ᠎ᠡ ︵2024 ᠣᠨ ᠤ 4 ᠰᠠᠷ᠎ᠠ ᠠᠴᠠ | 12 ᠰᠠᠷ᠎ᠠ︶ ᠲᠤᠬᠠᠢ ᠶᠢᠨ ᠲᠠᠯᠠᠪᠤᠷ ᠲᠤ ᠣᠷᠣᠵᠤ ᠪᠠᠷᠢᠯᠭ᠎ᠠ ᠶᠢᠨ ᠠᠵᠢᠯ ᠢ ᠭᠦᠢᠴᠡᠳᠬᠡᠨ᠎ᠡ᠃ ᠲᠥᠷᠥᠯ ᠵᠦᠢᠯ ᠢ | ᠰᠢᠯᠭᠠᠨ ᠠᠪᠬᠤ ᠱᠠᠲᠤ ᠦᠶ᠎ᠡ ︵2024 ᠣᠨ ᠤ 12 ᠰᠠᠷ᠎ᠠ︶᠂ ᠲᠥᠷᠥᠯ ᠵᠦᠢᠯ ᠤᠨ ᠪᠠᠷᠢᠯᠭ᠎ᠠ ᠳᠠᠭᠤᠰᠴᠤ | ᠰᠢᠯᠭᠠᠨ ᠠᠪᠬᠤ᠂ ᠬᠢᠨᠠᠨ ᠪᠤᠳᠤᠬᠤ᠃ ︵ᠲᠦᠷᠦᠭᠦᠯᠡᠬᠦ ᠨᠢᠭᠡᠴᠡ᠄ ᠬᠠᠶᠢᠷᠤᠪ ᠤᠨ ᠲᠣᠬᠤᠢ ᠲᠣᠭᠤᠷᠢᠭ ᠤᠨ | ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ︶ | ︵ᠲᠠᠪᠤ︶ ᠬᠠᠶᠢᠷᠤᠪ ᠤᠨ ᠲᠣᠬᠤᠢ ᠲᠣᠭᠤᠷᠢᠭ ᠤᠨ ᠵᠢᠷᠭᠤᠳᠤᠭᠠᠷ ᠪᠠᠭ᠎ᠠ ᠰᠤᠷᠭᠠᠭᠤᠯᠢ ᠶᠢᠨ ᠰᠠᠯᠬᠢ | ᠪᠣᠷᠣᠭᠠᠨ ᠤ ᠲᠠᠮᠢᠷ ᠤᠨ ᠲᠠᠯᠠᠪᠠᠢ ᠵᠢᠴᠢ ᠳᠠᠬᠢᠨ ᠪᠠᠶᠢᠭᠤᠯᠤᠭᠰᠠᠨ ᠰᠦᠯᠢᠶᠣᠣ ᠭᠤᠮ ᠭᠦᠶᠦᠯᠲᠡ ᠶᠢᠨ ᠵᠠᠮ ᠤᠨ | ᠲᠥᠷᠥᠯ ᠵᠦᠢᠯ | 1. ᠬᠠᠷᠠᠯᠲᠠ ᠡᠭᠦᠷᠭᠡ᠃ ᠰᠤᠷᠭᠠᠭᠤᠯᠢ ᠶᠢᠨ ᠰᠠᠯᠬᠢ ᠪᠣᠷᠣᠭᠠᠨ ᠤ ᠲᠠᠮᠢᠷ ᠤᠨ ᠲᠠᠯᠠᠪᠠᠶ ᠶᠢᠨ 1800 ᠲᠡᠭᠰᠢ | ᠳᠥᠷᠪᠡᠯᠵᠢᠨ ᠮᠧᠲᠷ ︵ᠬᠡᠰᠡᠭ ᠪᠡᠶ᠎ᠡ ᠶᠢᠨ ᠲᠠᠮᠢᠷ ᠤᠨ ᠢᠵᠢ ᠪᠥᠷᠢᠳᠦᠭᠦᠯᠬᠦ ᠬᠡᠷ ᠪᠠᠶᠢᠰᠢᠩ᠂ ᠤᠰᠤ ᠪᠠᠷ ᠤᠬᠢᠶᠠᠬᠤ | ᠵᠣᠷᠯᠣᠩ ᠵᠡᠷᠭᠡ ᠶᠢ ᠪᠠᠭᠲᠠᠭᠠᠨ᠎ᠠ︶ ᠶᠢ ᠰᠢᠨ᠎ᠡ ᠪᠠᠷ ᠪᠠᠶᠢᠭᠤᠯᠪᠠ︔ 300 ᠮᠧᠲᠷ ᠤᠨ ᠰᠦᠯᠢᠶᠣᠣ ᠴᠠᠪᠠᠤ ᠶᠢᠨ | ᠭᠦᠶᠦᠯᠲᠡ ᠶᠢᠨ ᠵᠠᠮ ᠢ ᠰᠢᠨ᠎ᠡ ᠪᠠᠷ ᠪᠠᠶᠢᠭᠤᠯᠵᠤ᠂ 200 ᠲᠡᠭᠰᠢ ᠳᠥᠷᠪᠡᠯᠵᠢᠨ ᠮᠧᠲᠷ ᠤᠨ ᠲᠠᠶᠢᠰᠠᠨ ᠤ 200 | ᠲᠡᠭᠰᠢ ᠳᠥᠷᠪᠡᠯᠵᠢᠨ ᠮᠧᠲᠷ ᠤᠨ ᠪᠥᠮᠪᠦᠭᠡ ᠶᠢᠨ ᠲᠥᠷᠥᠯ ᠤᠨ ᠠᠵᠢᠯᠯᠠᠭᠠᠨ ᠤ ᠲᠠᠯᠠᠪᠤᠷ ᠢ ᠰᠢᠨ᠎ᠡ ᠪᠠᠷ ᠪᠠᠶᠢᠭᠤᠯᠪᠠ︔ | ᠪᠠᠷᠢᠯᠭ᠎ᠠ ᠶᠢᠨ ᠭᠠᠳᠠᠷ ᠲᠣᠣᠷ᠂ ᠭᠠᠯ ᠤᠨᠲᠠᠷᠠᠭᠠᠬᠤ ᠶᠢ ᠢᠵᠢ ᠪᠦᠷᠢᠳᠦᠭᠦᠯᠵᠦ᠂ ᠭᠠᠵᠠᠷ ᠬᠡᠷᠡᠭᠯᠡᠬᠦ ᠬᠡᠪᠴᠢᠶᠡᠨ | ᠳᠣᠲᠣᠷᠠᠬᠢ ᠬᠦᠷᠢᠶ᠎ᠡ ᠬᠡᠷᠡᠮ᠂ ᠬᠠᠲᠠᠭᠤᠷᠠᠭᠤᠯᠬᠤ᠂ ᠨᠣᠭᠤᠭᠠᠷᠠᠭᠤᠯᠬᠤ ᠵᠡᠷᠭᠡ ᠬᠠᠷᠢᠶᠠᠲᠤ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠨᠡᠮᠡᠭᠳᠡᠭᠦᠯᠦᠨ᠎ᠡ᠃ | 2.ᠠᠬᠢᠴᠠ ᠶᠢᠨ ᠲᠣᠬᠢᠷᠠᠭᠤᠯᠤᠯᠲᠠ ᠪᠡᠯᠡᠳᠬᠡᠯ ᠱᠠᠲᠤ ᠦᠶ᠎ᠡ ︵2024 ᠣᠨ ᠤ 3 ᠳ᠋ᠤᠭᠠᠷ ᠰᠠᠷ᠎ᠠ︶ | ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠠᠵᠢᠯ ᠢ ᠪᠡᠶᠡᠯᠡᠭᠦᠯᠦᠨ᠎ᠡ᠃ ᠵᠣᠬᠢᠶᠠᠨ ᠪᠠᠶᠢᠭᠤᠯᠤᠨ ᠬᠡᠷᠡᠭᠵᠢᠭᠦᠯᠬᠦ | ᠱᠠᠲᠤ ᠦᠶ᠎ᠡ ︵2024 ᠣᠨ ᠤ 4 ᠰᠠᠷ᠎ᠠ ᠠᠴᠠ 10 ᠰᠠᠷ᠎ᠠ︶ ᠳᠤ᠂ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢ ᠶᠠᠪᠤᠭᠳᠠᠭᠤᠯᠤᠨ᠎ᠠ᠃ ᠰᠢᠯᠭᠠᠨ ᠠᠪᠴᠤ ᠳ᠋ᠦᠩᠨᠡᠬᠦ ᠱᠠᠲᠤ ᠦᠶ᠎ᠡ ︵2024 ᠣᠨ ᠤ 11 ᠰᠠᠷ᠎ᠠ︶ | ᠳᠤ ᠪᠠᠷᠢᠯᠭ᠎ᠠ ᠶᠢ ᠰᠢᠯᠭᠠᠨ ᠠᠪᠬᠤ᠂ ᠬᠢᠨᠠᠨ ᠪᠤᠳᠤᠬᠤ ᠶᠢ ᠬᠡᠷᠡᠭᠵᠢᠭᠦᠯᠦᠨ᠎ᠡ᠃ ︵ᠲᠦᠷᠦᠭᠦᠯᠡᠬᠦ ᠨᠢᠭᠡᠴᠡ᠄ | ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ ᠨᠢᠭᠡᠪᠦᠷᠢ ᠨᠢ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠲᠠᠢ | ᠬᠤᠯᠪᠣᠭᠳᠠᠨ᠎ᠠ᠃ ᠡᠯ᠎ᠡ ᠲᠦᠷᠦᠭᠦᠯᠡᠨ ᠬᠢᠬᠦ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠬᠦ ᠶᠢ ︽ᠨᠢᠭᠡᠳᠦᠭᠡᠷ ᠭᠠᠷ ᠤᠨ ᠢᠨᠵᠧᠨᠧᠷᠢᠩ︾ | ᠪᠣᠯᠭᠠᠵᠤ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠬᠤᠪᠢᠳᠠᠨ ᠬᠠᠮᠢᠶᠠᠷᠴᠤ ᠪᠥᠬᠦᠶ | ᠤᠳᠤᠷᠢᠳᠤᠯᠭ᠎ᠠ ᠪᠣᠳᠠᠲᠠᠶ ᠠᠳᠬᠤᠵᠤ᠂ ᠲᠤᠰᠬᠠᠶ ᠬᠥᠮᠦᠨ ᠵᠢᠭᠠᠨ ᠲᠣᠭᠲᠠᠭᠠᠵᠤ ᠬᠠᠷᠢᠭᠤᠴᠠᠭᠤᠯᠤᠨ᠂ ᠴᠤᠭᠭᠠᠷ | ᠠᠳᠬᠤᠵᠤ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠶ᠃ | ︵ᠬᠤᠶᠠᠷ︶ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠬᠤ ᠶᠢ ᠴᠢᠩᠭᠠᠳᠬᠠᠨ᠎ᠠ᠃ ᠡᠯ᠎ᠡ ᠲᠦᠷᠦᠭᠦᠯᠡᠨ ᠬᠢᠬᠦ | ᠨᠢᠭᠡᠴᠡ ᠨᠦᠭᠦᠳ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ | ᠶᠣᠰᠣᠭᠠᠷ᠂ ᠲᠥᠰᠦᠯ ᠢᠶᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠠᠵᠢᠯ ᠤᠨ ᠡᠭᠦᠷᠭᠡ ᠶᠢ ᠵᠠᠳᠠᠯᠤᠨ | ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠂ | ᠬᠡᠷᠡᠭᠵᠢᠭᠦᠯᠬᠦ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ | ᠵᠦᠢᠯ ᠤᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠲᠤᠭᠤᠷᠢᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ | ᠵᠦᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠵᠤ᠂ ᠬᠤᠯᠪᠣᠭᠳᠠᠯ ᠪᠥᠬᠦᠶ | ᠲᠥᠷᠥᠯ ᠵᠦᠢᠯ ᠤᠨ ᠬᠠᠷᠢᠭᠤᠴᠠᠯᠭᠠᠲᠤ ᠨᠢᠭᠡᠴᠡ ᠶᠢ ᠲᠦᠷᠦᠭᠦᠯᠡᠨ ᠰᠢᠮᠳᠠᠭᠤᠯᠵᠤ ᠪᠠᠶᠢᠭᠠᠳ ᠲᠥᠯᠥᠪᠯᠡᠭᠡ ᠶᠣᠰᠣᠭᠠᠷ | ᠨᠠᠶᠢᠳᠠᠪᠤᠷᠢᠵᠢᠭᠤᠯᠬᠤ ᠬᠡᠷᠡᠭᠲᠡᠶ︔ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠲᠥᠯᠥᠪᠯᠡᠭᠡ ᠶᠣᠰᠣᠭᠠᠷ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠪᠠᠯᠠ ᠮᠥᠩᠭᠦ ᠶᠢᠨ ᠬᠡᠷᠡᠭᠴᠡᠭᠡ ᠶᠢ ᠪᠠᠲᠤᠯᠠᠬᠤ ᠬᠡᠷᠡᠭᠲᠡᠶ︔ ᠲᠤᠭᠤᠷᠢᠭ ᠤᠨ | ᠬᠢᠨᠠᠨ ᠪᠤᠳᠤᠬᠤ ᠲᠣᠪᠴᠢᠶ᠎ᠠ ᠲᠥᠷᠥᠯ ᠵᠦᠢᠯ ᠤᠨ ᠬᠢᠨᠠᠨ ᠪᠤᠳᠤᠬᠤ ᠬᠢᠨᠠᠯᠲᠠ ᠶᠢ ᠰᠠᠶᠢᠲᠤᠷ ᠬᠢᠵᠦ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠬᠤ ᠬᠡᠷᠡᠭᠲᠡᠶ᠃ | ︵ᠭᠤᠷᠪᠠ︶ ᠰᠢᠮᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠎ᠠ᠃ ᠡᠯ᠎ᠡ ᠲᠦᠷᠦᠭᠦᠯᠡᠨ | ᠬᠢᠬᠦ ᠨᠢᠭᠡᠴᠡ ᠨᠦᠭᠦᠳ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠲᠥᠰᠦᠯ ᠢ | ᠲᠣᠭᠲᠠᠭᠠᠬᠤ᠂ ᠲᠥᠷᠥᠯ ᠵᠦᠢᠯ ᠤᠨ ᠠᠬᠢᠴᠠ᠂ ᠪᠡᠯᠡ ᠮᠥᠩᠭᠦ ᠶᠢᠨ ᠬᠡᠷᠡᠭᠯᠡᠯᠲᠡ᠂ ᠢᠨᠵᠧᠨᠧᠷᠢᠩ ᠤᠨ ᠶᠠᠰᠤ ᠴᠢᠨᠠᠷ | ᠵᠢᠴᠢ ᠠᠵᠢᠯᠯᠠᠭᠠᠨ ᠤ ᠦᠷ᠎ᠡ ᠨᠥᠯᠥᠭᠡ ᠵᠡᠷᠭᠡ ᠲᠠᠯ᠎ᠠ ᠪᠠᠷ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᠣᠯᠠᠨ ᠲᠦᠮᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠶᠢᠨ ᠬᠠᠮᠲᠤ ᠲᠥᠷᠥᠯ ᠵᠦᠢᠯ ᠤᠨ ᠵᠠᠯᠭᠠᠮᠵᠢ | ᠬᠠᠮᠢᠶᠠᠷᠤᠯᠲᠠ ᠶᠢ ᠴᠢᠩᠭᠠᠳᠬᠠᠵᠤ᠂ ᠪᠣᠳᠠᠲᠤ ᠶᠠᠪᠤᠳᠠᠯ ᠪᠦᠬᠦᠨ ᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ | ᠬᠡᠷᠡᠭᠲᠡᠶ᠃ ᠲᠤᠭᠤᠷᠢᠭ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠨᠢ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠶᠠᠪᠤᠴᠠ ᠳᠤ ᠮᠥᠷᠳᠡᠨ ᠬᠢᠨᠠᠨ | ᠵᠢᠯᠣᠭᠤᠳᠴᠤ᠂ ᠬᠦᠴᠦᠲᠡᠶ ᠠᠬᠢᠭᠤᠯᠤᠭᠰᠠᠨ ᠥᠬᠡᠶ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ | ᠴᠡᠭᠴᠡᠯᠡᠨ ᠥᠭᠡᠷᠡᠴᠢᠯᠡᠭᠦᠯᠦᠨ᠎ᠡ︔ ᠣᠨ ᠤ ᠪᠡᠶᠡᠯᠡᠭᠦᠯᠦᠭᠰᠡᠨ ᠦᠭᠡᠢ ᠪᠠᠶᠢᠪᠠᠯ᠂ ᠳᠠᠷᠠᠭ᠎ᠠ ᠵᠢᠯ ᠤᠨ ᠲᠤᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠪᠥᠬᠦ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠲᠤ ᠲᠣᠳᠣᠷᠬᠠᠶᠢᠯᠠᠯᠲᠠ ᠬᠢᠨ᠎ᠠ᠃ | |