ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
ᠨᠡᠶᠢᠲᠡᠯᠡᠭᠰᠡᠨ ᠴᠠᠭ᠄
2024/5/10
    ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠠᠶᠢᠷᠤᠪ ᠤᠨ ᠲᠣᠬᠤᠢ ᠲᠣᠭᠤᠷᠢᠭ ᠤᠨ ᠪᠠᠷᠠᠭᠤᠨ ᠡᠮᠦᠨ᠎ᠡ ᠬᠡᠰᠡᠭ ᠲᠤ ᠪᠠᠶᠢᠷᠢᠯᠠᠵᠤ᠂ ᠵᠡᠭᠦᠨᠰᠢ ᠠᠷᠠᠳ ᠤᠨ ᠵᠠᠮ ᠲᠠᠢ ᠵᠠᠯᠭᠠᠯᠳᠤᠵᠤ᠂ ᠪᠠᠷᠠᠭᠤᠨᠰᠢ ᠪᠠᠨ ᠪᠦᠦ ᠯᠠᠨ ᠲᠡᠮᠦᠷ ᠵᠠᠮ ᠤᠨ ᠱᠤᠭᠤᠮ ᠲᠠᠢ ᠬᠥᠷᠰᠢᠯᠡᠵᠦ᠂ ᠡᠮᠦᠨᠡᠰᠢ ᠪᠠᠨ ᠡᠮᠦᠨ᠎ᠡ ᠭᠤᠣᠯ ᠤᠨ ᠬᠤᠩᠭᠢᠯ ᠳᠤ ᠬᠦᠷᠴᠦ᠂ ᠬᠤᠶᠢᠰᠢ ᠪᠠᠨ ᠰᠢᠨᠬᠤᠸᠠ ᠶᠡᠭᠡ ᠵᠡᠭᠡᠯᠢ ᠬᠦᠷᠴᠦ᠂ ᠶᠡᠷᠦᠩᠬᠡᠢ ᠲᠠᠯᠠᠪᠠᠢ ᠨᠢ 8 ᠲᠡᠭᠰᠢ ᠳᠥᠷᠪᠡᠯᠵᠢᠨ ᠺᠢᠯᠤᠮᠧᠲᠷ ᠪᠣᠯᠤᠨ᠎ᠠ᠃ ᠬᠠᠷᠢᠶ᠎ᠠ ᠣᠷᠣᠨ ᠤ ᠳᠣᠲᠣᠷᠠᠬᠢ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠴᠤᠭᠯᠠᠷᠠᠪᠠ᠂ ᠰᠢᠨ ᠲᠢᠶᠠᠨ ᠳ᠋ᠢ ᠵᠠᠬ᠎ᠠ ᠳᠡᠯᠭᠡᠭᠦᠷ᠂ ᠸᠠᠨ ᠺᠧ ᠯᠦᠩ ᠬᠤᠳᠠᠯᠳᠤᠭᠠᠨ ᠤ ᠠᠰᠠᠷ᠂ ᠮᠢᠩ ᠵᠦ ᠬᠤᠳᠠᠯᠳᠤᠭᠠᠨ ᠤ ᠠᠰᠠᠷ᠂ ᠬᠠᠶ ᠳ᠋ᠠ ᠵᠡᠭᠡᠯᠢ ᠶᠢᠨ ᠮᠠᠰᠢᠨ ᠲᠡᠷᠭᠡᠨ ᠤ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠵᠠᠬ᠎ᠠ ᠳᠡᠯᠭᠡᠭᠦᠷ ᠪᠠᠶᠢᠵᠤ᠂ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ ᠳᠠᠪᠠᠭᠤᠯᠢᠭ ᠪᠠᠶᠢᠳᠠᠭ᠃ ᠦᠬᠠᠢ ᠶᠢᠨ ᠭᠠᠯᠲᠤ ᠲᠡᠷᠭᠡᠨ ᠤ ᠥᠷᠲᠡᠭᠡ ᠵᠢᠴᠢ ᠬᠤᠯᠠ ᠵᠠᠮ ᠤᠨ ᠮᠠᠰᠢᠨ ᠲᠡᠷᠭᠡᠨ ᠤ ᠥᠷᠲᠡᠭᠡ ᠴᠥᠮ ᠬᠠᠷᠢᠶᠠᠲᠤ ᠣᠷᠣᠨ ᠳᠤ ᠪᠠᠢᠷᠢᠯᠠᠵᠤ ᠵᠠᠮ ᠬᠠᠷᠢᠯᠴᠠᠭ᠎ᠠ ᠳᠥᠭᠦᠮ ᠲᠦᠳᠡ᠃ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ 1995 ᠣᠨ ᠤ 6 ᠰᠠᠷ᠎ᠠ ᠳᠤ ᠪᠠᠶᠢᠭᠤᠯᠤᠭᠳᠠᠪᠠ᠃ ᠨᠠᠮ ᠤᠨ ᠠᠵᠢᠯᠯᠠᠬᠤ ᠬᠤᠷᠢᠶ᠎ᠠ ᠶᠢᠨ ᠬᠠᠷᠢᠶ᠎ᠠ 4 ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ᠂ ᠬᠡᠷᠡᠭ ᠡᠷᠬᠢᠯᠡᠬᠦ ᠭᠠᠵᠠᠷ ᠤᠨ ᠳᠣᠤᠷ᠎ᠠ ᠨᠢ ᠪᠢᠨ ᠱᠦᠢ᠂ ᠬᠠᠢ ᠳ᠋ᠠ᠂ ᠱᠧᠩ ᠱᠢ᠂ ᠰᠢᠨᠬᠤᠸᠠ 4 ᠨᠡᠶᠢᠭᠡᠮ ᠲᠣᠭᠤᠷᠢᠭ ᠤᠨ ᠶᠡᠷᠦᠩᠬᠡᠶ ᠡᠷᠦᠬᠡ ᠶᠢᠨ ᠲᠤᠭ᠎ᠠ 20360 ᠡᠷᠦᠬᠡ᠂ ᠶᠡᠷᠦᠩᠬᠡᠶ ᠬᠥᠮᠦᠨ ᠠᠮᠠ 49970 ᠬᠥᠮᠦᠨ ᠪᠠᠶᠢᠨ᠎ᠠ᠃    ᠨᠢᠭᠡ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠭᠦᠷᠭᠡ ᠬᠠᠷᠢᠭᠤᠴᠠᠯᠭ᠎ᠠ    ︵ᠨᠢᠭᠡ︶ ᠨᠠᠮ ᠪᠠ ᠤᠯᠤᠰ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠪᠠ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠡᠭᠡᠯᠢ ᠭᠤᠳᠤᠮᠵᠢ ᠶᠢᠨ ᠠᠵᠢᠯ ᠤᠨ ᠲᠠᠯ᠎ᠠ ᠶᠢᠨ ᠲᠤᠬᠠᠶ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠪᠣᠳᠠᠲᠠᠶ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠬᠤᠶᠠᠷ︶ ᠬᠠᠷᠢᠶ᠎ᠠ ᠣᠷᠣᠨ ᠤ ᠳᠣᠲᠣᠷᠠᠬᠢ ᠬᠤᠲᠠ ᠶᠢᠨ ᠳᠦᠷᠰᠦ ᠪᠠᠶᠢᠳᠠᠯ ᠪᠣᠯᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠷᠢᠶ᠎ᠠ ᠣᠷᠣᠨ ᠤ ᠨᠢᠭᠡᠴᠡ ᠪᠣᠯᠤᠨ ᠣᠯᠠᠨ ᠲᠦᠮᠡᠨ ᠢ ᠳᠠᠶᠢᠴᠢᠯᠠᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠶ᠃    ︵ᠭᠤᠷᠪᠠ︶ ᠰᠠᠭᠤᠭᠠᠯᠢ ᠠᠷᠠᠳ ᠵᠢᠴᠢ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠢ ᠳᠠᠶᠢᠴᠢᠯᠠᠬᠤ ᠪᠠ ᠤᠳᠤᠷᠢᠳᠴᠤ ᠪᠠᠶᠢᠭᠠᠳ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠬᠡᠷᠡᠭᠲᠡᠶ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠬᠡᠷᠡᠭᠲᠡᠶ᠃    ︵ᠲᠦᠷᠪᠡ︶ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠠᠵᠢᠯ ᠢ ᠵᠢᠯᠣᠭᠤᠳᠤᠨ᠎ᠠ︔ ᠵᠠᠰᠠᠭ ᠵᠠᠬᠢᠷᠭᠠᠨ ᠤ ᠬᠡᠷᠡᠭ ᠶᠠᠪᠤᠳᠠᠯ᠂ ᠨᠡᠶᠢᠭᠡᠮ ᠤᠨ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠠᠯ᠎ᠠ ᠶᠢᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃    ︵ᠲᠠᠪᠤ︶ ᠬᠠᠷᠢᠶᠠᠲᠤ ᠣᠷᠣᠨ ᠤ ᠳᠣᠲᠣᠷᠠᠬᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠤᠨ ᠠᠵᠢᠯ ᠢ ᠬᠠᠷᠢᠭᠤᠴᠠᠵᠤ᠂ ᠨᠠᠰᠤᠲᠠᠶᠢᠴᠤᠳ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃    ︵ᠵᠢᠷᠭᠤᠭ᠎ᠠ︶ ᠬᠠᠷᠢᠶᠠᠲᠤ ᠣᠷᠣᠨ ᠤ ᠳᠣᠲᠣᠷᠠᠬᠢ ᠠᠶᠤᠯ ᠦᠭᠡᠶ ᠦᠢᠯᠡᠳᠪᠦᠷᠢᠯᠡᠯ ᠪᠣᠯᠤᠨ ᠭᠠᠯ ᠤᠨᠲᠠᠷᠠᠭᠠᠬᠤ ᠠᠵᠢᠯ ᠢ ᠵᠢᠯᠣᠭᠤᠳᠬᠤ᠂ ᠬᠢᠨᠠᠯᠲᠠ ᠲᠠᠯᠪᠢᠬᠤ ᠶᠢ ᠬᠠᠷᠢᠭᠤᠴᠠᠨ᠎ᠠ᠃    ︵ᠳᠤᠯᠤᠭ᠎ᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰ ᠬᠠᠷᠢᠶ᠎ᠠ ᠣᠷᠣᠨ ᠤ ᠶᠡᠷᠦᠩᠬᠡᠶᠢᠯᠡᠨ ᠵᠠᠰᠠᠬᠤ᠂ ᠵᠠᠬᠢᠳᠠᠯ ᠰᠤᠷᠪᠤᠯᠵᠢᠯᠠᠭ᠎ᠠ᠂ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠨ᠎ᠡ᠃    ︵ᠨᠠᠢᠮᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰ ᠬᠠᠷᠢᠶ᠎ᠠ ᠣᠷᠣᠨ ᠤ ᠪᠠᠨ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃    ︵ᠶᠢᠰᠦ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠷᠢᠶ᠎ᠠ ᠣᠷᠣᠨ ᠤ ᠪᠠᠨ ᠳᠣᠲᠣᠷᠠᠬᠢ ᠠᠵᠤ ᠠᠬᠤᠶᠢᠯᠠᠯ ᠳᠤ ᠦᠢᠯᠡᠴᠢᠯᠡᠬᠦ᠂ ᠭᠠᠵᠠᠷ ᠤᠨ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃    ︵ᠠᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠷᠢᠶ᠎ᠠ ᠣᠷᠣᠨ ᠤ ᠬᠥᠮᠦᠰ ᠤᠨ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠪᠤᠴᠠᠭᠠᠵᠤ ᠬᠠᠮᠢᠶᠠᠷᠬᠤ ᠵᠡᠷᠭᠡ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃    ︵ᠠᠷᠪᠠᠨ ᠨᠢᠭᠡ︶ ᠵᠡᠪᠰᠡᠭᠲᠦ ᠬᠦᠴᠦᠨ ᠤ ᠰᠠᠯᠠᠭ᠎ᠠ ᠮᠥᠴᠢᠷ ᠢ ᠬᠠᠮᠵᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠡᠷᠦᠬᠡ ᠶᠢᠨ ᠴᠡᠷᠢᠭ ᠤᠨ ᠪᠣᠯᠪᠠᠰᠤᠷᠠᠯ ᠪᠣᠯᠤᠨ ᠠᠷᠠᠳ ᠢᠷᠭᠡᠳ ᠤᠨ ᠴᠡᠷᠢᠭ ᠤᠨ ᠠᠯᠪᠠ ᠬᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃    ︵ᠠᠷᠪᠠᠨ ᠬᠤᠶᠠᠷ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠭᠠᠷ ᠤᠨ ᠰᠡᠷᠭᠡᠶᠢᠯᠡᠯᠲᠡ᠂ ᠣᠶ ᠰᠢᠭᠤᠶ ᠶᠢᠨ ᠭᠠᠯ ᠰᠡᠷᠭᠡᠶᠢᠯᠡᠬᠦ᠂ ᠦᠶᠡᠷ ᠰᠡᠷᠭᠡᠶᠢᠯᠡᠬᠦ᠂ ᠰᠠᠯᠬᠢ ᠶᠢ ᠰᠡᠷᠭᠡᠶᠢᠯᠡᠬᠦ᠂ ᠭᠠᠩ ᠬᠠᠭᠰᠠᠷᠭᠠᠨ ᠢ ᠰᠡᠷᠭᠡᠶᠢᠯᠡᠬᠦ᠂ ᠭᠠᠵᠠᠷ ᠬᠥᠳᠡᠯᠦᠯᠲᠡ ᠠᠴᠠ ᠰᠡᠷᠭᠡᠶᠢᠯᠡᠬᠦ᠂ ᠭᠠᠵᠠᠷ ᠰᠢᠷᠣᠶ ᠲᠠᠲᠠᠪᠤᠷᠢᠯᠠᠬᠤ ᠪᠠ ᠬᠤᠲᠠ ᠶᠢᠨ ᠭᠡᠷ ᠪᠠᠶᠢᠰᠢᠩ ᠢ ᠨᠤᠷᠠᠭᠠᠵᠤ ᠨᠡᠭᠦᠯᠭᠡᠬᠦ᠂ ᠠᠶᠤᠯ ᠭᠠᠮᠰᠢᠭ ᠠᠴᠠ ᠠᠪᠤᠷᠠᠬᠤ᠂ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠡᠷᠭᠡ ᠠᠵᠢᠯ ᠢ ᠰᠠᠶᠢᠲᠤᠷ ᠬᠢᠨ᠎ᠡ᠃  ︵ᠠᠷᠪᠠᠨ ᠭᠤᠷᠪᠠ︶ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ ᠠᠪᠴᠤ ᠭᠦᠢᠴᠡᠳᠬᠡᠨ᠎ᠡ᠃    ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ    ᠬᠠᠶᠢᠷᠤᠪ ᠤᠨ ᠲᠣᠬᠤᠢ ᠲᠣᠭᠤᠷᠢᠭ ᠤᠨ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠮᠢᠯᠠᠭᠰᠠᠨ ᠪᠠᠶᠢᠭᠤᠯᠭ᠎ᠠ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠵᠢᠩᠬᠢᠨᠢ ᠰᠠᠯᠠᠭᠠᠨ ᠤ ᠳᠡᠰ᠃ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠤᠳᠤ 5 ᠠᠯᠪᠠᠨ ᠭᠡᠷ ᠭᠠᠷᠭᠠᠵᠤ᠂ ᠲᠤᠰᠪᠤᠷᠢ᠄ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠂ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠂ ᠬᠤᠳᠠ ᠶᠢᠨ ᠬᠠᠮᠢᠶᠠᠷᠤᠯᠲᠠ ᠶᠢᠨ ᠠᠯᠪᠠᠨ ᠭᠡᠷ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠪᠣᠯᠤᠨ᠎ᠠ᠂ ᠳᠣᠣᠷ᠎ᠠ ᠨᠢ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠪᠤᠢ᠃     ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠄ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ ᠤᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠬᠤᠷᠠᠯ᠂ ᠪᠢᠴᠢᠭ ᠬᠠᠷ᠎ᠠ᠂ ᠨᠢᠭᠤᠴᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ ᠲᠠᠩᠰᠠ ᠡᠪᠬᠡᠮᠡᠯ᠂ ᠬᠠᠤᠯᠢ ᠲᠦᠷᠢᠮ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢᠵᠢᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠡᠳ᠋ ᠬᠥᠷᠥᠩᠭᠡ ᠶᠢᠨ ᠬᠠᠮᠢᠶᠠᠷᠤᠯᠲᠠ ᠶᠢ ᠪᠠᠭᠲᠠᠭᠠᠨ᠎ᠠ︔ ᠲᠠᠭᠠᠭᠠᠨ ᠡᠭᠦᠷᠭᠡᠯᠡᠭᠴᠢ ᠶᠢᠨ ᠶᠡᠭᠡ ᠬᠤᠷᠠᠯ ᠤᠨ ᠠᠯᠪᠠᠨ ᠬᠡᠷ ᠤᠨ ᠠᠵᠢᠯ᠂ ᠬᠠᠷᠢᠶ᠎ᠠ ᠣᠷᠣᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠲᠠᠢ ᠬᠠᠷᠢᠯᠴᠠᠨ᠎ᠠ︔ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠵᠦᠪᠯᠡᠯ ᠤᠨ ᠬᠠᠮᠢᠶ᠎ᠠ ᠪᠥᠬᠦᠶ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ︔ ᠵᠡᠭᠡᠯᠢ ᠭᠤᠳᠤᠮᠵᠢ ᠶᠢᠨ ᠠᠷᠠᠳ ᠤᠨ ᠵᠡᠪᠰᠡᠭᠲᠦ ᠬᠦᠴᠦᠨ ᠤ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ︔ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ ᠤᠨ ᠰᠢᠢᠳᠪᠦᠷᠢᠲᠦ ᠪᠣᠳᠣᠯᠭ᠎ᠠ ᠲᠣᠭᠲᠠᠭᠠᠵᠤ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃  ︵ᠬᠤᠶᠠᠷ︶ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠄ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠣᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠵᠤ᠂ ᠬᠠᠷᠢᠶ᠎ᠠ ᠣᠷᠣᠨ ᠤ ᠡᠯ᠎ᠡ ᠱᠠᠲᠤᠨ ᠤ ᠨᠠᠮ ᠤᠨ ᠲᠥᠯᠥᠭᠡᠯᠡᠭᠴᠢᠳ ᠲᠠᠢ ᠬᠠᠷᠢᠯᠴᠠᠨ᠎ᠠ︔ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ︔ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃    ︵ᠭᠤᠷᠪᠠ︶ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠄ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠵᠢᠴᠢ ᠡᠮᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠬᠠᠷᠢᠭᠤᠴᠠᠨ᠎ᠠ᠃    ︵ᠲᠦᠷᠪᠡ︶ ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ᠄ ᠬᠠᠷᠢᠶ᠎ᠠ ᠣᠷᠣᠨ ᠤ ᠳᠣᠲᠣᠷᠠᠬᠢ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠢᠵᠢᠭ ᠲᠣᠭᠤᠷᠢᠭ ᠤᠨ ᠠᠳᠠᠯ ᠠᠬᠤᠶ᠂ ᠣᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ︔ ᠵᠡᠭᠡᠯᠢ ᠭᠤᠳᠤᠮᠵᠢ ᠶᠢᠨ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠰᠦᠪ ᠢ ᠬᠢᠨᠠᠬᠤ ᠰᠤᠷᠭᠠᠭᠤᠯᠢ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠢ ᠬᠠᠷᠢᠭᠤᠴᠠᠨ᠎ᠠ︔ ᠬᠠᠷᠢᠶ᠎ᠠ ᠣᠷᠣᠨ ᠤ ᠳᠣᠲᠣᠷᠠᠬᠢ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠬᠠᠷᠢᠭᠤᠴᠠᠨ᠎ᠠ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ︔ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠢ ᠰᠡᠷᠭᠡᠶᠢᠯᠡᠬᠦ ᠪᠠ ᠪᠣᠯᠪᠠᠰᠤᠨ ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ︔ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠬᠠᠭᠤᠴᠢᠨ ᠵᠢᠵᠢᠭ ᠲᠣᠭᠤᠷᠢᠭ ᠢ ᠴᠡᠭᠴᠡᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ︔ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠤ ᠠᠵᠢᠯ ᠢ ᠬᠠᠷᠢᠭᠤᠴᠠᠨ᠎ᠠ᠃    ︵ᠲᠠᠪᠤ︶ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠵᠡᠭᠡᠯᠢ ᠭᠤᠳᠤᠮᠵᠢ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ︔ ᠲᠣᠣᠷᠵᠢᠯ ᠤᠨ ᠠᠵᠢᠯ ᠢ ᠬᠠᠷᠢᠭᠤᠴᠠᠨ᠎ᠠ᠃    ᠬᠠᠶᠢᠷᠤᠪ ᠤᠨ ᠲᠣᠬᠤᠢ ᠲᠣᠭᠤᠷᠢᠭ ᠤᠨ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠳᠡᠳ᠋ ᠰᠠᠯᠠᠭᠠᠨ ᠤ ᠲᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠶᠢ 1 ᠲᠣᠬᠢᠷᠠᠭᠤᠯᠪᠠ᠂ ᠲᠤᠬᠠᠶᠢᠯᠠᠪᠠᠯ᠄ ᠨᠠᠮ ᠪᠠ ᠣᠯᠠᠨ ᠲᠦᠮᠡᠨ ᠤ ᠤᠶᠢᠯᠡᠴᠢᠯᠡᠭᠡᠨ ᠤ ᠲᠥᠪ ︵ᠠᠷᠠᠳ ᠲᠤ ᠳᠥᠭᠦᠮ ᠦᠵᠡᠭᠦᠯᠬᠦ ᠤᠶᠢᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠤᠨ ᠤᠶᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠭᠠᠵᠠᠷ ᠤᠨ ᠫᠠᠶᠢᠰᠠ︶ 1 ᠪᠣᠶ᠃    ᠬᠠᠶᠢᠷᠤᠪ ᠤᠨ ᠲᠣᠬᠤᠢ ᠲᠣᠭᠤᠷᠢᠭ ᠤᠨ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠨᠠᠮ ᠪᠠ ᠣᠯᠠᠨ ᠲᠦᠮᠡᠨ ᠤ ᠤᠶᠢᠯᠡᠴᠢᠯᠡᠭᠡᠨ ᠤ ᠲᠥᠪ ᠤᠨ ᠭᠤᠤᠯ ᠡᠭᠦᠷᠭᠡ ᠬᠠᠷᠢᠭᠤᠴᠠᠯᠭ᠎ᠠ᠄ ᠨᠠᠮ ᠤᠨ ᠭᠡᠰᠢᠭᠦᠨ ᠣᠯᠠᠨ ᠲᠦᠮᠡᠨ ᠤ ᠤᠶᠢᠯᠡᠴᠢᠯᠡᠭᠡᠨ ᠤ ᠵᠦᠢᠯ ᠤᠨ ᠪᠦᠬᠦᠯᠢ ᠴᠣᠭᠴᠠ ᠶᠢᠨ ᠲᠣᠬᠢᠷᠠᠭᠤᠯᠤᠯᠲᠠ᠂ ᠲᠣᠬᠢᠷᠠᠭᠤᠯᠤᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠤᠶᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠨᠠᠮ ᠪᠠ ᠣᠯᠠᠨ ᠲᠦᠮᠡᠨ ᠤ ᠤᠶᠢᠯᠡᠴᠢᠯᠡᠭᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠤᠨ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ︔ ᠶᠡᠷᠦᠩᠬᠡᠶᠢᠯᠡᠨ ᠠᠷᠠᠳ ᠲᠤ ᠲᠥᠬᠦᠮ ᠦᠵᠡᠭᠦᠯᠬᠦ ᠬᠢᠨᠠᠨ ᠵᠥᠪᠰᠢᠶᠡᠷᠡᠬᠦ ᠤᠶᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠤᠶᠢᠯᠡᠰ ᠴᠣᠭᠴᠠᠯᠠᠬᠤ ᠶᠢ ᠲᠡᠳᠬᠦᠬᠦ᠂ ᠠᠰᠠᠷᠠᠨ ᠲᠡᠳᠬᠦᠵᠦ ᠬᠠᠪᠰᠤᠷᠤᠨ ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ︔ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ︔ ᠰᠢᠶᠠᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠪᠠ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠭᠤᠷᠪᠠ᠂ ᠠᠵᠢᠯᠯᠠᠬᠤ ᠬᠠᠶ᠋ᠢᠭ᠄ ᠬᠠᠢ ᠳ᠋ᠠ ᠪᠠᠷᠠᠭᠤᠨ ᠵᠡᠭᠡᠯᠢ ᠶᠢᠨ 2 — 1 ᠳ᠋ᠦ᠋ᠭᠡᠷ ᠲᠣᠭᠠᠲᠤ    ᠳᠥᠷᠪᠡ᠂ ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00᠂ 15᠄ 00-18:00    ᠲᠠᠪᠤ᠂ ᠬᠠᠷᠢᠯᠴᠠᠬᠤ ᠠᠷᠭ᠎ᠠ ᠬᠡᠯᠪᠡᠷᠢ᠄ 0473—2080949    ᠵᠢᠷᠭᠤᠭ᠎ᠠ᠂ ᠬᠠᠷᠢᠭᠤᠴᠠᠯᠭᠠᠲᠠᠨ᠄ ᠾᠧ ᠬᠠᠶ ᠶᠦᠨ     
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号