ᠦᠨᠳᠤᠰᠤᠲᠠᠨ ᠤ ᠭᠡᠷᠡᠭ ᠡᠷᠬᠢᠯᠡᠬᠦ ᠵᠦᠪᠯᠡᠯ
ᠨᠡᠶᠢᠲᠡᠯᠡᠭᠰᠡᠨ ᠴᠠᠭ᠄
2024/5/10
    ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠤᠷᠢ    ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠪᠣᠯᠤᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠣᠭᠤᠷᠢᠭ ᠤᠨ ᠲᠣᠰ ᠱᠠᠲᠤᠨ ᠤ ᠬᠤᠯᠪᠣᠭᠳᠠᠯ ᠪᠦᠬᠦᠢ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠨ᠎ᠠ᠃ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠦᠨᠳᠦᠰᠦᠲᠡᠨ ᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠴᠢᠬᠤᠯᠠ ᠶᠡᠭᠡ ᠶᠠᠪᠤᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃   ︵ᠬᠤᠶᠠᠷ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠵᠢᠯᠣᠭᠤᠳᠴᠤ᠂ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠳᠠᠬᠢ ᠴᠢᠬᠤᠯᠠ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠤᠨ ᠤᠴᠢᠷ ᠶᠠᠪᠤᠳᠠᠯ ᠢ ᠬᠢᠨᠠᠵᠤ ᠰᠢᠢᠳᠪᠦᠷᠢᠯᠡᠨ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠲᠤᠭᠤᠷᠢᠭ ᠤᠨ ᠲᠤᠰ ᠱᠠᠲᠤᠨ ᠤ ᠨᠡᠶᠢᠭᠡᠮ ᠤᠨ ᠲᠣᠭᠲᠠᠭᠤᠨ ᠤ ᠠᠵᠢᠯ ᠢ ᠵᠣᠬᠢᠴᠠᠭᠤᠯᠬᠤ ᠳᠤ ᠣᠷᠣᠯᠴᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃   ︵ᠭᠤᠷᠪᠠ︶ ᠴᠥᠭᠡᠨ ᠲᠣᠭᠠᠲᠤ ᠦᠨᠳᠦᠰᠦᠲᠡᠨ ᠤ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠣᠨᠴᠣᠭᠤᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠦᠨᠳᠦᠰᠦᠲᠡᠨ ᠤ ᠠᠵᠢᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠣᠬᠢᠴᠠᠭᠤᠯᠤᠨ ᠰᠢᠮᠳᠠᠭᠤᠯᠵᠤ᠂ ᠠᠵᠤ ᠠᠬᠤᠶ ᠶᠢᠨ ᠬᠥᠭᠵᠢᠯᠲᠡ ᠪᠣᠯᠤᠨ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠪᠠ ᠵᠣᠯᠭᠠᠭᠤᠯᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ ᠪᠠ ᠠᠵᠤ ᠠᠬᠤᠶ ᠮᠡᠷᠭᠡᠵᠢᠯ ᠤᠨ ᠬᠠᠮᠲᠤᠷᠠᠯᠴᠠᠭ᠎ᠠ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠨ ᠤ ᠬᠡᠷᠡᠭᠰᠡᠯ ᠢ ᠦᠢᠯᠡᠳᠪᠦᠷᠢᠯᠡᠬᠦ ᠵᠡᠷᠭᠡ ᠠᠵᠢᠯ ᠢ ᠵᠣᠬᠢᠴᠠᠭᠤᠯᠬᠤ ᠳᠤ ᠣᠷᠣᠯᠴᠠᠵᠤ᠂ ᠯᠠᠯᠤ ᠶᠢᠨ ᠢᠳᠡᠭᠡᠨ ᠤ ᠬᠠᠮᠢᠶᠠᠷᠤᠯᠲᠠ ᠶᠢ ᠡᠭᠦᠷᠭᠡᠯᠡᠨ᠎ᠡ᠃ ᠪᠠᠯᠭᠠᠰᠤ᠂ ᠵᠡᠭᠡᠯᠢ ᠭᠤᠳᠤᠮᠵᠢ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠦᠨᠳᠦᠰᠦᠲᠡᠨ ᠤ ᠠᠵᠢᠯ ᠪᠣᠯᠤᠨ ᠮᠣᠩᠭᠤᠯ ᠬᠡᠯᠡ ᠪᠢᠴᠢᠭ ᠤᠨ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠨ᠎ᠡ᠃   ︵ᠲᠦᠷᠪᠡ︶ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠵᠡᠷᠭᠡ ᠲᠤᠰᠬᠠᠶ ᠵᠦᠢᠯ ᠤᠨ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠲᠤᠭᠤᠷᠢᠭ ᠤᠨ ᠲᠤᠰ ᠱᠠᠲᠤᠨ ᠤ ᠠᠵᠤ ᠠᠬᠤᠶ ᠨᠡᠶᠢᠭᠡᠮ ᠤᠨ ᠬᠠᠮᠢᠶ᠎ᠠ ᠪᠦᠬᠦᠢ ᠬᠦᠷᠢᠶᠡᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠰᠢᠰᠲ᠋ᠧᠮ ᠢ ᠵᠣᠬᠢᠴᠠᠭᠤᠯᠤᠨ ᠪᠠᠶᠢᠭᠤᠯᠬᠤ ᠪᠠ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠡᠷᠬᠢᠯᠡᠬᠦ ᠦᠢᠯᠡᠴᠢᠯᠡᠭᠡᠨ ᠤ ᠰᠢᠰᠲ᠋ᠧᠮ ᠪᠣᠯᠤᠨ ᠦᠨᠳᠦᠰᠦᠲᠡᠨ ᠤ ᠬᠡᠷᠡᠭ ᠡᠷᠬᠢᠯᠡᠬᠦ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃   ︵ᠲᠠᠪᠤ︶ ᠪᠠᠯᠭᠠᠰᠤ᠂ ᠵᠡᠭᠡᠯᠢ ᠭᠤᠳᠤᠮᠵᠢ ᠶᠢᠨ ᠦᠨᠳᠦᠰᠦᠲᠡᠨ ᠤ ᠬᠡᠷᠡᠭ ᠡᠷᠬᠢᠯᠡᠬᠦ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ ᠭᠦᠢᠴᠡᠳᠬᠡᠬᠦ ᠶᠢ ᠵᠢᠯᠣᠭᠤᠳᠴᠤ᠂ ᠴᠥᠭᠡᠨ ᠲᠣᠭᠠᠲᠤ ᠦᠨᠳᠦᠰᠦᠲᠡᠨ ᠤ ᠰᠤᠷᠤᠯᠴᠠᠬᠤ᠂ ᠲᠣᠭᠤᠷᠢᠨ ᠦᠵᠡᠬᠦ᠂ ᠰᠢᠨᠵᠢᠯᠡᠨ ᠪᠠᠶᠢᠴᠠᠭᠠᠬᠤ ᠵᠡᠷᠭᠡ ᠶᠠᠪᠤᠳᠠᠯ ᠢ ᠵᠣᠬᠢᠶᠠᠨ ᠪᠠᠶᠢᠭᠤᠯᠤᠨ ᠬᠦᠯᠢᠶᠡᠨ ᠠᠪᠤᠨ᠎ᠠ᠃    ︵ᠵᠢᠷᠭᠤᠭ᠎ᠠ︶ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠵᠠᠪᠳᠤᠨ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠠᠵᠢᠯ ᠢ ᠬᠠᠮᠢᠶᠠᠷᠤᠨ᠎ᠠ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠪᠠ ᠦᠨᠳᠦᠰᠦᠲᠡᠨ ᠤ ᠡᠷᠲᠡᠨ ᠤ ᠨᠣᠮ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠭᠦᠯᠬᠦ ᠠᠵᠢᠯ ᠢ ᠵᠢᠯᠣᠭᠤᠳᠤᠨ᠎ᠠ᠃   ︵ᠳᠤᠯᠤᠭ᠎ᠠ︶ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠬᠤᠯᠪᠣᠭᠳᠠᠯ ᠪᠦᠬᠦᠢ ᠭᠠᠳᠠᠭᠠᠳᠤ ᠪᠠ ᠰᠢᠶᠠᠩᠭᠠᠩ ᠣᠣᠮᠧᠨ ᠲᠠᠶᠢᠸᠠᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ ᠭᠠᠳᠠᠭᠠᠳᠤ ᠤᠬᠠᠭᠤᠯᠭ᠎ᠠ ᠶᠢᠨ ᠠᠵᠢᠯ ᠳᠤ ᠣᠷᠣᠯᠴᠠᠨ᠎ᠠ᠃   ︵ᠨᠠᠢᠮᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠦᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃   ︵ᠶᠢᠰᠦ︶ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ    ᠬᠠᠶᠢᠷᠤᠪ ᠤᠨ ᠲᠤᠬᠤᠢ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠣᠯ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠵᠢᠩᠬᠢᠨᠢ ᠰᠠᠯᠠᠭ᠎ᠠ ᠶᠢᠨ ᠳᠡᠰ ᠲᠤ ᠬᠠᠶᠢᠷᠤᠪ ᠤᠨ ᠲᠤᠬᠤᠢ ᠲᠣᠭᠤᠷᠢᠭ ᠤᠨ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠤᠨ ᠫᠠᠶᠢᠰᠠ ᠡᠯᠭᠦᠵᠦ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠤᠳᠤᠷᠢᠳᠤᠯᠭ᠎ᠠ ᠳᠤ ᠬᠠᠷᠢᠶᠠᠯᠠᠭᠤᠯᠪᠠ᠃ ᠳᠣᠲᠣᠭᠠᠳᠤ ᠪᠠᠶᠢᠭᠤᠯᠤᠮᠵᠢ ᠪᠠᠶᠢᠬᠤ ᠦᠭᠡᠢ᠃     ᠭᠤᠷᠪᠠ᠂ ᠠᠵᠢᠯᠯᠠᠬᠤ ᠬᠠᠶᠢᠭ     ᠠᠯᠪᠠᠨ ᠭᠡᠷ᠄ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 138 ᠭᠡᠷ    ᠬᠡᠷᠡᠭ ᠡᠷᠬᠢᠯᠡᠬᠦ ᠴᠣᠩᠬᠤ᠄ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠤᠨ ᠬᠠᠶᠢᠷᠤᠪ ᠤᠨ ᠲᠣᠬᠤᠢ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠴᠣᠩᠬᠤ    ᠳᠥᠷᠪᠡ᠂ ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00᠂ 15᠄ 00-1800    ᠲᠠᠪᠤ᠂ ᠬᠠᠷᠢᠯᠴᠠᠬᠤ ᠠᠷᠭ᠎ᠠ ᠮᠠᠶ᠋ᠢᠭ    ᠠᠯᠪᠠᠨ ᠬᠡᠷ ᠤᠨ ᠤᠲᠠᠰᠤ᠄ 0473 - 2059559    ᠬᠡᠷᠡᠭ ᠡᠷᠬᠢᠯᠡᠬᠦ ᠴᠣᠩᠬᠤᠨ ᠤ ᠤᠲᠠᠰᠤ᠄ 0473 - 3891009    ᠵᠢᠷᠭᠤᠭ᠎ᠠ᠂ ᠬᠠᠷᠢᠭᠤᠴᠠᠯᠭᠠᠲᠠᠨ ᠤ ᠣᠪᠣᠭ ᠨᠡᠷ᠎ᠡ᠄ ᠸᠧᠶ ᠵᠢᠶᠠᠨ ᠷᠦᠩ   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号